2026-11-04 11:18:46
ᠥᠩᠭᠡᠷᠡᠭᠰᠡᠨ ᠲᠠᠪᠤᠨ ᠵᠢᠯ᠎ᠳᠦ ᠰᠢᠯᠢ ᠵᠢᠨ ᠭᠤᠤᠯ ᠠᠢᠮᠠᠬ᠎ᠤᠨ ᠠᠪᠠᠭ᠎ᠠ ᠬᠣᠰᠢᠭᠤ ᠣᠯᠠᠨ ᠲᠦᠮᠡᠨ᠎ᠦ ᠪᠠᠴᠢᠮ ᠲᠤᠯᠭᠠᠮ ᠬᠦᠴᠢᠷᠳᠡᠯ᠎ᠢ ᠬᠦᠴᠦ ᠲᠠᠯᠪᠢᠨ ᠰᠢᠢᠳᠪᠦᠷᠢᠯᠡᠵᠦ᠂ ᠨᠡᠶ᠋ᠢᠭᠡᠮ᠎ᠦᠨ ᠪᠠᠲᠤᠯᠠᠭ᠎ᠠ᠎ᠵᠢ ᠲᠡᠭᠦᠯᠳᠡᠷᠵᠢᠭᠦᠯᠦᠨ ᠰᠠᠭᠤᠷᠢ ᠵᠢ ᠪᠡᠬᠢᠵᠢᠭᠦᠯᠬᠦ᠂ ᠠᠵᠢᠯ ᠣᠯᠭᠣᠵᠤ ᠣᠷᠣᠯᠭ᠎ᠠ᠎ᠶᠢ ᠨᠡᠮᠡᠭᠳᠡᠭᠦᠯᠬᠦ᠌᠂ ᠵᠠᠮ ᠬᠠᠷᠢᠯᠴᠠᠭ᠎ᠠ ᠵᠢ ᠲᠦᠭᠦᠮ ᠲᠦᠳᠡ ᠪᠤᠯᠭᠠᠬᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠨᠦᠬᠦᠴᠡᠯ᠎ᠢ ᠰᠠᠢᠵᠢᠷᠠᠭᠤᠯᠬᠤ᠂ ᠬᠣᠲᠠ ᠬᠥᠳᠡᠭᠡ᠎ᠶᠢᠨ ᠤᠷᠴᠢᠨ ᠲᠤᠭᠤᠷᠢᠨ᠎ᠢ ᠭᠤᠶᠤᠵᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ᠌ ᠶᠠᠪᠤᠳᠠᠯ ᠪᠣᠯᠭᠠᠨ᠎ᠢ ᠨᠠᠶ᠋ᠢᠳᠠᠪᠤᠷᠢᠵᠢᠭᠤᠯᠤᠭᠠᠳ ᠦᠷ᠎ᠡ ᠪᠦᠲᠦᠮᠵᠢ ᠭᠠᠷᠭᠠᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠦᠷᠲᠡᠭᠡᠪᠡ᠃
ᠠᠪᠠᠭ᠎ᠠ ᠬᠣᠰᠢᠭᠤ ᠪᠦᠬᠦ᠌ ᠠᠷᠠᠳ᠎ᠢᠶᠠᠷ᠎ᠢᠶᠠᠨ ᠳᠠᠭᠠᠳᠬᠠᠯ᠎ᠳᠤ ᠣᠷᠣᠯᠴᠠᠬᠤ ᠲᠥᠯᠥᠪᠯᠡᠭᠡ᠎ᠶᠢ ᠬᠡᠷᠡᠭᠵᠢᠭᠦᠯᠵᠦ᠍᠂ ᠰᠢᠨ᠎ᠡ ᠪᠡᠷ 4872 ᠬᠥᠮᠦᠨ ᠠᠮᠠ ᠵᠢ ᠨᠠᠰᠤᠵᠢᠯ᠎ᠤᠨ ᠳᠠᠭᠠᠳᠬᠠᠯ᠎ᠳᠤ ᠣᠷᠣᠭᠤᠯᠵᠦ᠂ ᠨᠡᠶ᠋ᠢᠲᠡ ᠤᠷᠤᠯᠴᠠᠭᠰᠠᠨ ᠬᠦᠮᠦᠨ᠎ᠤ ᠲᠤᠭ᠎ᠠ 32105 ᠬᠥᠮᠦᠨ ᠪᠤᠯᠪᠠ᠃ ᠨᠠᠰᠤᠵᠢᠯ᠎ᠤᠨ ᠠᠰᠠᠷᠠᠮᠵᠢ᠎ᠶᠢᠨ ᠬᠠᠷᠠᠭᠠᠯᠵᠠᠯ ᠭᠥᠷᠳᠡᠵᠦ᠍ ᠪᠠᠶ᠋ᠢᠭ᠎ᠠ 12117 ᠬᠦᠮᠦᠨ᠎ᠤ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ ᠴᠠᠭ ᠲᠤᠬᠠᠶ᠎ᠳᠤᠨᠢ ᠲᠣᠭ᠎ᠠ ᠶᠣᠰᠣᠭᠠᠷ ᠣᠯᠭᠣᠵᠤ᠂ ᠨᠡᠶ᠋ᠢᠲᠡ 16.51 ᠳ᠋ᠦᠩᠰᠢᠭᠤᠷ ᠲᠥᠭᠥᠷᠢᠭ ᠲᠦᠭᠡᠭᠡᠵᠠᠢ᠃ ᠲᠥᠷᠥ᠎ᠶᠢᠨ ᠪᠣᠳᠣᠯᠭ᠎ᠠ᠎ᠶᠢ ᠬᠦᠴᠢᠷᠳᠡᠯᠲᠡᠶ ᠬᠥᠮᠦᠰ ᠳᠠᠢᠰᠢ ᠬᠡᠯᠪᠡᠶ᠋ᠢᠯᠭᠡᠵᠦ᠍᠂ 5048 ᠬᠥᠮᠦᠨ ᠤᠳᠠᠭᠠᠨ᠎ᠤ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ 61.51 ᠲᠦᠮᠡᠨ ᠲᠥᠭᠥᠷᠢᠭ ᠣᠷᠣᠯᠠᠨ ᠲᠤᠰᠢᠶᠠᠪᠠ᠃ᠵᠠᠷᠤᠳᠠᠯ᠎ᠤᠨ ᠮᠦᠡᠭᠭᠦ᠎ᠶᠢ ᠪᠠᠭᠤᠷᠠᠭᠤᠯᠬᠤ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠤᠨ᠂ 463 ᠠᠵᠤ ᠠᠬᠤᠶ᠋ᠢᠯᠠᠯ᠎ᠤᠨ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠢ 344 ᠲᠦᠮᠡᠨ ᠲᠥᠭᠥᠷᠢᠭ ᠬᠠᠰᠤᠵᠤ ᠬᠡᠯᠲᠦᠷᠢᠭᠦᠯᠦᠭᠰᠡᠨ ᠪᠠᠢᠨ᠎ᠠ᠃
ᠬᠢᠯᠢ ᠬᠢᠵᠠᠭᠠᠷ ᠤᠷᠤᠨ᠎ᠤ ᠮᠠᠯᠵᠢᠬᠤ ᠣᠷᠣᠨ᠎ᠤ ᠪᠣᠳᠠᠲᠤ᠌ ᠪᠠᠶ᠋ᠢᠳᠠᠯ ᠡᠴᠡ ᠡᠭᠦᠰᠦᠨ ᠭᠠᠴᠠᠭᠠᠨ᠎ᠤ ᠬᠠᠮᠲᠤ᠎ᠶᠢᠨ ᠠᠵᠤ ᠠᠬᠤᠶ᠎ᠶᠢᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠵᠠᠭᠪᠤᠷ᠎ᠢ ᠬᠠᠶ᠋ᠢᠨ ᠰᠦᠪᠡᠭᠴᠢᠯᠡᠵᠦ᠍᠂ 7 ᠰᠤᠮᠤ ᠪᠠᠯᠭᠠᠰᠤᠨ᠎ᠤ 18 ᠭᠠᠴᠠᠭᠠᠨ᠎ᠳᠤ 9.09 ᠲᠦᠮᠡᠨ ᠲᠥᠭᠥᠷᠢᠭ᠎ᠦᠨ ᠨᠥᠬᠥᠪᠥᠷᠢ ᠮᠥᠩᠭᠥ᠎ᠶᠢ ᠨᠠᠶ᠋ᠢᠳᠠᠪᠤᠷᠢᠵᠢᠭᠤᠯᠪᠠ᠂ ᠡᠭᠦᠨ᠎ᠳᠦ 10 ᠬᠢᠯᠢ᠎ᠶᠢᠨ ᠭᠠᠴᠠᠭᠠᠨ᠎ᠳᠤ 4.3 ᠲᠦᠮᠡᠨ ᠲᠥᠭᠥᠷᠢᠭ ᠨᠠᠶ᠋ᠢᠳᠠᠪᠤᠷᠢᠵᠢᠭᠤᠯᠵᠤ᠂ 700 ᠨᠡᠷᠡᠰ ᠬᠢᠯᠢ᠎ᠶᠢᠨ ᠣᠯᠠᠨ ᠲᠦᠮᠡᠨ᠎ᠳᠦ ᠠᠰᠢᠭ ᠬᠦᠷᠲᠡᠭᠡᠪᠡ᠃ ᠲᠠᠪᠤᠨ ᠵᠢᠯ᠎ᠦᠨ ᠲᠤᠷᠰᠢ ᠡᠯ᠎ᠡ ᠲᠥᠷᠥᠯ᠎ᠦᠨ ᠠᠪᠤᠷᠠᠨ ᠲᠤᠰᠠᠯᠠᠬᠤ ᠨᠥᠬᠥᠪᠥᠷᠢ ᠮᠦᠡᠭᠭᠦ᠎ᠶᠢ ᠨᠡᠶ᠋ᠢᠲᠡ 7572 ᠲᠦᠮᠡᠨ ᠲᠥᠭᠥᠷᠢᠭ ᠲᠦᠭᠡᠭᠡᠭᠰᠡᠨ ᠪᠠᠢᠨ᠎ᠠ᠃
ᠠᠪᠠᠭ᠎ᠠ ᠬᠣᠰᠢᠭᠤ ᠤᠯᠠᠨ ᠲᠦᠮᠡᠨ᠎ᠦ ᠬᠡᠷᠡᠭᠴᠡᠭᠡ᠎ᠪᠡᠷ ᠭᠣᠣᠯᠳᠠᠭᠤᠯᠵᠤ᠂ ᠨᠥᠬᠥᠪᠥᠷᠢ ᠤᠯᠭᠤᠨ ᠪᠣᠯᠪᠠᠰᠤᠷᠠᠯ ᠬᠦᠷᠲᠡᠭᠡᠵᠦ᠂ ᠦᠢᠯᠡᠰ ᠪᠤᠰᠬᠠᠬᠤ᠎ᠶᠢ ᠲᠡᠳᠬᠦᠨ ᠲᠡᠮᠵᠢᠵᠦ᠂ ᠨᠡᠢ᠌ᠳᠡ 2 ᠲᠦᠮᠡ ᠭᠠᠷᠤᠢ ᠠᠵᠢᠯ᠎ᠤᠨ ᠪᠠᠶ᠋ᠢᠷᠢ ᠭᠠᠷᠭᠠᠨ᠂ ᠲᠠᠪᠤᠨ ᠵᠢᠯ᠎ᠳᠦ ᠬᠤᠳᠠ ᠪᠠᠯᠭᠠᠰᠤᠨ᠎ᠤ 3653 ᠬᠥᠮᠦᠨ᠎ᠳᠦ ᠰᠢᠨ᠎ᠡ᠎ᠪᠡᠷ ᠠᠵᠢᠯ ᠣᠯᠭᠣᠪᠠ᠃ ᠠᠮᠢᠳᠤᠯᠢᠭ ᠴᠢᠯᠦᠭᠡᠲᠡᠢ ᠠᠵᠢᠯ ᠣᠯᠭᠣᠯᠲᠠ᠎ᠶᠢᠨ ᠨᠡᠶ᠋ᠢᠭᠡᠮ᠎ᠦᠨ ᠪᠠᠲᠤᠯᠠᠭ᠎ᠠ᠎ᠶᠢᠨ ᠨᠥᠬᠥᠪᠥᠷᠢ᠎ᠶᠢ 1135.7 ᠲᠦᠮᠡᠨ ᠲᠥᠭᠥᠷᠢᠭ ᠲᠦᠭᠡᠭᠡᠨ᠂ 1857 ᠬᠥᠮᠦᠨ᠎ᠳᠦ ᠠᠰᠢᠭ ᠬᠦᠷᠲᠡᠭᠡᠵᠦ᠍᠂ 717 ᠠᠵᠢᠯ ᠤᠯᠬᠤ᠎ᠳᠤ ᠬᠦᠴᠢᠷᠲᠡᠶ ᠬᠥᠮᠦᠰ᠎ᠢ ᠬᠠᠪᠰᠤᠷᠤᠨ ᠠᠵᠢᠯ ᠣᠯᠭᠣᠪᠠ᠃ ᠨᠡᠶ᠋ᠢᠲᠡ 2762 ᠮᠠᠯᠴᠢᠨ᠎ᠤ ᠭᠠᠳᠠᠭᠰᠢ ᠭᠠᠷᠴᠤ᠌ ᠬᠥᠯᠥᠰᠥᠨ ᠠᠵᠢᠯ ᠬᠢᠬᠦ ᠪᠤᠶᠤ ᠲᠣᠰ ᠭᠠᠵᠠᠷ᠎ᠲᠠᠭᠠᠨ ᠣᠷᠣᠯᠭ᠎ᠠ᠎ᠪᠠᠨ ᠨᠡᠮᠡᠭᠳᠡᠭᠦᠯᠬᠦ᠌᠎ᠶᠢ ᠠᠬᠢᠭᠤᠯᠪᠠ᠃ ᠬᠣᠲᠠ ᠪᠠᠯᠭᠠᠰᠤᠨ᠎ᠤ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠢ 769 ᠬᠥᠮᠦᠨ ᠤᠳᠠᠭ᠎ᠠ ᠬᠦᠷᠳᠡᠭᠡᠵᠦ᠂ ᠮᠠᠯᠴᠢᠳ᠎ᠲᠦ 1036 ᠬᠥᠮᠦᠨ ᠤᠳᠠᠭᠠᠨ᠎ᠤ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯᠬᠦᠷᠲᠡᠭᠡᠪᠠ᠃ ᠵᠠᠯᠠᠭᠤᠴᠤᠳ᠎ᠤᠨ ᠦᠢᠯᠡᠰ ᠪᠤᠰᠬᠠᠬᠤ ᠬᠦᠷᠢᠶᠡᠯᠡᠩ᠎ᠳᠦ 75 ᠦᠢᠯᠡᠰ ᠪᠤᠰᠬᠠᠬᠰᠠᠨ ᠪᠣᠳᠠᠲᠤ᠌ ᠴᠣᠭᠴᠠ ᠵᠢ ᠤᠷᠤᠭᠤᠯᠤᠨ᠂ 415 ᠬᠥᠮᠦᠨ᠎ᠳᠦ ᠠᠵᠢᠯ ᠣᠯᠭᠣᠵᠤ᠂ ᠦᠢᠯᠡᠰ ᠪᠤᠰᠬᠠᠬᠤ ᠪᠠᠲᠤᠯᠠᠭᠠᠲᠤ᠌ ᠵᠢᠭᠡᠯᠡᠯᠭᠡ ᠵᠢ 2548.5 ᠲᠦᠮᠡᠨ ᠲᠥᠭᠥᠷᠢᠭ ᠪᠠᠭᠤᠯᠭᠠᠵᠠᠢ ᠃
ᠲᠠᠪᠤᠨ ᠵᠢᠯ᠎ᠦᠨ ᠲᠤᠷᠰᠢ ᠠᠪᠠᠭ᠎ᠠ ᠬᠣᠰᠢᠭᠤ 800 ᠭᠠᠷᠤᠢ ᠺᠢᠯᠣᠮᠧᠲᠷ ᠵᠠᠰᠠᠮᠠᠯ ᠵᠠᠮ᠎ᠢ ᠰᠢᠨ᠎ᠡ᠎ᠪᠡᠷ ᠳᠡᠪᠢᠰᠦᠭᠰᠡᠨ ᠪᠤᠶᠤ ᠵᠠᠰᠠᠨ ᠰᠡᠯᠪᠢᠵᠦ᠍᠂ G331 ᠤᠯᠤᠰ᠎ᠤᠨ ᠵᠠᠮ᠎ᠤᠨ ᠪᠡᠯᠭᠦᠳᠡᠢ ᠪᠠᠯᠭᠠᠰᠤᠨ ᠡᠴᠡ ᠷᠠᠰᠢᠶᠠᠨ ᠬᠦᠷᠬᠦ ᠬᠡᠰᠡᠭ᠂ ᠷᠠᠰᠢᠶᠠᠨ ᠡᠴᠡ ᠴᠠᠭᠠᠠᠨᠠᠭᠤᠷ ᠬᠦᠷᠬᠦ ᠬᠡᠰᠡᠭ᠂ ᠮᠠᠨᠢᠳᠤ ᠠᠭᠤᠷᠬᠠᠢ ᠡᠴᠡ ᠷᠠᠰᠢᠶᠠᠨᠪᠤᠯᠠᠭ ᠲᠤᠰ᠎ᠤᠨ ᠬᠤᠳᠳᠤᠭ ᠬᠦᠷᠬᠦ ᠵᠠᠰᠠᠮᠠᠯ ᠵᠠᠮ᠎ᠢ ᠵᠠᠯᠭᠠᠭ᠎ᠠ ᠪᠠᠷ ᠨᠡᠪᠲᠡᠷᠡᠭᠦᠯᠪᠡ᠃ 2025 ᠣᠨ᠎ᠤ ᠵᠢᠯ᠎ᠤᠨ ᠰᠡᠭᠦᠯᠴᠢ ᠪᠣᠯᠲᠠᠯ᠎ᠠ᠂ ᠪᠥᠬᠥ᠌ ᠬᠣᠰᠢᠭᠤᠨ᠎ᠤ ᠵᠠᠰᠠᠮᠠᠯ ᠵᠠᠮ᠎ᠤᠨ ᠤᠷᠳᠤ ᠵᠢᠨ ᠬᠡᠮᠵᠢᠶ᠎ᠡ 2290 ᠺᠢᠯᠣᠮᠧᠲ᠋ᠷᠲᠦ᠍ ᠬᠦᠷᠴᠦ᠍᠂ 7 ᠰᠤᠮᠤ ᠪᠠᠯᠭᠠᠰᠤᠨ᠎ᠳᠤ ᠴᠠᠷᠳᠠᠮᠠᠯ ᠵᠠᠮ ᠨᠡᠪᠲᠡᠷᠡᠵᠦ᠍᠂ 71 ᠵᠠᠰᠠᠭ ᠵᠠᠬᠢᠷᠭᠠᠨ᠎ᠤ ᠭᠠᠴᠠᠭᠠᠨ᠎ᠳᠤ ᠪᠦᠷ ᠵᠠᠰᠠᠮᠠᠯ ᠵᠠᠮ ᠨᠡᠪᠲᠡᠷᠡᠪᠡ᠃《ᠰᠤᠮᠤ ᠪᠠᠯᠭᠠᠰᠤ ᠭᠠᠴᠠᠭ᠎ᠠ ᠬᠤᠤᠰ ᠴᠢᠭᠯᠡᠯ᠎ᠳᠤ ᠰᠢᠤᠳᠠᠨ ᠪᠤᠶᠤ ᠪᠠᠷᠠᠭ᠎ᠠ ᠬᠦᠷᠭᠡᠬᠦ》 ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠢ ᠡᠬᠢᠯᠡᠭᠦᠯᠦᠨ ᠬᠢᠪᠠ᠃
ᠠᠪᠠᠭ᠎ᠠ ᠬᠣᠰᠢᠭᠤ ᠦᠩᠭᠡᠷᠡᠭᠰᠡᠨ ᠲᠠᠪᠤᠨ ᠵᠢᠯ᠎ᠳᠤ ᠨᠡᠶ᠋ᠢᠲᠡ 7436.96 ᠲᠦᠮᠡᠨ ᠲᠥᠭᠥᠷᠢᠭ᠎ᠦᠨ ᠪᠡᠯᠡ ᠮᠦᠩᠬᠦ ᠣᠷᠣᠭᠤᠯᠵᠤ᠂ 17 ᠡᠮᠴᠢᠯᠡᠭᠡᠨ᠎ᠦ ᠰᠠᠭᠤᠷᠢ ᠪᠦᠲᠦᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠵᠠᠢ᠃ ᠡᠭᠦᠨ᠎ᠳᠤ 3174.61 ᠲᠦᠮᠡᠨ ᠲᠥᠭᠥᠷᠢᠭ᠎ᠦᠨ ᠪᠡᠯᠡ ᠣᠷᠣᠭᠤᠯᠵᠤ᠂ CT᠂ ᠬᠣᠳᠣᠭᠣᠳᠣ ᠭᠡᠳᠡᠰᠦᠨ᠎ᠦ ᠲᠤᠷᠠᠨ᠂ ᠪᠤᠳᠤᠭᠲᠤ᠌ ᠬᠡᠲᠦ᠍ ᠳᠣᠯᠭᠢᠶᠠᠨ ᠵᠡᠷᠭᠡ ᠲᠣᠮᠣ ᠬᠡᠯᠪᠡᠷᠢ᠎ᠶᠢᠨ ᠲᠥᠬᠥᠭᠡᠷᠦᠮᠵᠢ᠎ᠶᠢ ᠨᠡᠮᠡᠨ ᠤᠭᠰᠠᠷᠠᠵᠠᠢ᠃ ᠡᠷᠡᠭᠦᠯ ᠬᠠᠮᠠᠭᠠᠯᠠᠯ᠎ᠤᠨ ᠮᠡᠷᠭᠡᠵᠢᠯᠲᠡᠨ᠎ᠢ 34 ᠨᠡᠷᠡᠰ ᠡᠯᠰᠡᠵᠦ᠍᠂ ᠳᠡᠭᠡᠳᠤ ᠲᠡᠰ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ 5 ᠨᠡᠷᠡᠰ ᠤᠷᠢᠨ ᠠᠪᠴᠢᠷᠠᠬᠤ᠎ᠶᠢᠨ ᠬᠠᠮᠲᠤ᠌᠂ ᠪᠡᠭᠡᠵᠢᠩ᠂ ᠬᠥᠬᠡᠬᠣᠲᠠ ᠵᠡᠷᠭᠡ ᠭᠠᠵᠠᠷ᠎ᠤᠨ ᠭᠤᠷᠪᠠᠨ ᠬᠥᠬᠡ ᠲᠡᠰ᠎ᠤᠨ ᠡᠮᠨᠡᠯᠭᠡ᠎ᠶᠢᠨ ᠬᠣᠷᠢᠶ᠎ᠠ᠎ᠯᠤᠭ᠎ᠠ ᠬᠠᠮᠲᠤᠷᠠᠨ ᠠᠵᠢᠯᠯᠠᠬᠤ ᠬᠠᠷᠢᠴᠠᠭ᠎ᠠ ᠪᠠᠢᠭᠤᠯᠵᠠᠢ᠃ ᠰᠢᠯᠢ᠎ᠶᠢᠨ ᠭᠣᠣᠯ ᠠᠶ᠋ᠢᠮᠠᠭᠲᠤ᠌ ᠬᠠᠮᠤᠭ ᠤᠷᠢᠳ ᠵᠢᠡᠷ ᠨᠢᠭᠲᠠᠷᠬᠠᠰᠠᠨ ᠬᠡᠯᠪᠡᠷᠢ᠎ᠶᠢᠨ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢ ᠪᠠᠶ᠋ᠢᠭᠤᠯᠵᠤ᠂ 7 ᠰᠤᠮᠤ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠎ᠶᠢᠨ ᠪᠠᠷᠢᠮᠵᠢᠶᠠᠵᠢᠭᠤᠯᠬᠤ ᠥᠭᠡᠷᠡᠴᠢᠯᠡᠯᠲᠡ᠎ᠶᠢ ᠪᠡᠶᠡᠯᠡᠭᠦᠯᠦᠭᠰᠡᠨ ᠪᠠᠢᠨ᠎ᠠ᠃ ᠡᠭᠦᠨ᠎ᠦ ᠬᠠᠮᠲᠤ᠌᠂ 5.4 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 169 ᠲᠥᠷᠥᠯ ᠵᠦᠢᠯ᠎ᠢ ᠬᠡᠷᠡᠭᠵᠢᠭᠦᠯᠪᠡ᠃ 121 ᠠᠦ᠋ᠲ᠋ᠣ᠋ ᠤᠰᠤ ᠲᠠᠲᠠᠬᠤ ᠲᠥᠬᠥᠭᠡᠷᠦᠮᠵᠢ᠎ᠶᠢ ᠵᠠᠰᠠᠨ ᠰᠢᠨᠡᠳᠭᠡᠵᠦ᠂ 342 ᠬᠤᠳᠳᠤᠭ ᠮᠠᠯᠲᠠᠨ᠂ 750 ᠤᠰᠤ ᠬᠠᠳᠠᠭᠠᠯᠠᠬᠤ ᠵᠣᠭᠣᠷᠢ ᠪᠠᠶ᠋ᠢᠭᠤᠯᠵᠤ᠂ 1770 ᠡᠷᠦᠬᠡ᠎ᠶᠢᠨ ᠰᠠᠯᠬᠢ ᠭᠡᠷᠡᠯ ᠬᠠᠷᠢᠯᠴᠠᠨ ᠨᠥᠬᠥᠪᠥᠷᠢᠯᠡᠬᠦ᠌ ᠴᠠᠬᠢᠯᠭᠠᠨ ᠬᠠᠩᠭᠠᠬᠤ ᠥᠭᠡᠷᠡᠴᠢᠯᠡᠯᠲᠡ᠎ᠶᠢ ᠪᠡᠶᠡᠯᠡᠭᠦᠯᠵᠦ᠍᠂ ᠨᠡᠶ᠋ᠢᠲᠡ 3241 ᠡᠷᠦᠬᠡ᠎ᠳᠦ ᠴᠠᠬᠢᠯᠭᠠᠨ ᠨᠡᠪᠲᠡᠷᠡᠭᠦᠯᠪᠡ᠃ ᠬᠣᠲᠠ᠎ᠶᠢᠨ ᠶᠠᠪᠤᠳᠠᠯ᠎ᠤᠨ ᠪᠦᠲᠦᠭᠡᠨ ᠪᠠᠶ᠋ᠢᠭᠤᠯᠤᠯᠲᠠ᠎ᠳᠤ ᠨᠡᠶ᠋ᠢᠲᠡ 2.08 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ᠌ ᠣᠷᠣᠭᠤᠯᠵᠤ᠂ ᠲᠥᠪᠯᠡᠷᠡᠩᠭᠦᠢ ᠢᠯᠴᠢ ᠬᠠᠩᠭᠠᠬᠤ ᠬᠣᠭᠣᠯᠠᠢ ᠵᠢᠨ ᠲᠣᠣᠷ᠎ᠢ 48.9 ᠺᠢᠯᠣᠮᠧᠲᠷ᠂ ᠤᠰᠤ ᠬᠠᠩᠭᠠᠬᠤ ᠬᠣᠭᠣᠯᠠᠢ ᠵᠢᠨ ᠲᠣᠣᠷ᠎ᠢ 18.5 ᠺᠢᠯᠣᠮᠧᠲᠷ ᠵᠠᠰᠠᠵᠤ ᠰᠢᠨᠡᠳᠭᠡᠨ᠂ ᠠᠮᠢᠳᠤᠷᠠᠯ᠎ᠤᠨ ᠬᠠᠶᠠᠭᠳᠠᠮᠠᠯ ᠪᠣᠳᠠᠰ᠎ᠢ ᠬᠣᠣᠷ ᠦᠭᠡᠢᠳᠡᠭᠦᠯᠦᠨ ᠬᠠᠯᠠᠭᠤᠨ ᠵᠢᠠᠷ ᠴᠡᠪᠡᠷᠰᠢᠭᠦᠯᠬᠦ ᠥᠷᠲᠡᠭᠡ᠎ᠶᠢ 6 ᠪᠠᠶ᠋ᠢᠭᠤᠯᠵᠤ᠂ ᠠᠮᠢᠳᠤᠷᠠᠯ᠎ᠤᠨ ᠬᠣᠭ ᠨᠣᠪᠰᠢ᠎ᠶᠢ ᠬᠣᠣᠷ ᠦᠭᠡᠢᠳᠡᠭᠦᠯᠦᠨ ᠰᠢ᠌ᠳᠪᠦᠷᠢᠯᠡᠭᠰᠡᠨ ᠨᠣᠷᠮ᠎ᠠ ᠵᠢ 100%᠎ᠳᠤ ᠬᠦᠷᠭᠡᠪᠡ᠃ ᠲᠤᠰ ᠬᠤᠰᠢᠭᠤᠨ᠎ᠤ 3 ᠳᠤᠮᠳᠠᠳᠤ ᠪᠠᠭ᠎ᠠ ᠰᠤᠷᠭᠠᠭᠤᠯᠢ ᠪᠦᠬᠦᠨ᠎ᠢᠶᠡᠷ᠎ᠢᠶᠡᠨ ᠠᠶ᠋ᠢᠮᠠᠭ᠎ᠤᠨ ᠲᠡᠰ᠎ᠤᠨ ᠪᠠᠷᠢᠮᠵᠢᠶᠠᠵᠢᠭᠰᠠᠨ ᠰᠤᠷᠭᠠᠭᠤᠯᠢ᠎ᠪᠠᠷ ᠦᠨᠡᠯᠡᠭᠳᠡᠵᠦ᠍᠂ ᠬᠤᠰᠢᠭᠤᠨ᠎ᠤ 2 ᠰᠢᠭᠤᠳ ᠬᠠᠷᠢᠶ᠎ᠠ ᠬᠡᠦᠬᠡᠳ᠎ᠦᠨ ᠴᠡᠴᠡᠷᠯᠢᠭ᠎ᠨᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠵᠢᠱ᠌ᠢᠶ᠎ᠡ ᠦᠵᠡᠭᠦᠯᠬᠦ᠌ ᠴᠡᠴᠡᠷᠯᠢᠭ᠎ᠤᠨ ᠪᠠᠷᠢᠮᠵᠢᠶ᠎ᠠ᠎ᠳᠤ ᠬᠦᠷᠴᠦ᠍᠂ ᠪᠦᠬᠦ᠌ ᠠᠶ᠋ᠢᠮᠠᠭ᠎ᠤᠨ ᠲᠦᠷᠦᠬᠦᠦ ᠪᠦᠯᠦᠭ᠎ᠤᠨ ᠰᠢᠶᠠᠨ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠢ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠦᠭᠰᠡᠨ 《ᠬᠣᠣᠰ ᠪᠠᠷᠢᠮᠵᠢᠶᠠᠨ᠎ᠳᠤ ᠬᠦᠷᠦᠭᠰᠡᠨ》 ᠬᠣᠰᠢᠭᠤᠨ᠎ᠤ ᠡᠩᠨᠡᠭᠡᠨ᠎ᠳᠦ ᠣᠷᠣᠪᠠ᠃
ᠲᠠᠪᠤᠨ ᠵᠢᠯ᠎ᠦᠨ ᠲᠤᠷᠰᠢ ᠠᠪᠠᠭ᠎ᠠ ᠬᠣᠰᠢᠭᠤᠨ᠎ᠤ ᠠᠷᠠᠳ᠎ᠤᠨ ᠠᠮᠢᠳᠤᠷᠠᠯ᠎ᠤᠨ ᠵᠠᠷᠤᠯᠭ᠎ᠠ 61.4 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠡᠳ᠋᠎ᠦᠨ ᠵᠠᠰᠠᠭ᠎ᠤᠨ ᠶᠡᠷᠦᠩᠬᠡᠢ ᠵᠠᠷᠤᠯᠭ᠎ᠠ᠎ᠶᠢᠨ 73% ᠡᠴᠠ ᠳᠡᠭᠡᠭᠰᠢᠬᠢ᠎ᠶᠢ ᠡᠵᠡᠯᠡᠪᠡ᠃ ᠬᠣᠲᠠ ᠬᠥᠳᠡᠭᠡ᠎ᠶᠢᠨ ᠪᠠᠶ᠋ᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶᠢᠨ ᠡᠵᠡᠮᠳᠡᠵᠦ᠍ ᠪᠣᠯᠬᠤ ᠣᠷᠣᠯᠭ᠎ᠠ ᠲᠣᠰ ᠲᠣᠰ 5 ᠲᠦᠮᠡᠨ ᠲᠥᠭᠥᠷᠢᠭ ᠪᠠ 4 ᠲᠦᠮᠡᠨ ᠲᠥᠭᠥᠷᠢᠭ᠎ᠢ ᠳᠠᠪᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃