2026-11-04 11:43:54
ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠡᠴᠡ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠣᠯᠪᠣᠭᠠᠲᠤ ᠬᠤᠷᠠᠯ ᠠ᠋ᠴᠠ ᠳᠠᠭᠠᠭᠠᠨ ᠡᠷᠭᠢᠯᠡᠭᠰᠡᠨ ᠪᠥᠬᠥ ᠣᠷᠣᠨ᠎ᠤ ᠨᠠᠮ᠎ᠤᠨ ᠪᠠᠢᠭᠤᠯᠤᠯᠲᠠ ᠪᠡᠷ ᠬᠦᠲᠦᠯᠦᠨ ᠲᠠᠭᠠᠭᠤᠯᠵᠦ 《ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ + ᠰᠠᠢᠨ ᠳᠤᠷ᠎ᠠ᠎ᠶᠢᠨ ᠦᠢᠯᠡᠴᠢᠯᠡᠭᠡ》 ᠵᠢ ᠠᠭᠤᠰᠤᠯᠴᠠᠭᠤᠯᠬᠤ ᠲᠤᠷᠰᠢᠯᠲᠠ᠎ᠶᠢᠨ ᠴᠡᠭ᠎ᠤᠨ ᠲᠥᠷᠥᠯ ᠵᠦᠢᠯ᠎ᠦᠨ ᠲᠤᠬᠠᠢᠯᠠᠭᠰᠠᠨ ᠠᠵᠢᠯ᠎ᠤᠨ ᠪᠣᠯᠪᠠᠰᠤᠷᠠᠯ ᠬᠥᠬᠡᠬᠣᠲᠠ᠎ᠳᠤ ᠶᠠᠪᠤᠬᠲᠠᠪᠠ ᠃
ᠲᠣᠰ ᠤᠳᠠᠭᠠᠨ᠎ᠤ ᠪᠣᠯᠪᠠᠰᠤᠷᠠᠯ ᠨᠢ ᠣᠨᠣᠯ ᠪᠠ ᠦᠢᠯᠡᠳᠦᠯᠭᠡ᠎ᠶᠢᠨ ᠵᠢᠯᠣᠭᠣᠳᠤᠯᠭ᠎ᠠ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ᠂ ᠲᠤᠰᠬᠠᠢ ᠰᠡᠳᠦᠪᠲᠦ ᠲᠠᠢᠯᠤᠮᠵᠢ ᠬᠢᠬᠦ᠂ ᠳᠤᠭᠤᠢᠯᠠᠩ ᠬᠤᠪᠢᠶᠠᠨ ᠶᠠᠷᠢᠯᠴᠠᠬᠤ᠂ ᠲᠤᠷᠰᠢᠯᠭ᠎ᠠ ᠪᠠᠨ ᠰᠣᠯᠢᠯᠴᠠᠬᠤ ᠵᠡᠷᠭᠡ ᠠᠭᠤᠯᠭ᠎ᠠ ᠵᠢ ᠲᠤᠬᠢᠷᠠᠭᠤᠯᠵᠠᠢ᠃ ᠪᠤᠯᠪᠠᠰᠤᠷᠠᠯ᠎ᠳᠤ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠲᠢᠶᠠᠨᠵᠢᠨ ᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠂ ᠵᠢᠶᠠᠩᠰᠢ ᠮᠤᠵᠢ᠎ᠶᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠣᠯᠪᠣᠭᠠᠲᠤ ᠬᠤᠷᠠᠯ᠂ ᠪᠡᠭᠡᠵᠢᠩ ᠬᠣᠲᠠ᠎ᠶᠢᠨ ᠡᠪᠯᠡᠯ᠎ᠦᠨ ᠰᠤᠷᠭᠠᠭᠤᠯᠢ ᠵᠡᠷᠭᠡ ᠨᠢᠭᠡᠴᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠳ᠎ᠢ ᠤᠷᠢᠵᠤ᠂ ᠨᠠᠮ᠎ᠤᠨ ᠪᠠᠢᠭᠤᠯᠤᠯᠲᠠ᠎ᠪᠠᠷ ᠬᠦᠲᠦᠯᠦᠨ ᠲᠠᠭᠠᠭᠤᠯᠵᠦ 《ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ + ᠰᠠᠢᠨ ᠳᠤᠷ᠎ᠠ᠎ᠶᠢᠨ ᠦᠢᠯᠡᠴᠢᠯᠡᠭᠡ》 ᠵᠢ ᠠᠭᠤᠰᠤᠯᠴᠠᠭᠤᠯᠬᠤ ᠲᠤᠷᠰᠢᠯᠲᠠ᠎ᠶᠢᠨ ᠴᠡᠭ᠎ᠤᠨ ᠵᠠᠭᠪᠤᠷ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠥᠷᠥᠯ ᠵᠦᠢᠯ᠎ᠦᠨ ᠪᠦᠲᠦᠭᠡᠯᠴᠢ ᠰᠡᠳᠬᠢᠮᠵᠢ ᠪᠠ ᠤᠬᠠᠭᠤᠯᠭ᠎ᠠ ᠲᠥᠰᠥᠪᠯᠡᠯ ᠵᠡᠷᠭᠡ ᠠᠭᠤᠯᠭ᠎ᠠ᠎ᠶᠢᠨ ᠲᠣᠭᠣᠷᠢᠨ᠎ᠳᠤ ᠲᠤᠰᠬᠠᠢ ᠰᠡᠳᠦᠪ᠎ᠢᠶᠡᠷ ᠬᠢᠴᠢᠶᠡᠯᠯᠡᠭᠦᠯᠪᠡ᠃ ᠡᠭᠦᠨ᠎ᠦ ᠬᠠᠮᠲᠤ ᠪᠤᠯᠪᠠᠰᠤᠷᠠᠯ᠎ᠳᠤ ᠤᠷᠤᠯᠴᠠᠬᠰᠠᠳ 《ᠨᠠᠮ᠎ᠤᠨ ᠪᠠᠢᠭᠤᠯᠤᠯᠲᠠ᠎ᠪᠠᠷ ᠬᠦᠲᠦᠯᠦᠨ ᠲᠠᠭᠠᠭᠤᠯᠵᠦ 〈ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ + ᠰᠠᠢᠨ ᠳᠤᠷ᠎ᠠ᠎ᠶᠢᠨ ᠦᠢᠯᠡᠴᠢᠯᠡᠭᠡ〉 ᠵᠢ ᠠᠭᠤᠰᠤᠯᠴᠠᠭᠤᠯᠬᠤ ᠠᠵᠢᠯ᠎ᠤᠨ ᠦᠢᠯᠡᠳᠦᠯᠭᠡ᠎ᠶᠢᠨ ᠠᠷᠭ᠎ᠠ ᠵᠠᠮ》 ᠬᠡᠬᠦ ᠭᠣᠣᠯ ᠰᠡᠳᠦᠪ᠎ᠦᠨ ᠲᠣᠭᠣᠷᠢᠨ᠎ᠳᠤ ᠳᠤᠭᠤᠢᠯᠠᠩ ᠬᠤᠪᠢᠶᠠᠨ ᠶᠠᠷᠢᠯᠴᠠᠬᠤ᠎ᠶᠢᠨ ᠬᠠᠮᠲᠤ᠂ ᠬᠡᠰᠡᠭ ᠠᠢᠮᠠᠭ ᠬᠣᠲᠠ ᠪᠠ ᠲᠤᠷᠰᠢᠯᠲᠠ᠎ᠶᠢᠨ ᠴᠡᠭ᠎ᠤᠨ ᠨᠡᠢᠭᠡᠮ ᠲᠣᠭᠣᠷᠢᠭ ᠲᠤᠷᠰᠢᠯᠭ᠎ᠠ ᠪᠠᠨ ᠰᠣᠯᠢᠯᠴᠠᠬᠤ ᠦᠭᠡ ᠬᠡᠯᠡᠵᠦ᠂ ᠪᠥᠬᠥ ᠣᠷᠣᠨ᠎ᠤ ᠠᠭᠤᠰᠤᠯᠴᠠᠭᠤᠯᠬᠤ ᠲᠤᠷᠰᠢᠯᠲᠠ᠎ᠶᠢᠨ ᠴᠡᠭ᠎ᠤᠨ ᠠᠵᠢᠯ᠎ᠤᠨ ᠡᠩᠨᠡᠭᠡ᠎ᠶᠢᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ ᠪᠠ ᠪᠣᠳᠠᠲᠤ ᠠᠵᠢᠯ᠎ᠤᠨ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠪᠡ᠃
ᠬᠤᠢᠰᠢᠳᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠡᠴᠡ ᠡᠯ᠎ᠡ ᠲᠤᠷᠰᠢᠯᠲᠠ᠎ᠶᠢᠨ ᠴᠡᠭ᠎ᠤᠨ ᠨᠡᠢᠭᠡᠮ ᠲᠣᠭᠣᠷᠢᠭ᠋᠎ᠢ ᠵᠢᠯᠣᠭᠣᠳᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠪᠣᠳᠠᠲᠠᠢ᠎ᠶᠢ ᠡᠷᠬᠢᠮᠯᠡᠭᠰᠡᠨ ᠪᠦᠲᠦᠮᠵᠢᠲᠡᠶ ᠠᠭᠤᠰᠤᠯᠴᠠᠯ᠎ᠤᠨ ᠠᠷᠭ᠎ᠠ ᠵᠠᠮ᠎ᠢ ᠰᠦᠪᠡᠭᠴᠢᠯᠡᠵᠦ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ ᠪᠠ ᠰᠠᠢᠨ ᠳᠤᠷᠠᠴᠤᠳ᠎ᠤᠨ ᠡᠩᠨᠡᠭᠡ᠎ᠶᠢᠨ ᠪᠠᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠢᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠠᠵᠢᠯᠲᠠᠨ ᠪᠠ ᠰᠠᠢᠨ ᠳᠤᠷ᠎ᠠ᠎ᠶᠢᠨ ᠦᠢᠯᠡᠴᠢᠯᠡᠭᠡᠨ᠎ᠦ ᠨᠡᠢᠭᠡᠮ ᠲᠣᠭᠣᠷᠢᠭ᠋᠎ᠤᠨ ᠵᠠᠰᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠬᠦᠷᠢᠶᠡᠨ᠎ᠳᠦ ᠨᠠᠷᠢᠯᠢᠭ᠋ ᠣᠨᠣᠴᠠᠲᠠᠢ᠎ᠪᠠᠷ ᠬᠦᠴᠦᠯᠡᠬᠦ᠎ᠶᠢ ᠠᠬᠢᠭᠤᠯᠵᠤ᠂ ᠲᠤᠷᠰᠢᠯᠲᠠ᠎ᠶᠢᠨ ᠴᠡᠭ᠎ᠤᠨ ᠳᠤᠮᠳᠠᠬᠢ ᠰᠠᠢᠨ ᠲᠤᠷᠰᠢᠯᠭ᠎ᠠ ᠰᠠᠢᠨ ᠠᠷᠭ᠎ᠠ ᠬᠢᠳᠡᠯ᠎ᠢ ᠳ᠋ᠦᠩᠨᠡᠨ ᠪᠣᠯᠪᠠᠰᠤᠷᠠᠭᠤᠯᠵᠤ᠂ ᠴᠡᠭ᠎ᠢᠶᠡᠷ ᠨᠡᠢᠳᠡᠮ᠎ᠢ ᠳᠠᠶ᠋ᠢᠴᠢᠯᠠᠨ ᠠᠭᠤᠰᠤᠯᠴᠠᠭᠤᠯᠬᠤ ᠲᠤᠷᠰᠢᠯᠲᠠ᠎ᠶᠢᠨ ᠴᠡᠭ᠎ᠤᠨ ᠠᠵᠢᠯ᠎ᠤᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠵᠤ᠂ ᠲᠤᠰᠬᠠᠢ ᠦᠢᠯᠡᠴᠢᠯᠡᠭᠡᠨᠢ ᠨᠠᠩ ᠬᠠᠯᠠᠭᠤᠨ ᠳᠤᠯᠠᠭᠠᠨ᠂ ᠰᠠᠢᠨ ᠳᠤᠷ᠎ᠠ᠎ᠶᠢᠨ ᠬᠦᠴᠦᠨ᠎ᠢ ᠨᠠᠩ ᠦᠷᠭᠦᠯᠵᠢᠯᠡᠭᠦᠯᠬᠦ ᠪᠤᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃