2026-11-10 11:07:30
ᠡᠨᠡ ᠵᠢᠯ ᠡᠴᠡ ᠨᠠᠭᠠᠰᠢ᠂ ᠦᠪᠦᠷ ᠮᠤᠨᠭᠭᠤᠯᠤᠨ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷᠤᠨ ᠬᠢᠨ ᠥᠪᠡᠷᠲᠡᠭᠡᠨ ᠵᠠᠰᠠᠬᠤ ᠣᠷᠣᠨ ᠤ᠋ 《ᠠᠷᠠᠳ ᠤ᠋ᠨ ᠠᠮᠢᠳᠤᠷᠠᠯ ᠤ᠋ᠨ ᠠᠷᠪᠠᠨ ᠶᠡᠬᠡ ᠢᠨᠵᠧᠨᠧᠷᠢᠩ》 ᠤ᠋ᠨ ᠱᠠᠭᠠᠷᠳᠠᠯᠭ᠎ᠠ ᠵᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭᠳᠡᠭᠦᠯᠬᠦ᠌ ᠡᠭᠦᠷᠭᠡ ᠵᠢᠨ ᠨᠠᠷᠢᠨ ᠳᠠᠨᠭᠰᠠ ᠵᠢ ᠨᠡᠶ᠋ᠢᠲᠡᠯᠡᠨ᠂ ᠣᠯᠠᠨ ᠵᠦᠢᠯ ᠤ᠋ᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠡᠷ ᠣᠷᠣᠯᠭ᠎ᠠ ᠵᠢ ᠨᠡᠮᠡᠭᠳᠡᠭᠦᠯᠬᠦ᠌ ᠠᠷᠭ᠎ᠠ ᠵᠠᠮ ᠢ᠋ ᠥᠷᠭᠡᠳᠬᠡᠵᠦ᠍᠂ ᠪᠥᠬᠥ᠌ ᠣᠷᠣᠨ ᠤ᠋ ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭᠳᠡᠯ ᠤ᠋ᠨ ᠬᠤᠷᠳᠤᠴᠠ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠯᠠᠪᠳᠠᠭᠤᠨ ᠵᠢᠭᠰᠠᠪᠠ᠃
ᠤᠢᠷ᠎ᠡ ᠳ᠋ᠤ ᠪᠠᠶᠠᠨᠨᠠᠭᠤᠷ ᠬᠤᠲᠠ ᠵᠢᠨ ᠤᠷᠠᠳ ᠤ᠋ᠨ ᠡᠮᠦᠨᠡᠲᠦ᠍ ᠬᠣᠰᠢᠭᠤᠨ ᠤ᠋ ᠰᠤᠳᠠᠯ ᠤ᠋ᠨ ᠬᠤᠳᠳᠤᠭ ᠪᠠᠯᠭᠠᠰᠤ ᠵᠢᠨ 《ᠱᠧ ᠲᠡᠶ ᠬᠣᠩ》 ᠲᠦᠬᠦᠭᠡᠷᠦᠮᠵᠢᠲᠦ᠍ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠤ᠋ᠨ ᠢᠯᠭᠠᠨ ᠰᠠᠯᠭᠠᠬᠤ ᠲᠠᠰᠤᠭ ᠲᠤ᠌ ᠠᠵᠢᠯᠴᠢᠳ ᠰᠠᠶᠢᠬᠠᠨ ᠲᠡᠭᠦᠭᠰᠡᠨ ᠵᠢᠵᠢᠭ ᠲᠥᠪᠡᠳ ᠬᠠᠰᠢ ᠪᠠᠨ ᠢᠯᠭᠠᠨ ᠰᠤᠡᠭᠭᠤᠵᠤ᠂ ᠬᠤᠪᠢᠶᠠᠨ ᠬᠠᠢᠷᠴᠠᠭᠯᠠᠵᠤ ᠶᠠᠭᠠᠷᠠᠯᠳᠤᠨ᠎ᠠ᠃ᠬᠤᠵᠢᠷᠯᠢᠭ ᠭᠠᠵᠠᠷ ᠢ᠋ ᠰᠠᠶ᠋ᠢᠵᠢᠷᠠᠭᠤᠯᠬᠤ ᠮᠡᠷᠭᠡᠵᠢᠯ᠂ᠪᠠᠷᠢᠮᠵᠢᠶᠠᠵᠢᠭᠤᠯᠤᠨ ᠰᠢᠨᠵᠢᠯᠡᠬᠦ᠌ ᠤᠬᠠᠭᠠᠨᠴᠢ ᠪᠠᠷ ᠲᠠᠷᠢᠬᠤ ᠵᠠᠭᠪᠤᠷ ᠲᠤ᠌ ᠲᠦᠰᠢᠭᠯᠡᠨ᠂ᠡᠨᠳᠡᠬᠢ ᠵᠢᠵᠢᠭ ᠲᠥᠪᠡᠳ ᠬᠠᠰᠢ ᠵᠢᠨ ᠶᠠᠰᠤ ᠴᠢᠨᠠᠷ ᠤᠯᠠᠨ ᠡᠴᠡ ᠣᠷᠣᠶ᠋ᠢᠯᠠᠵᠤ᠂ᠡᠯ᠎ᠡ ᠭᠠᠵᠠᠷ ᠤ᠋ᠨ ᠠᠷᠠᠯᠵᠢᠶᠠᠴᠢᠳ ᠤ᠋ᠨ ᠬᠠᠯᠠᠭᠤᠨ ᠬᠦᠷᠢᠶᠡᠯᠡᠯ ᠢ᠋ ᠤᠯᠵᠤ ᠪᠠᠢᠨ᠎ᠠ᠃
ᠡᠨᠡ ᠵᠢᠯ ᠤᠷᠠᠳ ᠤ᠋ᠨ ᠡᠮᠦᠨᠡᠲᠦ᠍ ᠬᠣᠰᠢᠭᠤᠨ ᠤ᠋ 《ᠱᠧ ᠲᠡᠶ ᠬᠣᠩ》 ᠲᠦᠬᠦᠭᠡᠷᠤᠮᠵᠢᠳᠤ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠤ᠋ᠨ ᠬᠢᠨ 《 ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠢ᠋ ᠰᠠᠢᠵᠢᠷᠠᠭᠤᠯᠬᠤ+ ᠲᠦᠬᠦᠭᠡᠷᠤᠮᠵᠢᠳᠤ ᠲᠠᠷᠢᠶᠠᠯᠠᠩ》ᠵᠢᠡᠷ ᠳᠠᠮᠵᠢᠨ ᠣᠷᠳᠣ ᠬᠤᠭᠤᠴᠠᠭ᠎ᠠ ᠪᠠᠷ ᠠᠲᠠᠷᠰᠢᠭᠤᠯᠤᠭᠰᠠᠨ 2100 ᠮᠥ᠍ ᠬᠤᠵᠢᠷᠯᠢᠭ ᠭᠠᠵᠠᠷ ᠢ᠋ ᠣᠲᠣ ᠦᠶ᠎ᠡ ᠵᠢᠨ ᠲᠦᠬᠦᠭᠡᠷᠤᠮᠵᠢᠳᠤ ᠲᠠᠷᠢᠶᠠᠯᠠᠩ ᠤ᠋ᠨ ᠰᠠᠭᠤᠷᠢᠨ ᠪᠣᠯᠭᠠᠨ ᠦᠭᠡᠷᠡᠴᠢᠯᠡᠵᠡᠢ᠃ ᠡᠬᠦᠨ ᠤ᠋ ᠰᠠᠭᠤᠷᠢᠨ ᠲᠠᠬᠡᠷ᠎ᠠ ᠪᠠᠰᠠ ᠤᠯᠤᠰ ᠤ᠋ᠨ ᠥᠮᠴᠢᠯᠡᠯᠤᠨ ᠠᠵᠤ ᠠᠬᠤᠶ᠋ᠢᠯᠠᠯ᠂ ᠡᠵᠡᠩᠨᠡᠯᠲᠡ ᠵᠢᠨ ᠭᠤᠤᠯ ᠴᠣᠭᠴᠠ ᠵᠡᠷᠭᠡ ᠣᠯᠠᠨ ᠲᠠᠯ᠎ᠠ ᠪᠠᠷ ᠬᠠᠮᠵᠢᠯᠴᠠᠨ ᠬᠥᠭᠵᠢᠬᠦ᠌ ᠲᠣᠭᠲᠠᠴᠠ ᠵᠢ ᠪᠠᠶ᠋ᠢᠭᠤᠯᠵᠤ᠂ ᠥᠨᠳᠥᠷ ᠨᠡᠮᠡᠯᠲᠡ ᠥᠷᠲᠡᠭ ᠪᠥᠬᠥᠶ ᠲᠠᠷᠢᠮᠠᠯ ᠳᠠᠷᠢᠵᠤ᠂ ᠵᠢᠯ ᠳ᠋ᠤ 5600 ᠬᠥᠮᠦᠨ ᠤᠳᠠᠭ᠎ᠠ ᠶ᠋ᠢᠨ ᠬᠥᠳᠡᠯᠮᠦᠷᠢ ᠬᠦᠴᠦᠨ ᠢ᠋ ᠰᠢᠩᠭᠡᠭᠡᠨ ᠠᠪᠴᠤ᠌᠂ ᠳᠠᠬᠢᠨ ᠠᠵᠢᠯ ᠣᠯᠭᠣᠯᠲᠠ ᠵᠢᠨ ᠣᠷᠣᠯᠭ᠎ᠠ ᠨᠢ 3300 ᠲᠦᠮᠡᠨ ᠲᠥᠭᠥᠷᠢᠭ ᠲᠦ᠍ ᠬᠥᠷᠴᠠᠢ᠃
ᠡᠨᠡ ᠵᠢᠯ ᠤ᠋ᠨ 3 ᠰᠠᠷ᠎ᠠ ᠳ᠋ᠤ ᠥᠪᠡᠷᠲᠡᠭᠡᠨ ᠵᠠᠰᠠᠬᠤ ᠣᠷᠣᠨ ᠡᠴᠡ 《ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭᠳᠡᠯ ᠢ᠋ ᠠᠬᠢᠭᠤᠯᠬᠤ 2026 ᠣᠨ ᠤ᠋ ᠡᠭᠦᠷᠭᠡ ᠵᠢᠨ ᠨᠠᠷᠢᠨ ᠳᠠᠨᠭᠰᠠ》 ᠵᠢ ᠳᠠᠷᠤᠮᠠᠯᠯᠠᠨ ᠲᠠᠷᠬᠠᠭᠠᠵᠤ᠂ 24 ᠵᠦᠢᠯ ᠤ᠋ᠨ ᠣᠷᠣᠯᠭ᠎ᠠ ᠵᠢ ᠨᠡᠮᠡᠭᠳᠡᠭᠦᠯᠬᠦ᠌ ᠠᠷᠭ᠎ᠠ ᠬᠡᠮᠵᠢᠶ᠎ᠡ ᠵᠢ ᠨᠠᠷᠢᠯᠢᠬᠵᠢᠭᠤᠯᠪᠠ᠃ᠪᠦᠬᠦ᠌ ᠤᠯᠤᠰ ᠤ᠋ᠨ ᠲᠠᠷᠢᠶᠠᠴᠢᠳ ᠤ᠋ᠨ ᠣᠷᠣᠯᠭ᠎ᠠ ᠵᠢᠨ ᠵᠢᠭᠰᠠᠭᠠᠯᠲᠠ ᠵᠢᠨ ᠡᠮᠦᠨ᠎ᠡ 12 ᠨᠡᠷᠡᠰ ᠲᠦ᠍ ᠵᠢᠭᠰᠠᠭᠠᠭᠳᠠᠵᠤ ᠪᠠᠢᠭ᠎ᠠ ᠮᠤᠵᠢ ᠣᠷᠣᠨ ᠬᠣᠲᠠ ᠪᠡᠷ ᠪᠡᠷᠢᠮᠵᠢᠶᠠᠯᠠᠨ᠂ ᠵᠠᠳᠠᠯᠤᠯᠲᠠ ᠵᠢᠨ ᠮᠡᠳᠡᠭᠦᠯᠦᠯᠲᠡ ᠬᠢᠵᠦ᠍᠂ ᠵᠥᠷᠢᠶ᠎ᠡ ᠪᠡᠨ ᠡᠷᠢᠨ᠂ ᠨᠡᠮᠡᠭᠳᠡᠯ ᠤ᠋ᠨ ᠴᠡᠭ ᠢ᠋ ᠬᠠᠢᠪᠠ᠃ ᠳᠡᠭᠡᠷ᠎ᠡ ᠬᠠᠭᠠᠰ ᠵᠢᠯ ᠳ᠋ᠤ ᠪᠥᠬᠥ᠌ ᠣᠷᠣᠨ ᠤ᠋ ᠮᠠᠯᠴᠢᠨ ᠲᠠᠷᠢᠶᠠᠴᠢᠨ ᠤ᠋ ᠴᠠᠯᠢᠩ ᠤ᠋ᠨ ᠴᠢᠨᠠᠷᠲᠠᠶ ᠣᠷᠣᠯᠭ᠎ᠠ ᠲᠣᠭᠲᠠᠭᠤᠨ ᠵᠢᠡᠷ ᠳᠡᠭᠡᠭᠰᠢᠯᠡᠨ 2560 ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.5% ᠪᠡᠷ ᠨᠡᠮᠡᠭᠳᠡᠪᠡ᠃ 8 ᠰᠠᠷ᠎ᠠ ᠵᠢᠨ ᠰᠡᠭᠦᠯᠴᠢ ᠪᠣᠯᠲᠠᠯ᠎ᠠ᠂ ᠨᠡᠶ᠋ᠢᠲᠡ 8.8 ᠲᠦᠮᠡᠨ ᠨᠡᠢᠲᠡ ᠶ᠋ᠢᠨ ᠠᠰᠠᠷᠠᠮᠵᠢ ᠵᠢᠨ ᠠᠵᠢᠯ ᠤ᠋ᠨ ᠪᠠᠶ᠋ᠢᠷᠢ ᠲᠤᠬᠢᠷᠠᠭᠤᠯᠵᠤ᠂ ᠪᠥᠬᠥ᠌ ᠣᠷᠣᠨ ᠤ᠋ ᠶᠠᠳᠠᠭᠤ ᠡᠴᠡ ᠠᠩᠭᠢᠵᠢᠷᠠᠭᠰᠠᠨ ᠬᠥᠮᠦᠨ ᠠᠮᠠ ᠵᠢᠨ ᠠᠵᠢᠯ ᠬᠢᠵᠦ᠍ ᠠᠵᠢᠯ ᠣᠯᠤᠭᠰᠠᠨ ᠬᠡᠪᠴᠢᠶ᠎ᠡ 23 ᠲᠦᠮᠡᠨ ᠬᠥᠮᠦᠨ ᠳ᠋ᠤ ᠬᠦᠷᠴᠠᠢ᠃
ᠲᠦᠩᠯᠢᠶᠣᠤ ᠬᠤᠲᠠ ᠶ᠋ᠢᠨ ᠨᠠᠢ᠍ᠮᠠᠨ ᠬᠤᠰᠢᠭᠤ ᠡᠨᠡ ᠵᠢᠯ 《 ᠭᠡᠷᠡᠯᠴᠢ ᠴᠡᠨᠡᠭ ᠤ᠋ᠨ ᠠᠰᠢᠭ ᠣᠷᠣᠯᠭ᠎ᠠ + ᠨᠠᠢ᠍ᠮᠠᠨ ᠵᠦᠢᠯ ᠤ᠋ᠨ ᠣᠷᠣᠯᠭ᠎ᠠ ᠵᠢᠨ ᠨᠡᠮᠡᠭᠳᠡᠯ》 ᠤ᠋ᠨ ᠵᠠᠭᠪᠤᠷ ᠢ᠋ ᠬᠡᠷᠡᠭᠵᠢᠭᠦᠯᠵᠦ᠍᠂ ᠲᠣᠰᠬᠣᠨ ᠤ᠋ ᠲᠠᠰ ᠤ᠋ᠨ ᠬᠡᠷᠡᠯᠴᠢ ᠴᠡᠨᠡᠭ ᠤ᠋ᠨ ᠴᠠᠬᠢᠯᠭᠠᠨ ᠥᠷᠲᠡᠭᠡᠨ ᠤ᠋ ᠠᠰᠢᠭ ᠣᠷᠣᠯᠭ᠎ᠠ ᠵᠢᠨ ᠪᠠᠯᠠ ᠮᠥᠩᠭᠥ ᠪᠡᠷ ᠶᠡᠷᠦᠩᠬᠡᠶ ᠪᠠᠯᠠ ᠮᠥᠩᠭᠥ ᠪᠣᠯᠭᠠᠨ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠳ ᠤ᠋ᠨ ᠬᠡᠷ ᠪᠦᠯᠢ ᠵᠢᠨ ᠦᠨᠳᠦᠰᠦᠨ ᠵᠦᠢᠯ ᠢ᠋ ᠪᠠᠲᠤᠯᠠᠬᠤ ᠨᠥᠬᠥᠪᠥᠷᠢ᠂ ᠱᠠᠳᠤᠴᠢ ᠴᠢᠨᠠᠷᠲᠠᠢ ᠬᠦᠳᠡᠯᠮᠦᠷᠢ ᠶ᠋ᠢᠨ ᠱᠠᠩᠨᠠᠯ ᠨᠥᠬᠥᠪᠥᠷᠢ᠂ ᠮᠢᠬᠠᠨ ᠤ᠋ ᠦᠬᠡᠷ ᠮᠢᠬᠠᠨ ᠤ᠋ ᠬᠣᠨᠢ ᠲᠡᠵᠢᠭᠡᠨ ᠦᠷᠡᠵᠢᠭᠦᠯᠬᠦ᠌ ᠱᠠᠩᠨᠠᠯ ᠨᠥᠬᠥᠪᠥᠷᠢ ᠵᠡᠷᠭᠡ ᠠᠷᠭ᠎ᠠ ᠬᠡᠯᠪᠡᠷᠢ ᠪᠡᠷ ᠲᠠᠮᠵᠢᠨ ᠪᠥᠬᠥ᠌ ᠬᠣᠰᠢᠭᠤᠨ ᠤ᠋ ᠪᠠᠨ ᠶᠠᠳᠠᠭᠤ ᠡᠴᠡ ᠠᠩᠭᠢᠵᠢᠷᠠᠭᠰᠠᠨ ᠡᠷᠦᠬᠡ ᠪᠡᠷ ᠭᠤᠤᠯ ᠪᠤᠯᠭᠠᠭᠰᠠᠨ 1.1 ᠲᠦᠮᠡᠨ ᠮᠠᠯᠵᠢᠬᠤ ᠲᠠᠷᠢᠶᠠᠯᠠᠬᠤ ᠡᠷᠦᠬᠡ ᠳ᠋ᠤ ᠠᠰᠢᠭ ᠬᠦᠷᠳᠡᠬᠡᠪᠡ᠃ ᠡᠭᠦᠨ ᠤ᠋ ᠬᠠᠮᠳᠤ ᠲᠤᠰᠬᠤᠨ ᠤ᠋ ᠴᠡᠪᠡᠷᠯᠡᠭᠡ᠂ ᠵᠡᠮᠳᠡᠭᠴᠦᠳ ᠤ᠋ᠨ ᠰᠤᠪᠢᠯᠠᠯᠲᠠ ᠵᠡᠷᠭᠡ ᠨᠡᠢᠲᠡ ᠶ᠋ᠢᠨ ᠠᠰᠠᠷᠠᠮᠵᠢ ᠶ᠋ᠢᠨ ᠴᠢᠨᠠᠷᠲᠠᠢ ᠠᠵᠢᠯ ᠤ᠋ᠨ ᠪᠠᠢᠷᠢ ᠵᠢ 2185 ᠲᠤᠬᠢᠷᠠᠭᠤᠯᠵᠤ᠂ ᠲᠤᠮᠳᠠᠴᠢ ᠪᠡᠷ ᠰᠠᠷ᠎ᠠ ᠪᠦᠷᠢ 730 ᠲᠦᠭᠦᠷᠢᠭ ᠤ᠋ᠨ ᠴᠠᠯᠢᠡᠭ ᠬᠦᠯᠦᠰᠦ ᠤᠯᠭᠤᠵᠤ ᠪᠤᠢ᠃
ᠮᠠᠨ ᠤ᠋ ᠣᠷᠣᠨ ᠮᠠᠯᠴᠢᠨ ᠲᠠᠷᠢᠶᠠᠴᠢᠨ ᠤ᠋ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ᠌ ᠬᠠᠷᠠᠯᠲᠠ ᠲᠠᠶ ᠪᠠᠨ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠬᠢᠵᠦ᠍ ᠰᠢᠨ᠎ᠡ ᠵᠢ ᠡᠭᠦᠳᠬᠦ᠌ ᠵᠢ ᠴᠢᠩᠭᠠᠳᠬᠠᠵᠤ᠂ ᠲᠥᠷᠥ ᠵᠢᠨ ᠪᠣᠳᠣᠯᠭ᠎ᠠ ᠵᠢ ᠪᠣᠳᠠᠲᠠᠶ ᠳ᠋ᠦ ᠨᠠᠶ᠋ᠢᠳᠠᠪᠤᠷᠢᠵᠢᠭᠤᠯᠪᠠ᠃ ᠲᠦᠷᠦᠭᠦᠦ ᠭᠤᠷᠪᠠᠨ ᠤᠯᠠᠷᠢᠯ ᠳ᠋ᠦ ᠪᠥᠬᠥ᠌ ᠣᠷᠣᠨ ᠤ᠋ ᠮᠠᠯᠵᠢᠬᠤ ᠲᠠᠷᠢᠶᠠᠯᠠᠬᠤ ᠣᠷᠣᠨ ᠤ᠋ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ 16725 ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 7.3% ᠪᠡᠷ ᠨᠡᠮᠡᠭᠳᠡᠵᠦ᠍᠂ᠨᠡᠮᠡᠭᠳᠡᠯ ᠤ᠋ᠨ ᠬᠤᠷᠳᠤᠴᠠ ᠪᠡᠷ ᠪᠥᠬᠥ᠌ ᠤᠯᠤᠰ ᠤ᠋ᠨ ᠭᠤᠷᠪᠠᠳᠤᠭᠠᠷ ᠲᠤ᠌ ᠵᠢᠭᠰᠠᠪᠠ᠃
ᠤᠢᠯᠠᠭᠠᠭᠰᠠᠨ ᠵᠢᠡᠷ᠂ ᠮᠠᠨ ᠤ᠋ ᠤᠷᠤᠨ ᠮᠠᠯᠵᠢᠬᠤ ᠲᠠᠷᠢᠶᠠᠯᠠᠬᠤ ᠣᠷᠣᠨ ᠤ᠋ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ ᠵᠢ ᠬᠣᠲᠠ ᠪᠠᠯᠭᠠᠰᠤᠨ ᠤ᠋ ᠰᠠᠭᠤᠭᠠᠯᠢ ᠠᠷᠠᠳ ᠤ᠋ᠨ ᠣᠷᠣᠯᠭ᠎ᠠ ᠵᠢᠨ ᠨᠡᠮᠡᠭᠳᠡᠯ ᠤ᠋ᠨ ᠬᠤᠷᠳᠤᠴᠠ ᠡᠴᠡ ᠲᠦᠷᠭᠡᠨ ᠪᠠᠶ᠋ᠢᠯᠭᠠᠬᠤ ᠬᠠᠷᠠᠯᠲᠠ ᠡᠭᠦᠷᠭᠡ ᠶ᠋ᠢᠨ ᠲᠤᠭᠤᠷᠢᠨ ᠳ᠋ᠦ ᠠᠵᠢᠯ ᠣᠯᠭᠣᠯᠲᠠ ᠪᠠᠷ ᠳᠠᠶ᠋ᠢᠴᠢᠯᠠᠬᠤ᠂ ᠠᠵᠤ ᠦᠢᠯᠡᠰ ᠶ᠋ᠢᠡᠷ ᠳᠠᠶ᠋ᠢᠴᠢᠯᠠᠬᠤ ᠪᠠ ᠬᠠᠮᠲᠤ᠌ ᠨᠡᠶ᠋ᠢᠲᠡ ᠵᠢ ᠵᠣᠬᠢᠶᠠᠨ ᠪᠠᠶ᠋ᠢᠭᠤᠯᠵᠤ ᠳᠠᠶ᠋ᠢᠴᠢᠯᠠᠬᠤ ᠵᠢ ᠰᠠᠶ᠋ᠢᠲᠤᠷ ᠠᠳᠬᠤᠵᠤ᠂ ᠪᠡᠭᠡᠵᠢᠩ ᠥᠪᠥᠷ ᠮᠣᠩᠭᠣᠯ ᠤ᠋ᠨ ᠬᠥᠳᠡᠯᠮᠦᠷᠢ ᠦᠢᠯᠡᠴᠢᠯᠡᠭᠡᠨ ᠤ᠋ ᠬᠠᠮᠵᠢᠯᠴᠠᠭ᠎ᠠ ᠵᠢᠨ 《ᠵᠠᠬᠢᠶᠠᠯᠠᠭ᠎ᠠ ᠵᠢᠨ ᠠᠩᠭᠢ》 ᠵᠡᠷᠭᠡ ᠲᠡᠶ ᠤᠶᠠᠯᠳᠤᠭᠤᠯᠤᠨ᠂ ᠪᠦᠬᠦ ᠵᠢᠯ ᠳ᠋ᠤ ᠨᠡᠢᠳᠡ 140 ᠲᠠᠯᠠᠪᠠᠶ ᠤᠳᠠᠭ᠎ᠠ ᠡᠴᠡ ᠳᠡᠭᠡᠭᠰᠢ ᠬᠠᠨᠳᠤᠯᠭᠠᠳᠤ ᠴᠢᠨᠠᠷᠲᠠᠢ ᠪᠤᠯᠪᠠᠰᠤᠷᠠᠯ ᠦᠷᠨᠢᠭᠦᠯᠬᠦ ᠵᠢ ᠪᠠᠳᠤᠯᠠᠵᠤ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠵᠡᠷᠭᠡ ᠴᠢᠬᠤᠯᠠ ᠶᠡᠬᠡ ᠲᠦᠷᠦᠯ ᠵᠦᠢᠯ ᠲᠡᠶ ᠤᠶᠠᠯᠳᠤᠭᠤᠯᠤᠨ 10 ᠲᠦᠮᠡ ᠭᠠᠷᠤᠢ ᠠᠵᠢᠯ ᠤ᠋ᠨ ᠪᠠᠶ᠋ᠢᠷᠢ ᠬᠠᠡᠭᠭᠠᠬᠤ ᠪᠤᠯᠤᠨ᠎ᠠ᠃ ᠡᠭᠦᠨ ᠤ᠋ ᠬᠠᠮᠲᠤ᠌ ᠪᠠᠰᠠ ᠳᠠᠭᠠᠭᠤᠯᠤᠭᠴᠢ ᠠᠵᠤ ᠠᠬᠤᠶ᠋ᠢᠯᠠᠯ᠂ ᠲᠤᠰᠬᠠᠢ ᠬᠣᠷᠰᠢᠶ᠎ᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠤᠯ ᠴᠣᠭᠴᠠ ᠵᠢᠨ ᠲᠤᠬᠠᠶ ᠵᠢᠨ ᠭᠠᠵᠠᠷ ᠤ᠋ᠨ ᠵᠢᠡᠨ ᠮᠠᠯᠵᠢᠬᠤ ᠲᠠᠷᠢᠶᠠᠯᠠᠬᠤ ᠡᠷᠦᠬᠡ ᠵᠢ ᠳᠠᠶ᠋ᠢᠴᠢᠯᠠᠨ ᠠᠵᠤ ᠦᠢᠯᠡᠰ ᠤ᠋ᠨ ᠬᠥᠭᠵᠢᠯᠲᠡ ᠳ᠋ᠤ ᠣᠷᠣᠯᠴᠠᠬᠤ ᠵᠢ ᠢᠳᠡᠪᠬᠢᠲᠡᠶ ᠠᠬᠢᠭᠤᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠪᠠᠨ ᠨᠡᠮᠡᠭᠳᠡᠭᠦᠯᠬᠦ᠌ ᠵᠢ ᠠᠬᠢᠭᠤᠯᠬᠤ ᠣᠷᠳᠣ ᠬᠤᠭᠤᠴᠠᠭᠠᠨ ᠤ᠋ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃