2026-11-11 11:21:59
ᠤᠢᠷ᠎ᠠ᠎ᠳᠤ᠂ 2026 ᠣᠨ ᠤ ᠪᠥᠬᠥ ᠤᠯᠤᠰ ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠤᠬᠠᠭᠤᠯᠭ᠎ᠠ᠎ᠶᠢᠨ ᠰᠠᠷ᠎ᠠ᠎ᠶᠢᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠰᠡᠳᠦᠪᠲᠦ ᠠᠵᠢᠯᠯᠠᠭ᠎ᠠ ᠬᠥᠬᠡᠬᠣᠲᠠ᠎ᠶᠢᠨ ᠢᠯᠢ ᠡᠷᠡᠭᠦᠯ ᠮᠡᠨᠳᠦ ᠶᠢᠨ ᠬᠥᠨᠳᠡᠢ᠎ᠳᠦ ᠶᠠᠪᠤᠭᠳᠠᠵᠦ᠂ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠢᠯᠠᠭᠠᠬᠤ ᠠᠷᠭ᠎ᠠ ᠮᠠᠶᠢᠭ᠋᠎ᠢᠶᠠᠷ ᠣᠯᠠᠨ ᠲᠦᠮᠡᠨ᠎ᠳᠤ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠳᠡᠯᠭᠡ᠎ᠶᠢ ᠡᠵᠡᠮᠰᠢᠬᠦᠯᠵᠦ᠂ ᠥᠪᠡᠷ ᠵᠢᠡᠨ ᠰᠡᠷᠭᠡᠢᠯᠡᠵᠦ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠨᠢ ᠳᠡᠭᠡᠭᠰᠢᠯᠡᠭᠦᠯᠪᠡ᠃
ᠠᠵᠢᠯᠯᠠᠭ᠎ᠠ ᠳᠤᠮᠳᠠ᠂ ᠦᠪᠦᠷ ᠮᠤᠩᠭᠤᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠎ᠶᠢᠨ ᠬᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠭᠣᠣᠯ ᠰᠡᠳᠦᠪᠲᠦ ᠳᠠᠭᠤᠷᠢᠶᠠᠮᠠᠯ ᠨᠡᠢᠭᠡᠮ ᠲᠣᠭᠣᠷᠢᠭ᠋᠎ᠢ ᠡᠭᠦᠳᠦᠨ ᠪᠠᠢᠭᠤᠯᠵᠤ᠂ ᠭᠠᠯ ᠰᠡᠷᠬᠡᠢᠯᠡᠵᠦ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠨᠢᠳᠦᠨ᠎ᠳᠤ ᠦᠵᠡᠭᠳᠡᠮ᠎ᠡ ᠭᠠᠷ᠎ᠲᠤ ᠪᠠᠷᠢᠬᠳᠠᠮ᠎ᠠ ᠪᠣᠳᠠᠲᠤ ᠠᠬᠤᠢ ᠪᠠᠢᠳᠠᠯ᠎ᠳᠦ ᠠᠭᠤᠰᠬᠠᠨ ᠣᠷᠣᠭᠤᠯᠵᠤ᠂ 1000 ᠭᠠᠷᠤᠢ ᠣᠯᠠᠨ ᠲᠦᠮᠡᠨ ᠠᠵᠢᠯᠯᠠᠭ᠎ᠠ᠎ᠳᠦ ᠤᠷᠤᠯᠴᠠᠪᠠ᠃ ᠠᠬᠤᠢ ᠲᠠᠯᠠᠪᠠᠢ᠎ᠳᠤ ᠭᠠᠯ ᠰᠡᠷᠬᠡᠢᠯᠡᠵᠦ ᠭᠠᠯ ᠤᠨᠲᠠᠷᠠᠭᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠠᠢᠯᠤᠮᠵᠢ᠂ ᠭᠠᠯ ᠰᠡᠷᠬᠡᠢᠯᠡᠵᠦ ᠭᠠᠯ ᠤᠨᠲᠠᠷᠠᠭᠠᠬᠤ ᠪᠠᠭ᠎ᠠ ᠲᠤᠷᠰᠢᠯᠲᠠ᠂ VR ᠬᠠᠷᠢᠯᠴᠠᠨ ᠦᠢᠯᠡᠳᠦᠯᠴᠡᠬᠦ ᠠᠵᠢᠯᠯᠠᠭ᠎ᠠ᠂ ᠪᠠᠭᠠᠵᠢ ᠬᠡᠷᠡᠭᠰᠡᠯ ᠲᠣᠨᠣᠭᠯᠠᠯ᠎ᠤᠨ ᠦᠵᠡᠭᠦᠯᠭᠡ᠂ ᠭᠠᠯ᠎ᠤᠨ ᠠᠶᠤᠯ ᠡᠴᠡ ᠠᠪᠤᠷᠠᠨ ᠲᠤᠰᠠᠯᠠᠬᠤ ᠲᠣᠭᠯᠠᠭᠠᠮ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠤ ᠭᠡᠮ ᠰᠣᠭᠣᠭ᠎ᠢ ᠡᠷᠢᠬᠦ᠂ ᠭᠠᠯ ᠤᠨᠲᠠᠷᠠᠭᠠᠬᠴᠢᠵᠢᠨ ᠰᠤᠷ ᠬᠠᠷᠪᠤᠯᠲᠠ ᠵᠡᠷᠭᠡ 7 ᠣᠷᠣᠨ ᠲᠤᠭᠤᠷᠢᠭ ᠲᠣᠬᠢᠷᠠᠭᠤᠯᠵᠠᠢ᠃ ᠬᠥᠮᠥᠰ᠎ᠦᠨ ᠠᠩᠬᠠᠷᠤᠯ ᠢ᠋ ᠬᠠᠮᠤᠭ ᠢᠯᠡᠭᠦᠦ ᠲᠠᠲᠠᠬᠰᠠᠨ VR ᠲᠤᠷᠰᠢᠯᠲᠠ ᠶ᠋ᠢᠨ ᠣᠷᠣᠨ᠎ᠳᠤ ᠣᠯᠠᠨ᠎ᠢᠶᠠᠷ᠎ᠢᠶᠠᠨ VR ᠨᠢᠳᠦᠨ ᠰᠢᠯ ᠵᠡᠭᠦᠵᠦ᠂ ᠭᠠᠯ᠎ᠤᠨ ᠭᠠᠮᠰᠢᠭ᠎ᠤᠨ ᠠᠬᠤᠢ ᠲᠠᠯᠠᠪᠠᠢ᠎ᠳᠤ《ᠣᠷᠣᠵᠤ》᠂ ᠬᠡᠢᠰᠪᠦᠷᠢ ᠣᠷᠣᠨ ᠵᠠᠢ᠎ᠳᠤ ᠠᠮᠢ ᠵᠢᠭᠤᠲᠠᠬᠤ ᠮᠡᠳᠡᠯᠭᠡ ᠵᠢ ᠰᠤᠷᠤᠯᠴᠠᠵᠦ᠂ ᠪᠡᠶᠡᠴᠢᠯᠡᠨ ᠤᠢᠯᠠᠭᠠᠬᠤ ᠠᠷᠭ᠎ᠠ ᠮᠠᠶᠢᠭ ᠵᠢᠡᠷ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠳᠡᠯᠭᠡ ᠶ᠋ᠢ ᠡᠵᠡᠮᠰᠢᠪᠡ᠃ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠣᠭ᠎ᠢ ᠪᠠᠢᠴᠠᠭᠠᠬᠤ ᠭᠤᠬᠴᠤᠭᠠᠳᠤ᠂ ᠭᠡᠷ ᠪᠦᠯᠢ᠎ᠶᠢᠨ ᠦᠵᠡᠭᠳᠡᠯ᠎ᠢ ᠳᠠᠭᠤᠷᠢᠶᠠᠬᠰᠠᠨ ᠦᠵᠡᠭᠦᠯᠭᠡ ᠵᠢᠨ ᠬᠡᠷᠡᠮ ᠳᠡᠭᠡᠷ᠎ᠡ᠂ ᠤᠭᠯᠠᠭᠤᠷᠭ᠎ᠠ᠎ᠵᠢ ᠬᠡᠳᠦ ᠬᠡᠷᠡᠭᠯᠡᠭᠰᠡᠨ᠂ ᠠᠰᠠᠷ᠎ᠤᠨ ᠬᠣᠩᠭᠢᠯ᠎ᠳᠤ ᠶᠠᠭᠤᠮ᠎ᠠ ᠣᠪᠣᠭᠠᠯᠠᠬᠰᠠᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠵᠢ ᠠᠰᠠᠷ᠎ᠲᠤ ᠵᠤᠬᠰᠤᠭᠠᠬᠰᠠᠨ ᠵᠡᠷᠭᠡ ᠬᠡᠮ ᠰᠣᠭᠣᠭ᠎ᠢ ᠣᠷᠣᠯᠴᠠᠭᠰᠠᠳ ᠡᠴᠡ ᠰᠤᠷᠤᠬᠰᠠᠨ ᠮᠡᠳᠡᠯᠭᠡ ᠲᠠᠢ ᠪᠠᠨ ᠬᠠᠷᠢᠴᠠᠭᠤᠯᠤᠨ ᠨᠠᠷᠢᠨ ᠨᠢᠮᠪᠠᠢ ᠠᠵᠢᠬᠯᠠᠵᠦ᠂ ᠳᠡᠷᠭᠡᠳᠡᠬᠢ ᠭᠠᠯ᠎ᠤᠨ ᠭᠠᠮᠰᠢᠭ᠋᠎ᠤᠨ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ᠎ᠶᠢ ᠰᠤᠷᠴᠦ ᠡᠵᠡᠮᠰᠢᠪᠡ᠃
ᠣᠢᠯᠠᠭᠠᠭᠰᠠᠨ᠎ᠢᠶᠠᠷ᠂ ᠭᠠᠯ ᠰᠡᠷᠬᠡᠢᠯᠡᠵᠦ ᠭᠠᠯ ᠤᠨᠲᠠᠷᠠᠭᠠᠬᠤ ᠤᠬᠠᠭᠤᠯᠭ᠎ᠠ᠎ᠶᠢᠨ ᠰᠠᠷ᠎ᠠ᠎ᠶᠢᠨ ᠬᠤᠭᠤᠴᠠᠭᠠᠨ᠎ᠳᠤ᠂ ᠦᠪᠦᠷ ᠮᠤᠩᠭᠤᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠭᠣᠣᠯ ᠰᠡᠳᠦᠪ᠎ᠦᠨ ᠲᠣᠭᠣᠷᠢᠨ᠎ᠳᠤ᠂ ᠠᠵᠤ ᠠᠬᠤᠢᠯᠠᠯ᠎ᠳᠤ ᠬᠦᠷᠬᠦ᠂ ᠨᠡᠢᠭᠡᠮ ᠲᠣᠭᠣᠷᠢᠭ᠋᠎ᠲᠤ ᠬᠦᠷᠬᠦ᠂ ᠰᠤᠷᠭᠠᠭᠤᠯᠢ᠎ᠵᠢᠨ ᠬᠦᠷᠢᠶᠡᠨ᠎ᠳᠤ ᠬᠦᠷᠬᠦ᠂ ᠬᠥᠳᠡᠭᠡ ᠲᠣᠰᠬᠣᠨ᠎ᠳᠤ ᠬᠦᠷᠬᠦ᠂ ᠭᠡᠷ ᠪᠦᠯᠢ᠎ᠳᠦ ᠬᠦᠷᠬᠦ ᠵᠡᠷᠭᠡ ᠰᠢᠷᠢᠰ ᠤᠬᠠᠭᠤᠯᠭ᠎ᠠ᠎ᠶᠢᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ᠎ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠋᠎ᠢᠶᠠᠷ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠶᠡᠷᠦ᠎ᠶᠢᠨ ᠮᠡᠳᠡᠯᠭᠡ᠎ᠶᠢ ᠥᠷᠭᠡᠨ᠎ᠢᠶᠡᠷ ᠲᠦᠭᠡᠮᠡᠯᠵᠢᠭᠦᠯᠵᠦ᠂ ᠪᠥᠬᠥ ᠠᠷᠠᠳ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠦᠵᠡᠯ ᠤᠬᠠᠮᠰᠠᠷ ᠪᠠ ᠥᠪᠡᠷ᠎ᠵᠢᠡᠨ ᠰᠡᠷᠭᠡᠢᠯᠡᠵᠦ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠦᠨᠡᠨᠬᠦ ᠳᠡᠭᠡᠭᠰᠢᠯᠡᠭᠦᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃