ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-11-12 11:50:54

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠲᠤᠭ᠎ᠠ ᠪᠦᠷᠢᠳᠬᠡᠯ ᠤ᠋ᠨ ᠲᠣᠪᠴᠢᠶ᠎ᠠ ᠶ᠋ᠢᠨ ᠮᠡᠳᠡᠭᠡᠯᠡᠯ᠎ᠢ ᠦᠨᠳᠦᠰᠦᠯᠡᠪᠡᠯ᠂ 2026 ᠣᠨ ᠤ᠋ 11 ᠰᠠᠷ᠎ᠠ ᠶ᠋ᠢᠨ 1 ᠤ᠋ ᠡᠳᠦᠷ ᠡᠴᠡ ᠡᠬᠢᠯᠡᠨ ᠤᠯᠤᠰ ᠤ᠋ᠨ ᠲᠤᠭ᠎ᠠ ᠪᠦᠷᠢᠳᠬᠡᠯ ᠤ᠋ᠨ ᠲᠣᠪᠴᠢᠶ᠎ᠠ ᠶ᠋ᠢᠨ ᠨᠢᠭᠡᠳᠦᠯᠲᠡᠢ ᠪᠠᠶ᠋ᠢᠷᠢᠯᠠᠭᠤᠯᠤᠭᠰᠠᠨ ᠬᠥᠮᠦᠨ ᠠᠮᠠ ᠶ᠋ᠢᠨ ᠬᠤᠪᠢᠷᠠᠯᠲᠠ ᠳ᠋ᠤ ᠦᠯᠢᠭᠡᠷ ᠠᠪᠴᠤ ᠪᠠᠢᠴᠠᠭᠠᠬᠤ ᠡᠷᠦᠬᠡ ᠳ᠋ᠤ ᠤᠷᠤᠵᠤ ᠳᠠᠨᠭᠰᠠᠯᠠᠬᠤ ᠠᠵᠢᠯ ᠵᠢᠩᠬᠢᠨᠢ ᠪᠡᠷ ᠡᠬᠢᠯᠡᠵᠦ᠍᠂ ᠥᠪᠦᠷ ᠮᠣᠩᠭᠤᠯ ᠬᠥᠮᠦᠨ ᠠᠮᠠ ᠶ᠋ᠢᠨ ᠬᠤᠪᠢᠷᠠᠯᠲᠠ ᠶ᠋ᠢᠨ ᠦᠯᠢᠭᠡᠷ ᠠᠪᠴᠤ ᠪᠠᠶ᠋ᠢᠴᠠᠭᠠᠬᠤ ᠡᠷᠦᠬᠡ ᠳ᠋ᠤ ᠣᠷᠤᠵᠤ ᠳᠡᠩᠰᠡᠯᠡᠬᠤ ᠠᠵᠢᠯ ᠢ᠋ ᠵᠡᠷᠭᠡ ᠪᠡᠷ ᠥᠷᠨᠢᠭᠦᠯᠪᠡ᠃

ᠲᠣᠰ ᠤᠳᠠᠭᠠᠨ ᠤ᠋ ᠪᠠᠢᠴᠠᠭᠠᠯᠳᠠ᠎ᠵᠢᠨ ᠡᠷᠦᠬᠡ ᠳ᠋ᠤ ᠣᠷᠤᠵᠤ ᠳᠠᠩᠰᠠᠯᠠᠬᠤ ᠨᠢ ᠡᠷᠦᠬᠡ ᠳᠠᠷᠠᠭᠠᠯᠠᠨ ᠰᠤᠷᠪᠤᠯᠵᠢᠯᠠᠬᠤ ᠶᠠᠪᠤᠳᠠᠯ ᠪᠢᠰᠢ᠂ ᠬᠠᠷᠢᠨ ᠤᠯᠤᠰ ᠤ᠋ᠨ ᠲᠤᠭ᠎ᠠ ᠪᠦᠷᠢᠳᠬᠡᠯ ᠤ᠋ᠨ ᠲᠣᠪᠴᠢᠶ᠎ᠠ ᠶ᠋ᠢᠨ ᠨᠢᠭᠡᠳᠦᠯᠲᠡᠢ ᠰᠣᠩᠭᠤᠬᠰᠠᠨ ᠬᠡᠰᠡᠭ ᠰᠠᠭᠤᠭᠠᠯᠢ ᠡᠷᠦᠬᠡ ᠳ᠋ᠤ ᠪᠠᠶ᠋ᠢᠴᠠᠭᠠᠯᠲᠠ ᠬᠢᠵᠤ ᠡᠬᠢᠯᠡᠵᠠᠢ᠃ ᠥᠪᠦᠷ ᠮᠣᠩᠭᠤᠯ ᠪᠠᠷᠤᠭ 4.8 ᠲᠦᠮᠡᠨ ᠡᠷᠦᠬᠡ ᠪᠡᠷ ᠬᠦᠷᠴᠦ ᠪᠠᠢᠴᠠᠭᠠᠯᠲᠠ ᠬᠢᠵᠤ᠂ ᠭᠤᠤᠯᠳᠠᠭᠤ ᠡᠷᠤᠭᠡ᠎ᠵᠢᠨ ᠬᠦᠮᠤᠨ ᠠᠮᠠ᠎ᠵᠢᠨ ᠮᠡᠳᠡᠭᠡ ᠵᠠᠩᠭᠢ ᠵᠢᠴᠢ ᠬᠡᠷ ᠪᠦᠯᠢ ᠶ᠋ᠢᠨ ᠦᠨᠳᠦᠰᠦᠨ ᠪᠠᠶ᠋ᠢᠳᠠᠯ ᠢ᠋ ᠳᠡᠩᠰᠡᠯᠡᠵᠦ᠍᠂ ᠣᠪᠤᠭ ᠨᠡᠷ᠎ᠡ᠂ ᠪᠡᠶ᠎ᠡ ᠶ᠋ᠢᠨ ᠦᠨᠡᠮᠯᠡᠯ ᠤ᠋ᠨ ᠨᠣᠮᠧᠷ᠂ ᠬᠦᠢᠰᠦ᠎ᠵᠢᠨ ᠢᠯᠭᠠᠯ᠂ ᠨᠠᠰᠤ ᠵᠢᠯ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ ᠠᠵᠢᠯ ᠲᠦᠷᠦᠯ᠂ ᠨᠡᠭᠦᠭᠰᠡᠨ ᠪᠠᠢᠳᠠᠯ᠂ ᠤᠷᠤᠭ ᠬᠤᠷᠢᠮ᠂ ᠨᠠᠰᠤ ᠪᠠᠷᠠᠭᠰᠠᠨ᠂ ᠣᠷᠤᠨ ᠰᠠᠭᠤᠴᠠ ᠶ᠋ᠢᠨ ᠪᠠᠶ᠋ᠢᠳᠠᠯ ᠵᠡᠷᠭᠡ ᠠᠭᠤᠯᠭ᠎ᠠ ᠵᠢ ᠪᠠᠭᠲᠠᠭᠠᠨ᠎ᠠ᠃

ᠣᠶ᠋ᠢᠯᠠᠭᠠᠭᠰᠠᠨ ᠢ᠋ᠶ᠋ᠡᠷ᠂ ᠬᠥᠮᠦᠨ ᠠᠮᠠ ᠶ᠋ᠢᠨ ᠬᠤᠪᠢᠷᠠᠯᠳᠠ᠎ᠳ᠋ᠤ ᠦᠯᠢᠭᠡᠷ ᠠᠪᠴᠤ ᠪᠠᠢᠴᠠᠭᠠᠬᠤ ᠨᠢ ᠬᠥᠮᠦᠨ ᠠᠮᠠ ᠶ᠋ᠢᠨ ᠬᠤᠪᠢᠷᠠᠯᠲᠠ ᠵᠢ ᠴᠠᠭ ᠲᠤᠬᠠᠢ ᠳ᠋ᠤᠨᠢ ᠡᠵᠡᠮᠰᠢᠬᠦ ᠳ᠋ᠤ ᠲᠥᠬᠦᠮ ᠦᠵᠡᠭᠦᠯᠵᠦ᠍᠂ ᠤᠯᠤᠰ ᠡᠴᠡ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤ᠋ᠨ ᠠᠰᠠᠷᠠᠮᠵᠢ᠂ ᠣᠷᠤᠨ ᠰᠠᠭᠤᠴᠠ ᠵᠡᠷᠭᠡ ᠲᠥᠷᠦ ᠶ᠋ᠢᠨ ᠪᠣᠳᠤᠯᠭ᠎ᠠ ᠵᠢ ᠲᠣᠭᠲᠠᠭᠠᠬᠤ ᠳ᠋ᠤ ᠴᠢᠬᠤᠯᠠ ᠦᠨᠳᠦᠰᠦᠯᠡᠯ ᠪᠤᠯᠵᠤ᠂ ᠤᠯᠤᠰ ᠤ᠋ᠨ ᠴᠢᠨᠠᠷ ᠰᠠᠶ᠋ᠢᠲᠠᠢ ᠬᠥᠭᠵᠢᠯᠲᠡ ᠳ᠋ᠤ ᠦᠢᠯᠡᠴᠢᠯᠡᠬᠦ᠎ᠵᠢᠨ ᠲᠦᠯᠦᠭᠡ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面