ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-11-17 10:08:55

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠤᠯᠠᠭᠠᠨᠬᠠᠳᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠭᠰᠡᠨ ᠠᠵᠢᠯ ᠤᠯᠭᠤᠯᠳᠠ ᠵᠢᠨ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠵᠢᠴᠢ 《ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠲᠦᠭ ᠲᠦᠮᠡᠨ ᠡᠷᠦᠬᠡ᠎ᠳᠦ ᠬᠦᠷᠭᠡᠬᠦ》 ᠠᠵᠢᠯᠯᠠᠭ᠎ᠠ ᠵᠢᠨ ᠭᠤᠤᠯ ᠲᠠᠯᠠᠪᠤᠷ᠎ᠤᠨ ᠠᠵᠢᠯᠯᠠᠭ᠎ᠠ ᠤᠯᠠᠭᠠᠨᠬᠠᠳᠠ ᠬᠣᠲᠠ᠎ᠳᠤ ᠶᠠᠪᠤᠭᠳᠠᠪᠠ᠃

ᠤᠢᠯᠠᠭᠠᠭᠰᠠᠨ ᠶ᠋ᠢᠡᠷ᠂ ᠠᠵᠢᠯᠯᠠᠭ᠎ᠠ ᠵᠢᠨ ᠲᠠᠯᠠᠪᠠᠶ᠎ᠳᠤ ᠠᠵᠢᠯ ᠣᠯᠭᠣᠯᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠠᠮᠵᠢᠯᠲᠠ ᠪᠦᠲᠦᠮᠵᠢ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠎ᠪᠠ ᠤᠬᠠᠭᠤᠯᠭ᠎ᠠ᠎ᠦᠢᠯᠡᠴᠢᠯᠡᠭᠡᠨ᠎ᠦ ᠦᠵᠡᠭᠦᠯᠭᠡ᠎ᠶᠢᠨ ᠲᠣᠭᠣᠷᠢᠭ᠋ ᠭᠠᠷᠭᠠᠵᠤ᠂ ᠣᠯᠠᠨ ᠲᠦᠮᠡᠨ᠎ᠳᠦ ᠪᠥᠬᠥ ᠲᠠᠯ᠎ᠠ᠎ᠶᠢᠨ᠂ ᠨᠢᠭᠡ ᠥᠷᠲᠡᠭᠡᠴᠢᠯᠡᠭᠰᠡᠨ ᠬᠡᠯᠪᠡᠷᠢ ᠵᠢᠨ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠪᠠ ᠦᠢᠯᠡᠴᠢᠯᠡᠭᠡ ᠬᠠᠩᠭᠠᠪᠠ᠃ ᠠᠵᠢᠯᠯᠠᠭ᠎ᠠ᠎ᠶᠢᠨ ᠬᠤᠭᠤᠴᠠᠭᠠᠨ ᠳ᠋ᠤ  ᠪᠥᠬᠥ ᠣᠷᠣᠨ ᠵᠢᠡᠷ ᠵᠢᠡᠨ ᠡᠯ᠎ᠡ ᠲᠥᠷᠥᠯ᠎ᠦᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠳᠠ᠂ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ ᠠᠵᠢᠯᠯᠠᠭ᠎ᠠ᠎ᠶᠢ  ᠨᠡᠢᠳᠡ107 ᠳᠠᠯᠠᠪᠠᠢ ᠡᠷᠭᠢᠯᠡᠵᠦ᠂ 3.2 ᠲᠦᠮᠡ ᠭᠠᠷᠤᠢ ᠣᠯᠠᠨ ᠲᠦᠮᠡᠨ ᠣᠷᠣᠯᠴᠠᠵᠤ᠂ ᠨᠡᠶ᠋ᠢᠲᠡ 5 ᠲᠦᠮᠡ ᠭᠠᠷᠤᠢ ᠬᠤᠪᠢ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠵᠤ᠂ ᠣᠯᠠᠨ ᠲᠦᠮᠡᠨ᠎ᠢ ᠬᠠᠪᠰᠤᠷᠤᠨ 8000 ᠭᠠᠷᠤᠢ ᠬᠥᠮᠥᠨ ᠤᠳᠠᠭ᠎ᠠ ᠳ᠋ᠤ ᠨᠡᠢᠭᠡᠮ᠎ᠦᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠢ  ᠭᠦᠢᠴᠡᠳᠬᠡᠵᠦ ᠦᠭᠪᠡ᠃ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 《ᠬᠠᠪᠰᠤᠷᠤᠨ ᠭᠦᠢᠴᠡᠳᠬᠡᠬᠦ》᠂《ᠣᠷᠣᠯᠠᠨ ᠭᠦᠢᠴᠡᠳᠬᠡᠬᠦ》 ᠬᠢᠭᠡᠳ 《ᠤᠬᠠᠭᠤᠯᠭ᠎ᠠ ᠦᠢᠯᠡᠴᠢᠯᠡᠭᠡᠨ᠎ᠦ ᠲᠡᠷᠭᠡ》 ᠵᠢ ᠬᠦᠨᠵᠡᠭᠡᠢ ᠠᠭᠤᠰᠤᠯᠴᠠᠭᠤᠯᠵᠤ᠂ ᠭᠠᠢᠯᠢ᠎ᠶᠢᠨ ᠶᠠᠪᠤᠳᠠᠯ᠂ ᠪᠠᠩᠬᠢ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠣᠯᠠᠨ ᠲᠦᠮᠡᠨ  ᠨᠡᠢᠭᠡᠮ᠎ᠦᠨ ᠪᠠᠲᠤᠯᠠᠭ᠎ᠠ᠎ᠶᠢᠨ ᠺᠠᠷᠲ ᠭᠤᠶᠤᠴᠢᠯᠠᠨ ᠠᠪᠬᠤ᠂ ᠬᠢᠷᠢ ᠬᠡᠮ᠎ᠤᠨ ᠬᠡᠷᠡᠴᠢᠯᠡᠯ ᠬᠢᠬᠦ᠂ ᠳᠠᠭᠠᠳᠬᠠᠯ᠎ᠳᠤ ᠣᠷᠣᠬᠤ ᠪᠡᠷ ᠲᠠᠩᠰᠠᠯᠠᠭᠤᠯᠬᠤ᠂ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ ᠬᠡᠮᠵᠢᠨ ᠪᠤᠳᠤᠬᠤ ᠵᠡᠷᠭᠡ ᠦᠢᠯᠡᠴᠢᠯᠡᠭᠡ ᠬᠠᠩᠭᠠᠬᠤ᠎ᠶᠢᠨ ᠬᠠᠮᠲᠤ᠂ ᠨᠡᠢᠭᠡᠮ ᠲᠣᠭᠣᠷᠢᠭ᠋᠂ ᠠᠵᠤ ᠠᠬᠤᠢᠯᠠᠯ᠂ ᠲᠦᠷᠭᠡᠨ ᠬᠦᠷᠭᠡᠯᠲᠡ᠎ᠶᠢᠨ ᠲᠣᠣᠷ ᠴᠡᠭ᠂  ᠲᠣᠬᠢᠷᠠᠭᠤᠯᠤᠨ ᠬᠦᠷᠭᠡᠬᠦ ᠥᠷᠲᠡᠭᠡ ᠴᠡᠭ᠎ᠲᠦ ᠭᠦᠨᠵᠡᠭᠡᠢᠷᠡᠵᠦ᠂ ᠠᠵᠢᠯ ᠣᠯᠭᠤᠵᠤ ᠦᠢᠯᠡᠰ ᠪᠤᠰᠬᠠᠬᠤ ᠲᠥᠷᠥ᠎ᠶᠢᠨ ᠪᠣᠳᠣᠯᠭ᠎ᠠ᠂ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ ᠵᠢᠴᠢ ᠲᠤᠬᠠᠢᠯᠠᠭᠰᠠᠨ ᠠᠵᠢᠯ᠎ᠢ ᠭᠦᠢᠴᠡᠳᠬᠡᠬᠦ ᠶᠠᠪᠤᠴᠠ ᠶ᠋ᠢ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ ᠳ᠋ᠡᠬᠡᠨ᠂ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ ᠠᠷᠭ᠎ᠠ ᠬᠡᠮᠵᠢᠶ᠎ᠡ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠵᠢ ᠴᠢᠩᠭᠠᠳᠬᠠᠨ᠂ ᠬᠡᠪᠴᠢᠶ᠎ᠡ᠎ᠶᠢ ᠨᠠᠷᠢᠯᠢᠭ᠋ ᠤᠨᠤᠴᠠᠲᠠᠢ᠎ᠪᠠᠷ ᠥᠷᠭᠡᠳᠬᠡᠨ᠂ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠬᠡ ᠬᠠᠩᠭᠠᠨ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠠᠷᠠᠳ᠎ᠤᠨ ᠰᠡᠳᠬᠢᠯ᠎ᠢ ᠳᠤᠯᠠᠭᠠᠴᠠᠭᠤᠯᠬᠤ ᠣᠨᠴᠠᠯᠢᠭ᠍ᠲᠤ ᠦᠢᠯᠡᠴᠢᠯᠡᠭᠡᠨ᠎ᠦ ᠲᠦᠷᠦᠯ ᠲᠠᠮᠳᠡᠭ᠎ᠢ᠎ᠪᠥᠬᠥ ᠬᠦᠴᠦᠨ᠎ᠢᠶᠡᠷ᠎ᠢᠶᠡᠨ ᠱᠤᠭᠤᠵᠤ᠂ ᠠᠷᠠᠳ ᠣᠯᠠᠨ᠎ᠤ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ᠋ ᠲᠦᠷᠦᠭᠲᠠᠯ᠎ᠢ ᠦᠷᠬᠦᠯᠵᠢᠯᠠᠨ ᠲᠠᠬᠡᠭᠰᠢᠯᠡᠬᠦᠯᠤᠨ᠎ᠠ ᠭᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面