ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-11-17 17:53:07

ᠵᠣᠬᠢᠶᠠᠭ᠍ᠴᠢ᠄ ᠶᠠᠩ ᠵᠠᠨ ᠹᠸᠢ ᠣᠩᠱᠢᠭ᠍ᠰᠠᠨ ᠣᠳᠠᠭ᠎ᠠ᠄ 3

《ᠪᠥᠬᠥ᠌ ᠠᠷᠠᠳ᠎ᠤᠨ ᠤᠩᠰᠢᠯᠭ᠎ᠠ᠎ᠶᠢ ᠠᠬᠢᠭᠤᠯᠬᠤ ᠲᠦᠷᠢᠮ》 ᠢ᠋ ᠲᠤᠭᠤᠰᠢᠯᠠᠭᠤᠯᠵᠤ᠂ 2026 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠦᠨ ᠡᠭᠦᠷᠭᠡ᠎ᠶᠢ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ ᠣᠶ᠋ᠢᠷ᠎ᠠ᠎ᠵᠢᠨ ᠡᠳᠤᠷ᠂ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠨᠡᠶ᠋ᠢᠭᠡᠮ᠎ᠦᠨ ᠠᠵᠢᠯ᠎ᠤᠨ ᠬᠡᠯᠲᠡᠰ᠂ ᠰᠤᠷᠭᠠᠨ ᠬᠥᠮᠦᠵᠢᠯ᠎ᠦᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠦᠬᠡ᠎ᠶᠢᠨ ᠳᠤᠷᠠᠰᠬᠠᠯᠲᠤ᠌ ᠵᠦᠢᠯᠡᠰ᠎ᠦᠨ ᠲᠣᠪᠴᠢᠶ᠎ᠠ ᠡᠴᠡ ᠬᠠᠮᠲᠤᠷᠠᠨ 《ᠪᠣᠳᠠᠲᠤ ᠴᠤᠬᠴᠠ ᠵᠢᠨ ᠨᠣᠮ᠎ᠤᠨ ᠳᠡᠯᠭᠡᠭᠦᠷ᠎ᠦᠨ ᠪᠥᠬᠥ᠌ ᠠᠷᠠᠳ᠎ᠤᠨ ᠤᠩᠰᠢᠯᠭ᠎ᠠ᠎ᠳᠤ ᠦᠢᠯᠡᠴᠢᠯᠡᠬᠦ᠌᠎ᠶᠢ ᠳᠡᠮᠵᠢᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠤᠬᠠᠭᠤᠯᠬᠤ ᠬᠡᠯᠲᠡᠰ ᠵᠡᠷᠭᠡ ᠵᠢᠨ ᠮᠡᠳᠡᠭᠳᠡᠯ》 ᠢ᠋ ᠳᠠᠷᠤᠮᠠᠯᠯᠠᠨ ᠲᠠᠷᠬᠠᠭᠠᠪᠠ᠃

ᠮᠡᠳᠡᠭᠳᠡᠯ᠎ᠳᠦ᠂ ᠨᠣᠮ᠎ᠤᠨ ᠳᠡᠯᠭᠡᠭᠦᠷ᠎ᠦᠨ ᠬᠠᠩᠭᠠᠯᠭ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠍᠂ 《ᠮᠢᠩᠭᠠᠨ ᠳᠡᠯᠭᠡᠭᠦᠷ᠎ᠦᠨ ᠳᠠᠷᠤᠭ᠎ᠠ》 ᠵᠢᠨ ᠪᠣᠯᠪᠠᠰᠤᠷᠠᠯ᠎ᠤᠨ ᠲᠥᠯᠥᠪᠯᠡᠭᠡ᠎ᠶᠢ ᠬᠡᠷᠡᠭᠵᠢᠭᠦᠯᠵᠦ᠍᠂ ᠨᠣᠮ᠎ᠤᠨ ᠳᠡᠯᠭᠡᠭᠦᠷ᠎ᠦᠨ ᠦᠢᠯᠡᠳᠭᠦᠨ ᠰᠣᠩᠭᠣᠬᠤ ᠴᠢᠳᠠᠪᠤᠷᠢ᠎ᠶᠢ ᠴᠢᠩᠭᠠᠳᠬᠠᠵᠤ᠂ 《ᠨᠣᠮ᠎ᠤᠨ ᠳᠡᠯᠭᠡᠭᠦᠷ᠎ᠦᠨ ᠭᠣᠣᠯ ᠲᠠᠶ᠋ᠢᠯᠪᠤᠷᠢᠯᠠᠭᠴᠢ》 ᠵᠢᠨ ᠤᠯᠠᠨ ᠨᠡᠶ᠋ᠢᠲᠡ᠎ᠶᠢᠨ ᠲᠤᠭ᠎ᠠ ᠪᠠᠷᠢᠮᠳᠠ ᠵᠢᠨ ᠬᠥᠮᠥᠷᠭᠡ᠎ᠶᠢ ᠪᠠᠶ᠋ᠢᠭᠤᠯᠵᠤ᠂ ᠰᠢᠨᠬᠤᠸᠠ ᠨᠣᠮ᠎ᠤᠨ ᠳᠡᠯᠭᠡᠭᠦᠷ᠎ᠦᠨ ᠳᠡᠯᠭᠡᠭᠦᠷ᠎ᠢᠶᠡᠨ ᠰᠢᠨᠡᠳᠬᠡᠬᠦ᠌᠎ᠶᠢ ᠠᠬᠢᠭᠤᠯᠵᠤ᠂ ᠠᠷᠠᠳ᠎ᠤᠨ ᠡᠵᠡᠩᠨᠡᠯᠲᠡ᠎ᠶᠢᠨ ᠨᠣᠮ᠎ᠤᠨ ᠳᠡᠯᠭᠡᠭᠦᠷ᠎ᠦᠨ ᠵᠦᠷᠢᠶᠡᠴᠢᠯᠡᠭᠰᠡᠨ ᠬᠥᠭᠵᠢᠯᠲᠡ᠎ᠶᠢ ᠵᠣᠷᠢᠭᠵᠢᠭᠤᠯᠵᠤ᠂ ᠨᠣᠮ᠎ᠤᠨ ᠳᠡᠯᠭᠡᠭᠦᠷ᠎ᠲᠦ᠍ ᠲᠦᠰᠢᠭᠯᠡᠨ ᠤᠩᠰᠢᠯᠭ᠎ᠠ᠎ᠶᠢ ᠳᠡᠯᠭᠡᠷᠡᠭᠦᠯᠬᠦ᠌ ᠰᠠᠢ᠌ᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠥᠷᠨᠢᠭᠦᠯᠬᠦ᠌ ᠬᠡᠷᠡᠭᠲᠡᠢ᠃ ᠤᠨᠴᠠᠯᠢᠬᠳᠤ ᠤᠩᠰᠢᠯᠭ᠎ᠠ᠎ᠶᠢᠨ ᠣᠷᠣᠨ ᠵᠠᠢ᠎ᠶᠢ ᠪᠤᠢ ᠪᠤᠯᠭᠠᠵᠤ᠂ ᠨᠢᠭᠡ ᠪᠦᠯᠦᠭ ᠭᠠᠵᠠᠷ ᠣᠷᠣᠨ᠎ᠤ ᠨᠣᠮ᠎ᠤᠨ ᠳᠡᠯᠭᠡᠭᠦᠷ᠂ ᠤᠨᠴᠠᠯᠢᠬᠳᠤ ᠨᠣᠮ᠎ᠤᠨ ᠳᠡᠯᠭᠡᠭᠦᠷ᠂ ᠭᠣᠣᠯ ᠰᠡᠳᠦᠪᠲᠦ᠍ ᠨᠣᠮ᠎ᠤᠨ ᠳᠡᠯᠭᠡᠭᠦᠷ ᠪᠣᠯᠤᠨ《ᠪᠠᠭ᠎ᠠ ᠮᠥᠷᠲᠡᠭᠡᠨ ᠭᠤᠶᠤ》ᠣᠷᠣᠨ ᠵᠠᠢ᠎ᠶᠢ ᠪᠠᠶ᠋ᠢᠭᠤᠯᠵᠤ᠂ ᠬᠤᠳᠠ᠎ᠶᠢᠨ ᠰᠢᠨᠡᠴᠢᠯᠡᠯᠲᠡ᠎ᠶᠢᠨ ᠠᠵᠢᠯᠯᠠᠭ᠎ᠠ᠎ᠳᠤ ᠠᠭᠤᠰᠤᠯᠴᠠᠵᠤ᠂ ᠪᠦᠷᠢᠨ ᠪᠦᠲᠦᠨ ᠨᠡᠶ᠋ᠢᠭᠡᠮ ᠲᠣᠭᠣᠷᠢᠭ ᠪᠣᠯᠤᠨ ᠬᠤᠳᠠ᠎ᠶᠢᠨ ᠨᠢᠭᠡ ᠮᠥᠴᠡ ᠵᠢᠨ ᠠᠷᠠᠳ᠎ᠲᠤ᠌ ᠲᠦᠬᠦᠮ ᠦᠵᠡᠭᠦᠯᠬᠦ᠌ ᠠᠮᠢᠳᠤᠷᠠᠯ᠎ᠤᠨ ᠲᠣᠭᠣᠷᠢᠭ᠎ᠲᠤ᠌ ᠣᠷᠣᠭᠤᠯᠬᠤ ᠬᠡᠷᠡᠭᠲᠡᠢ ᠭᠡᠵᠤ ᠲᠤᠷᠠᠳᠪᠠ᠃

ᠮᠡᠳᠡᠭᠳᠡᠯ᠎ᠳᠦ᠂ ᠨᠣᠮ᠎ᠤᠨ ᠳᠡᠯᠭᠡᠭᠦᠷ᠎ᠦᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡ᠎ᠳᠦ ᠣᠷᠣᠯᠴᠠᠬᠤ᠎ᠶᠢ ᠳᠡᠮᠵᠢᠵᠦ᠍᠂ ᠦᠨᠳᠦᠰᠦᠨ ᠱᠠᠲᠤᠨ᠎ᠤ ᠪᠦᠬᠦ ᠠᠷᠠᠳ ᠤ᠋ᠨ ᠤᠩᠰᠢᠯᠭ᠎ᠠ᠎ᠶᠢᠨ ᠲᠥᠬᠥᠭᠡᠷᠦᠮᠵᠢ᠎ᠶᠢᠨ ᠡᠵᠡᠩᠨᠡᠯᠲᠡ ᠬᠠᠮᠢᠶᠠᠷᠤᠯᠲᠠ᠂ ᠨᠣᠮ᠎ᠤᠨ ᠰᠠᠩ᠎ᠳ᠋ᠦ ᠨᠤᠮ ᠪᠢᠴᠢᠭ ᠬᠠᠩᠭᠠᠬᠤ ᠦᠢᠯᠡᠴᠢᠯᠡᠭᠡ ᠪᠠ ᠤᠩᠰᠢᠯᠭ᠎ᠠ᠎ᠶᠢᠨ ᠠᠵᠢᠯᠯᠠᠭ᠎ᠠ᠎ᠶᠢ ᠡᠭᠦᠷᠭᠡᠯᠡᠵᠦ᠍᠂ ᠨᠣᠮ᠎ᠤᠨ ᠳᠡᠯᠭᠡᠭᠦᠷ ᠬᠢᠭᠡᠳ ᠣᠯᠠᠨ ᠨᠡᠶ᠋ᠢᠲᠡ᠎ᠶᠢᠨ ᠰᠣᠶᠣᠯ᠎ᠤᠨ ᠪᠠᠶ᠋ᠢᠭᠤᠯᠤᠮᠵᠢ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠰᠢᠶᠠᠨ᠎ᠤ ᠱᠠᠲᠤᠨ᠎ᠤ ᠣᠯᠠᠨ ᠨᠡᠶ᠋ᠢᠲᠡ᠎ᠶᠢᠨ ᠨᠣᠮ᠎ᠤᠨ ᠰᠠᠩ᠎ᠤᠨ ᠶᠡᠷᠦᠩᠬᠡᠶ ᠬᠤᠪᠢᠶᠠᠷᠢ ᠣᠷᠳᠣᠨ᠎ᠤ ᠰᠢᠰᠲ᠋ᠧᠮ ᠪᠠ ᠰᠢᠨ᠎ᠡ ᠬᠡᠯᠪᠡᠷᠢ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠣᠷᠣᠨ ᠵᠠᠶ᠎ᠶᠢᠨ ᠲᠡᠳᠬᠦᠨ ᠳᠡᠮᠵᠢᠬᠦ᠌ ᠬᠡᠪᠴᠢᠶᠡᠨ᠎ᠳᠦ ᠣᠷᠣᠭᠤᠯᠬᠤ ᠬᠡᠷᠡᠭᠲᠡᠶ᠃ ᠨᠤᠮ᠎ᠤᠨ ᠬᠡᠰᠢᠭᠳᠤ ᠰᠤᠷᠭᠠᠭᠤᠯᠢ᠎ᠶᠢᠨ ᠬᠦᠷᠢᠶᠡᠨ᠎ᠦ ᠪᠦᠲᠦᠭᠡᠨ ᠪᠠᠶ᠋ᠢᠭᠤᠯᠤᠯᠲᠠ᠎ᠳᠤ ᠬᠦᠴᠦᠨ ᠣᠯᠭᠣᠵᠤ᠂ ᠨᠣᠮ᠎ᠤᠨ ᠳᠡᠯᠭᠡᠭᠦᠷ᠎ᠦᠨ ᠰᠤᠷᠭᠠᠭᠤᠯᠢ᠎ᠶᠢᠨ ᠭᠠᠳᠠᠨᠠᠬᠢ ᠤᠩᠰᠢᠯᠭ᠎ᠠ᠎ᠶᠢ ᠵᠢᠯᠣᠭᠣᠳᠬᠤ ᠬᠢᠴᠢᠶᠡᠯ᠎ᠦᠨ ᠲᠠᠩᠬᠢᠮ ᠪᠣᠯᠤᠨ ᠤᠩᠰᠢᠯᠭ᠎ᠠ᠎ᠶᠢᠨ ᠦᠢᠯᠡᠳᠦᠯᠭᠡ᠎ᠶᠢᠨ ᠰᠠᠭᠤᠷᠢᠨ ᠪᠠᠶ᠋ᠢᠭᠤᠯᠬᠤ᠎ᠶᠢ ᠵᠣᠷᠢᠭᠵᠢᠭᠤᠯᠤᠨ᠂ ᠰᠤᠷᠭᠠᠭᠤᠯᠢ᠎ᠶᠢᠨ ᠤᠩᠰᠢᠯᠭ᠎ᠠ᠎ᠶᠢᠨ ᠣᠷᠣᠨ ᠵᠠᠶ᠎ᠶᠢᠨ ᠪᠦᠲᠦᠭᠡᠨ ᠪᠠᠶ᠋ᠢᠭᠤᠯᠤᠯᠲᠠ᠂ ᠭᠣᠣᠯ ᠰᠡᠳᠦᠪᠲᠦ᠍ ᠤᠩᠰᠢᠯᠭ᠎ᠠ᠎ᠶᠢᠨ ᠠᠵᠢᠯᠯᠠᠭ᠎ᠠ ᠪᠣᠯᠤᠨ ᠨᠣᠮ᠎ᠤᠨ ᠰᠠᠩ᠎ᠤᠨ ᠨᠣᠮ ᠪᠢᠴᠢᠭ᠎ᠢ ᠰᠢᠨᠡᠳᠬᠡᠨ ᠨᠥᠬᠥᠪᠥᠷᠢᠯᠡᠬᠦ᠌᠎ᠳᠦ ᠣᠷᠣᠯᠴᠠᠭᠤᠯᠵᠤ᠂ ᠰᠤᠷᠭᠠᠭᠤᠯᠢ᠎ᠶᠢᠨ ᠬᠦᠷᠢᠶᠡᠨ᠎ᠳ᠋ᠡᠬᠢ ᠨᠣᠮ᠎ᠤᠨ ᠳᠡᠯᠭᠡᠭᠦᠷ᠎ᠦᠨ ᠪᠦᠲᠦᠭᠡᠨ ᠪᠠᠶ᠋ᠢᠭᠤᠯᠤᠯᠲᠠ᠎ᠶᠢ ᠲᠡᠳᠬᠦᠬᠦ᠌ ᠬᠡᠷᠡᠭᠲᠡᠶ ᠭᠡᠵᠤ ᠲᠤᠬᠳᠠᠭᠠᠪᠠ᠃

ᠮᠡᠳᠡᠭᠳᠡᠯ᠎ᠳᠦ᠂ ᠡᠳ᠋᠎ᠦᠨ ᠵᠠᠰᠠᠭ᠎ᠤᠨ ᠲᠡᠳᠬᠦᠨ ᠳᠡᠮᠵᠢᠬᠦ᠌ ᠪᠠ ᠬᠥᠲᠥᠯᠥᠨ ᠵᠢᠯᠣᠭᠣᠳᠬᠤ᠎ᠶᠢ ᠴᠢᠩᠭᠠᠳᠬᠠᠵᠤ᠂ ᠣᠷᠣᠨ ᠨᠤᠲᠤᠭ᠎ᠤᠨ ᠡᠳ᠋᠎ᠦᠨ ᠵᠠᠰᠠᠭ᠎ᠡᠴᠡ ᠨᠣᠮ᠎ᠤᠨ ᠳᠡᠯᠭᠡᠭᠦᠷ᠎ᠦᠨ ᠣᠯᠠᠨ ᠨᠡᠶ᠋ᠢᠲᠡ᠎ᠶᠢᠨ ᠤᠩᠰᠢᠯᠭ᠎ᠠ᠎ᠶᠢᠨ ᠦᠢᠯᠡᠴᠢᠯᠡᠭᠡ᠎ᠶᠢ ᠳᠠᠭᠠᠭᠠᠨ ᠠᠪᠬᠤ ᠵᠡᠷᠭᠡ ᠵᠠᠰᠠᠭ᠎ᠤᠨ ᠣᠷᠳᠣᠨ᠎ᠤ ᠦᠢᠯᠡᠴᠢᠯᠡᠭᠡ ᠬᠤᠳᠠᠯᠳᠤᠨ ᠠᠪᠬᠤ ᠲᠥᠷᠥᠯ ᠵᠦᠢᠯ᠎ᠳᠦ ᠡᠷᠬᠡ ᠲᠡᠭᠰᠢ᠎ᠪᠡᠷ ᠣᠷᠣᠯᠴᠠᠬᠤ᠎ᠶᠢ ᠳᠡᠮᠵᠢᠵᠦ᠍᠂ ᠲᠥᠪ᠎ᠦᠨ ᠡᠳ᠋᠎ᠦᠨ ᠵᠠᠰᠠᠭ᠎ᠡᠴᠡ ᠠᠵᠢᠯ᠎ᠤᠨ ᠠᠮᠵᠢᠯᠲᠠ ᠪᠦᠲᠦᠮᠵᠢ᠎ᠶᠢᠨ ᠱᠠᠩᠨᠠᠯ᠎ᠢ ᠢᠯᠡᠷᠡᠭᠦᠯᠵᠦ᠍᠂ ᠡᠯ᠎ᠡ ᠭᠠᠵᠠᠷ᠎ᠤᠨ᠎ᠬᠢᠨ ᠠᠷᠠᠳ᠎ᠲᠤ᠌ ᠠᠰᠢᠭ ᠬᠦᠷᠲᠡᠭᠡᠬᠦ᠌ ᠨᠣᠮ ᠪᠢᠴᠢᠭ ᠬᠤᠳᠠᠯᠳᠤᠨ ᠠᠪᠬᠤ ᠲᠡᠮᠳᠡᠭᠲᠦ᠍᠂ ᠪᠥᠬᠥ᠌ ᠠᠷᠠᠳ ᠤ᠋ᠨ ᠤᠨᠭᠰᠢᠯᠭ᠎ᠠ ᠵᠢᠨ ᠲᠡᠮᠳᠡᠭᠳᠤ ᠲᠠᠷᠬᠠᠭᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠨᠣᠮ ᠪᠢᠴᠢᠭ ᠤᠩᠰᠢᠬᠤ ᠪᠠ ᠪᠣᠷᠣᠯᠠᠭᠤᠯᠬᠤ᠎ᠶᠢ ᠳᠠᠶ᠋ᠢᠴᠢᠯᠠᠬᠤ ᠬᠡᠷᠡᠭᠲᠡᠶ᠃ ᠨᠣᠮ᠎ᠤᠨ ᠳᠡᠯᠭᠡᠭᠦᠷ᠎ᠦᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢᠶᠠᠨ ᠨᠡᠮᠡᠭᠳᠡᠭᠦᠯᠬᠦ᠌᠎ᠳᠦ ᠬᠦᠴᠦᠨ ᠨᠡᠮᠡᠷᠢᠯᠡᠵᠦ᠍᠂ ᠤᠯᠤᠰ᠎ᠤᠨ ᠥᠮᠴᠢᠯᠡᠯ ᠤ᠋ᠨ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠎ᠶᠢᠨ ᠲᠦᠷᠢᠶᠡᠰᠦᠨ ᠮᠥᠩᠭᠥ᠌ ᠵᠡᠷᠭᠡ ᠵᠠᠷᠤᠳᠠᠯ᠎ᠢ ᠬᠠᠰᠤᠵᠤ ᠬᠡᠯᠲᠦᠷᠢᠭᠦᠯᠬᠦ᠌᠎ᠶᠢ ᠵᠣᠷᠢᠭᠵᠢᠭᠤᠯᠤᠨ᠂ ᠨᠣᠮ᠎ᠤᠨ ᠳᠡᠯᠭᠡᠭᠦᠷ᠎ᠦᠨ ᠣᠯᠠᠨ ᠡᠰᠢᠵᠢᠭᠰᠡᠨ ᠡᠵᠡᠩᠨᠡᠯᠲᠡ᠎ᠶᠢᠨ ᠦᠨᠡᠮᠯᠡᠯ ᠭᠦᠢᠴᠡᠳᠬᠡᠬᠦ᠌ ᠶᠠᠪᠤᠴᠠ ᠵᠢ ᠰᠢᠯᠢᠳᠡᠭᠵᠢᠭᠦᠯᠵᠦ᠍᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠵᠣᠯᠭᠠᠭᠤᠯᠤᠨ ᠠᠭᠤᠰᠤᠯᠴᠠᠭᠤᠯᠬᠤ᠎ᠶᠢ ᠠᠬᠢᠭᠤᠯᠤᠨ᠂ ᠨᠣᠮ᠎ᠤᠨ ᠳᠡᠯᠭᠡᠭᠦᠷ᠎ᠦᠨ ᠭᠠᠵᠠᠷ᠎ᠤᠨ ᠵᠢᠷᠤᠭ᠎ᠤᠨ ᠠᠶᠠᠯᠠᠯ ᠵᠠᠮᠴᠢᠯᠠᠬᠤ᠎ᠶᠢ ᠳᠡᠯᠭᠡᠷᠡᠭᠦᠯᠵᠦ᠍᠂ ᠨᠣᠮ ᠪᠢᠴᠢᠭ᠎ᠢ ᠰᠦᠯᠵᠢᠶ᠎ᠡ᠎ᠪᠡᠷ ᠲᠠᠷᠬᠠᠭᠠᠬᠤ ᠡᠮᠬᠢ ᠵᠢᠷᠤᠮ᠎ᠢ ᠦᠷᠭᠦᠯᠵᠢᠯᠡᠨ ᠵᠢᠷᠤᠮᠵᠢᠭᠤᠯᠬᠤ ᠬᠡᠷᠡᠭᠲᠡᠶ ᠭᠡᠵᠤ ᠲᠤᠳᠤᠷᠬᠠᠢᠯᠠᠪᠠ᠃

ᠮᠡᠳᠡᠭᠳᠡᠯ᠎ᠳᠦ᠂ ᠡᠯ᠎ᠡ ᠭᠠᠵᠠᠷ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ᠍᠂ ᠡᠯ᠎ᠡ ᠵᠦᠢᠯ᠎ᠦᠨ ᠠᠵᠢᠯ᠎ᠤᠨ ᠲᠣᠬᠢᠷᠠᠭᠤᠯᠤᠯᠲᠠ᠎ᠲᠠᠶ ᠤᠶᠠᠯᠳᠤᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠠᠷᠭ᠎ᠠ ᠬᠡᠮᠵᠢᠶ᠎ᠡ᠎ᠶᠢ ᠨᠠᠷᠢᠯᠢᠬᠵᠢᠭᠤᠯᠵᠤ᠂ ᠬᠠᠮᠵᠢᠯᠴᠠᠨ ᠠᠬᠢᠭᠤᠯᠬᠤ ᠠᠵᠢᠯ᠎ᠤᠨ ᠲᠣᠭᠲᠠᠴᠠ᠎ᠶᠢ ᠪᠠᠶ᠋ᠢᠭᠤᠯᠤᠨ᠂ ᠨᠡᠶ᠋ᠢᠭᠡᠮ᠎ᠦᠨ ᠡᠯ᠎ᠡ ᠡᠲᠡᠭᠡᠳ᠎ᠦᠨ᠎ᠬᠢᠨ᠎ᠦ ᠨᠣᠮ᠎ᠤᠨ ᠳᠡᠯᠭᠡᠭᠦᠷ᠎ᠦᠨ ᠬᠥᠭᠵᠢᠯᠲᠡ᠎ᠶᠢ ᠳᠡᠮᠵᠢᠬᠦ᠌᠂ ᠪᠥᠬᠥ᠌ ᠠᠷᠠᠳ᠎ᠤᠨ ᠤᠩᠰᠢᠯᠭ᠎ᠠ᠎ᠳᠤ ᠣᠷᠣᠯᠴᠠᠬᠤ ᠥᠳᠬᠡᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠬᠤ᠎ᠶᠢ ᠠᠬᠢᠭᠤᠯᠬᠤ ᠬᠡᠷᠡᠭᠲᠡᠶ ᠭᠡᠵᠤ ᠲᠤᠷᠠᠳᠪᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 10᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面