ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-11-18 11:44:31

ᠵᠣᠬᠢᠶᠠᠭ᠍ᠴᠢ᠄ ᠪᠢᠯᠢᠭᠪᠡᠭᠠᠳᠤᠷ ᠣᠩᠱᠢᠭ᠍ᠰᠠᠨ ᠣᠳᠠᠭ᠎ᠠ᠄ 3

ᠤᠢᠷ᠎ᠠ᠎ᠳᠤ᠂ 《ᠲᠥᠷᠥ᠎ᠶᠢᠨ ᠪᠣᠳᠣᠯᠭ᠎ᠠ᠎ᠶᠢᠨ ᠵᠦᠢᠯ ᠵᠤᠷᠪᠤᠰ᠎ᠢ ᠦᠵᠡᠬᠦ᠎ᠳᠤ ᠦᠢᠯᠠᠭᠠᠴᠢᠬᠠᠬᠤ ᠪᠤᠯᠪᠠᠴᠦ ᠮᠠᠨ᠎ᠳᠤ ᠬᠠᠮᠢᠶᠠᠳᠠᠬᠤ ᠡᠰᠡᠬᠦ᠂ ᠬᠡᠷᠬᠢᠨ ᠮᠡᠳᠡᠭᠦᠯᠦᠨ ᠭᠤᠶᠤᠴᠢᠯᠠᠬᠤ ᠵᠡᠷᠭᠡ ᠵᠢ ᠵᠠᠷᠢᠮ ᠳ᠋ᠠᠭᠠᠨ ᠰᠠᠢᠨ ᠤᠢᠯᠠᠭᠠᠬᠤ ᠦᠭᠡᠢ ᠶᠤᠮ ᠡ 》 ᠭᠡᠵᠦ ᠲᠠᠶ᠋ᠢᠪᠤᠰᠧ ᠬᠣᠰᠢᠭᠤᠨ᠎ᠤ ᠣᠲᠣ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠦᠨ ᠳᠤᠮᠳᠠ ᠬᠡᠯᠪᠡᠷᠢ᠎ᠶᠢᠨ ᠠᠵᠤ ᠠᠬᠤᠶ᠋ᠢᠯᠠᠯ ᠱᠧᠩ᠎ᠲᠡᠶ ᠡᠯ (ᠥᠪᠥᠷ ᠮᠣᠩᠭᠣᠯ) ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠎ᠶᠢᠨ ᠬᠠᠷᠢᠭᠤᠴᠠᠯᠭᠠᠲᠠᠨ ᠶᠠᠷᠢᠭᠠᠳ ᠲᠠᠩᠰᠠᠨ᠎ᠳᠤ ᠤᠷᠤᠭᠰᠠᠨ ᠨᠥᠬᠥᠪᠥᠷᠢ᠎ᠶᠢᠨ ᠮᠡᠳᠡᠭᠡ ᠵᠠᠩᠭᠢ᠎ᠪᠠᠨ ᠤᠯᠤᠭᠠᠳ ᠮᠠᠰᠢ ᠬᠠᠨᠤᠮᠵᠢᠳᠠᠢ ᠶᠠᠷᠢᠵᠤ ᠪᠠᠢᠯ᠎ᠠ᠃

ᠡᠨᠡ ᠪᠣᠯ ᠰᠢᠯᠢ᠎ᠶᠢᠨ ᠭᠤᠤᠯ ᠠᠶ᠋ᠢᠮᠠᠭ᠎ᠤᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠤᠨ ᠬᠡᠪᠴᠢᠶ᠎ᠡ᠎ᠶᠢ ᠥᠷᠭᠡᠳᠬᠡᠬᠦ᠌ ᠨᠥᠬᠥᠪᠥᠷᠢ᠎ᠶᠢᠨ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠤᠭᠰᠠᠨ ᠨᠢᠭᠡᠨ ᠬᠤᠷᠢᠶᠠᠩᠭᠤᠶ ᠵᠢᠷᠤᠬᠯᠠᠯ ᠪᠣᠯᠤᠨ᠎ᠠ᠃ ᠣᠶ᠋ᠢᠯᠠᠭᠠᠭᠰᠠᠨ᠎ᠢᠶᠠᠷ᠂ 2026 ᠣᠨ᠎ᠤ 7 ᠰᠠᠷ᠎ᠠ᠎ᠶᠢᠨ ᠡᠬᠢ᠎ᠪᠡᠷ ᠲᠤᠰ ᠠᠵᠢᠯ᠎ᠢ ᠡᠬᠢᠯᠡᠭᠦᠯᠦᠭᠰᠡᠨ᠎ᠡᠴᠡ ᠨᠠᠭᠠᠰᠢ ᠰᠢᠯᠢ ᠵᠢᠨ ᠭᠤᠤᠯ ᠠᠶ᠋ᠢᠮᠠᠭ ᠦᠢᠯᠡᠳᠬᠦ᠌ ᠦᠢᠯᠡᠰ᠂ ᠠᠮᠢᠳᠤᠷᠠᠯ᠎ᠤᠨ ᠦᠢᠯᠡᠴᠢᠯᠡᠭᠡᠨ᠎ᠦ ᠦᠢᠯᠡᠰ ᠪᠠ ᠣᠲᠣ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠦᠨ ᠳᠤᠮᠳᠠ ᠪᠠᠭ᠎ᠠ ᠠᠵᠤ ᠠᠬᠤᠶ᠋ᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠣᠷᠳᠣ ᠬᠤᠭᠤᠴᠠᠭ᠎ᠠ᠎ᠠᠵᠢᠯ ᠠᠯᠳᠠᠭᠰᠠᠳ᠂ ᠳᠠᠬᠢᠨ ᠶᠠᠳᠠᠭᠤᠷᠠᠬᠤ᠎ᠡᠴᠡ ᠰᠡᠷᠭᠡᠶ᠋ᠢᠯᠡᠬᠦ᠌ ᠭᠤᠷᠪᠠᠨ ᠲᠥᠷᠥᠯ᠎ᠦᠨ ᠭᠤᠤᠯᠳᠠᠯᠭᠠᠲᠠᠶ ᠬᠥᠮᠦᠰ᠎ᠢ ᠣᠨᠣᠪᠴᠢᠲᠠᠶ ᠲᠣᠭᠲᠠᠭᠠᠵᠤ᠂ ᠪᠦᠯᠦᠭ ᠬᠤᠪᠢᠶᠠᠨ ᠬᠠᠷᠭᠤᠭᠤᠯᠤᠨ ᠪᠠᠶ᠋ᠢᠴᠠᠭᠠᠬᠤ᠂ ᠱᠠᠲᠤ᠌ ᠬᠤᠪᠢᠶᠠᠨ ᠨᠠᠶ᠋ᠢᠳᠠᠪᠤᠷᠢᠵᠢᠭᠤᠯᠬᠤ᠂ ᠰᠣᠯᠪᠢᠴᠠᠭᠤᠯᠤᠨ ᠬᠠᠷᠢᠴᠠᠭᠤᠯᠬᠤ᠂ ᠰᠢᠭᠰᠢᠨ ᠪᠠᠶ᠋ᠢᠴᠠᠭᠠᠬᠤ᠂ ᠬᠢᠷᠢ ᠬᠡᠮ᠎ᠢ ᠬᠢᠨᠠᠨ ᠰᠢᠯᠭᠠᠬᠤ᠂ ᠨᠥᠬᠥᠪᠥᠷᠢ᠎ᠶᠢ ᠨᠠᠶ᠋ᠢᠳᠠᠪᠤᠷᠢᠵᠢᠭᠤᠯᠬᠤ ᠵᠡᠷᠭᠡ ᠡᠯ᠎ᠡ ᠭᠣᠭᠴᠣᠭᠠᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ᠃ ᠣᠳᠣᠬᠠᠨ᠎ᠳᠤ᠂ ᠪᠥᠬᠥ᠌ ᠠᠶ᠋ᠢᠮᠠᠭ ᠨᠢᠭᠡᠨᠲᠡ 1570 ᠬᠥᠮᠦᠨ᠎ᠤ ᠨᠥᠬᠥᠪᠥᠷᠢ᠎ᠶᠢᠨ ᠭᠤᠶᠤᠴᠢᠯᠠᠯ᠎ᠢ ᠭᠥᠯᠢᠶᠡᠨ ᠠᠪᠴᠤ᠌ ᠰᠢᠢᠳᠪᠦᠷᠢᠯᠡᠨ᠂ 841 ᠬᠥᠮᠦᠨ᠎ᠳᠦ ᠨᠡᠶ᠋ᠢᠭᠡᠮ᠎ᠦᠨ ᠳᠠᠭᠠᠳᠬᠠᠯ᠎ᠤᠨ ᠨᠥᠬᠥᠪᠥᠷᠢ᠎ᠶᠢ 140.83 ᠲᠦᠮᠡᠨ ᠲᠥᠭᠥᠷᠢᠭ ᠤᠯᠭᠤᠵᠦ᠂ ᠵᠢᠱ᠌ᠢᠯᠲᠡ᠎ᠪᠡᠷ ᠵᠢᠯ᠎ᠦᠨ ᠡᠴᠦᠰ᠎ᠲᠦ᠍ ᠨᠡᠶ᠋ᠢᠭᠡᠮ᠎ᠦᠨ ᠳᠠᠭᠠᠳᠬᠠᠯ᠎ᠤᠨ ᠬᠡᠪᠴᠢᠶ᠎ᠡ᠎ᠶᠢ ᠥᠷᠭᠡᠳᠬᠡᠬᠦ᠌ ᠲᠥᠷᠥ᠎ᠶᠢᠨ ᠪᠣᠳᠣᠯᠭ᠎ᠠ᠎ᠶᠢᠨ ᠪᠠᠯᠠ ᠮᠥᠩᠭᠥ᠎ᠶᠢ 400 ᠲᠦᠮᠡᠨ ᠲᠥᠭᠥᠷᠢᠭ᠎ᠡᠴᠡ ᠳᠡᠭᠡᠭᠰᠢ ᠪᠠᠭᠤᠯᠭᠠᠬᠤ ᠪᠡᠷ ᠪᠤᠢ᠃

ᠭᠤᠤᠯᠳᠠᠯᠭᠠᠲᠠᠢ ᠬᠥᠮᠦᠰ᠎ᠢ ᠰᠢᠭᠰᠢᠨ ᠪᠠᠶ᠋ᠢᠴᠠᠭᠠᠬᠤ ᠠᠵᠢᠯ᠎ᠤᠨ ᠳᠤᠮᠳᠠ᠂ ᠰᠢᠯᠢ᠎ᠶᠢᠨ ᠭᠤᠤᠯ ᠠᠶ᠋ᠢᠮᠠᠭ 《ᠳ᠋ᠠᠶ᠋ᠢᠲ᠋ᠠ᠎ᠶᠢᠨ ᠬᠦᠮᠦᠷᠭᠡ》 ᠵᠢᠨ 5861 ᠵᠤᠷᠪᠤᠰ ᠮᠡᠳᠡᠭᠡ ᠵᠠᠡᠭᠭᠢ ᠵᠢ ᠨᠠᠷᠢᠪᠴᠢᠯᠠᠨ ᠰᠢᠭᠰᠢᠵᠦ᠂ ᠵᠤᠷᠪᠤᠰ ᠳᠠᠷᠠᠭᠠᠯᠠᠨ ᠬᠠᠷᠢᠴᠠᠭᠤᠯᠵᠤ᠂ ᠱᠠᠲᠤ᠌ ᠱᠠᠲᠤ᠎ᠪᠠᠷ ᠬᠠᠷᠭᠤᠭᠤᠯᠤᠨ ᠪᠠᠶ᠋ᠢᠴᠠᠭᠠᠵᠤ᠂ ᠡᠴᠦᠰ᠎ᠲᠦ᠍ ᠨᠥᠬᠥᠪᠥᠷᠢ ᠥᠭᠬᠦ᠌ ᠨᠥᠬᠥᠴᠡᠯ᠎ᠳᠦ ᠨᠡᠶ᠋ᠢᠴᠡᠬᠦ᠌ 2514 ᠵᠤᠷᠪᠤᠰ ᠲᠣᠭ᠎ᠠ ᠪᠠᠷᠢᠮᠲᠠ᠎ᠶᠢ ᠰᠢᠭᠰᠢᠨ ᠭᠠᠷᠭᠠᠵᠤ᠂ ᠨᠥᠬᠥᠴᠡᠯ᠎ᠳᠦ ᠦᠯᠦ ᠨᠡᠢᠴᠡᠬᠦ 3347 ᠵᠤᠷᠪᠤᠰ᠎ᠢ ᠴᠥᠮ ᠰᠢᠯᠲᠠᠭᠠᠨ᠎ᠢ᠎ᠨᠢ ᠲᠣᠳᠣᠷᠬᠠᠶ᠋ᠢᠯᠠᠵᠠᠶ᠃ ᠪᠥᠬᠥ᠌ ᠲᠠᠯ᠎ᠠ᠎ᠪᠠᠷ ᠬᠠᠷᠭᠤᠭᠤᠯᠤᠨ ᠪᠠᠶ᠋ᠢᠴᠠᠭᠠᠵᠤ ᠪᠦᠷᠢᠳᠬᠡᠭᠰᠡᠨ᠎ᠢᠶᠡᠷ᠂ ᠪᠥᠬᠥ᠌ ᠠᠶ᠋ᠢᠮᠠᠭ᠎ᠤᠨ ᠲᠥᠷᠥ᠎ᠶᠢᠨ ᠪᠣᠳᠣᠯᠭ᠎ᠠ᠎ᠶᠢᠨ ᠨᠥᠬᠥᠴᠡᠯ᠎ᠳᠦ ᠨᠡᠶ᠋ᠢᠴᠡᠬᠦ᠌ ᠠᠵᠤ ᠠᠬᠤᠶ᠋ᠢᠯᠠᠯ 212 ᠪᠠᠶ᠋ᠢᠵᠤ᠂ 22 ᠦᠢᠯᠡᠳᠬᠦ ᠠᠵᠦ ᠦᠢᠯᠡᠰ᠂ 83 ᠠᠮᠢᠳᠤᠷᠠᠯ᠎ᠤᠨ ᠦᠢᠯᠡᠴᠢᠯᠡᠭᠡᠨ᠎ᠦ ᠦᠢᠯᠡᠰ᠂ 107 ᠣᠲᠣ ᠦᠶ᠎ᠡ᠎ᠶᠢᠨ ᠦᠢᠯᠡᠴᠢᠯᠡᠭᠡᠨ᠎ᠤ ᠠᠵᠦ ᠠᠬᠤᠢᠯᠠᠯ᠎ᠢ ᠬᠠᠮᠤᠷᠴᠤ᠌᠂ ᠡᠨᠡ ᠨᠢ 472.19 ᠲᠦᠮᠡᠨ ᠲᠥᠭᠥᠷᠢᠭ᠎ᠦᠨ ᠨᠥᠬᠥᠪᠥᠷᠢ ᠮᠥᠩᠭᠥ᠎ᠲᠠᠢ ᠬᠣᠯᠪᠣᠭᠳᠠᠵᠠᠶ᠃ ᠡᠨᠡ ᠰᠠᠭᠤᠷᠢᠨ ᠳᠡᠭᠡᠷ᠎ᠡ᠂ ᠠᠵᠢᠯᠲᠠᠨ᠎ᠤ ᠪᠠᠢᠳᠠᠯ᠎ᠢ ᠡᠷᠦᠬᠡ ᠳᠠᠷᠠᠭᠠᠯᠠᠨ ᠲᠤᠬᠠᠢ ᠵᠢᠨ ᠭᠠᠵᠠᠷ᠎ᠲᠤᠨᠢ ᠬᠢᠨᠠᠨ ᠬᠠᠷᠭᠤᠭᠤᠯᠵᠤ᠂ ᠰᠠᠶ᠋ᠢᠨ ᠳᠤᠷ᠎ᠠ ᠡᠴᠡ᠎ᠪᠠᠨ ᠭᠤᠶᠤᠴᠢᠯᠠᠬᠤ ᠵᠢ ᠲᠠᠳᠠᠭᠠᠯᠵᠠᠭᠰᠠᠨ ᠬᠦᠮᠦᠰ᠎ᠢ ᠰᠢᠭᠰᠢᠭᠳᠡᠭᠦᠯᠵᠦ᠂ ᠡᠴᠦᠰ᠎ᠲᠦ ᠲᠥᠷᠥ᠎ᠶᠢᠨ ᠪᠣᠳᠣᠯᠭ᠎ᠠ᠎ᠳᠤ ᠨᠡᠶ᠋ᠢᠴᠡᠬᠦ᠌ 2206 ᠬᠥᠮᠦᠨ᠎ᠢ ᠲᠣᠭᠲᠠᠭᠠᠵᠤ᠂ ᠨᠥᠬᠥᠴᠡᠯ᠎ᠳᠦ ᠨᠡᠶ᠋ᠢᠴᠡᠬᠦ᠌ ᠡᠲᠡᠭᠡᠳ᠎ᠦᠨ ᠡᠳ᠋ᠯᠡᠪᠡᠰᠦ ᠵᠣᠬᠢᠬᠤ ᠬᠠᠷᠠᠭᠠᠯᠵᠠᠯ᠎ᠢ ᠨᠠᠢᠳᠠᠪᠤᠷᠢᠵᠢᠭᠤᠯᠵᠠᠢ᠃

《ᠥᠩᠭᠡᠷᠡᠭᠰᠡᠨ᠎ᠳᠦ ᠣᠯᠠᠨ ᠲᠦᠮᠡᠨ ᠲᠥᠷᠥ᠎ᠶᠢᠨ ᠪᠣᠳᠣᠯᠭ᠎ᠠ ᠮᠡᠳᠡᠭᠡ ᠵᠠᠡᠭᠭᠢ ᠵᠢ ᠰᠤᠷᠠᠭᠯᠠᠵᠦ ᠪᠠᠢᠭᠰᠠᠨ ᠪᠤᠯ ᠡᠳᠦᠭᠡ ᠪᠢᠳᠡ ᠲᠣᠭ᠎ᠠ ᠪᠠᠷᠢᠮᠲᠠ᠎ᠪᠠᠷ ᠬᠥᠮᠦᠨ᠎ᠢ ᠡᠷᠢᠵᠦ᠍ ᠪᠠᠢᠨ᠎ᠠ》᠃ ᠡᠨᠡ ᠪᠣᠯ ᠰᠢᠯᠢ᠎ᠶᠢᠨ ᠭᠣᠣᠯ ᠠᠶ᠋ᠢᠮᠠᠭ᠎ᠤᠨ ᠲᠤᠰ ᠠᠵᠢᠯ᠎ᠢ ᠠᠬᠢᠭᠤᠯᠬᠤ᠎ᠳᠤ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ᠃ ᠪᠥᠬᠥ᠌ ᠠᠶ᠋ᠢᠮᠠᠭ᠎ᠭᠤᠶᠤᠴᠢᠯᠠᠨ ᠮᠡᠳᠡᠭᠦᠯᠬᠦ᠌᠎ᠶᠢ ᠰᠠᠨᠠᠭᠠᠴᠢᠯᠠᠭ᠎ᠠ ᠥᠬᠡᠶ ᠬᠦᠯᠢᠶᠡᠬᠦ᠌ ᠬᠠᠭᠤᠴᠢᠨ ᠠᠷᠭ᠎ᠠ᠎ᠪᠠᠨ ᠲᠠᠶᠠᠭᠳᠠᠵᠤ᠂ ᠬᠠᠷᠢᠶ᠎ᠠ ᠣᠷᠣᠨ᠎ᠤ ᠠᠵᠤ ᠠᠬᠤᠶ᠋ᠢᠯᠠᠯ᠎ᠢ ᠪᠦᠬᠦᠨ᠎ᠢ ᠬᠠᠮᠤᠷᠴᠤ᠌ ᠪᠠᠶ᠋ᠢᠴᠠᠭᠠᠨ ᠵᠢᠭᠰᠠᠭᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠭᠠᠶ᠋ᠢᠯᠢ᠎ᠶᠢᠨ ᠶᠠᠪᠤᠳᠠᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠬᠣᠯᠪᠣᠭᠠᠯᠠᠨ ᠬᠥᠳᠡᠯᠦᠯᠴᠡᠬᠦ᠌᠎ᠶᠢ ᠭᠦᠨᠵᠡᠭᠡᠶ᠋ᠢᠷᠡᠭᠦᠯᠵᠦ᠍᠂ ᠠᠵᠢᠯ ᠲᠥᠷᠥᠯ᠎ᠦᠨ ᠲᠣᠭ᠎ᠠ ᠪᠠᠷᠢᠮᠲᠠ᠎ᠶᠢ ᠨᠡᠢᠳᠬᠡᠵᠦ᠂ ᠠᠵᠤ ᠠᠬᠤᠶ᠋ᠢᠯᠠᠯ᠎ᠤᠨ ᠪᠣᠳᠠᠲᠤ᠌ ᠪᠠᠶ᠋ᠢᠳᠠᠯ᠎ᠢ ᠲᠣᠳᠣᠷᠬᠠᠶ ᠤᠶ᠋ᠢᠯᠠᠭᠠᠨ᠂ ᠠᠵᠢᠯᠲᠠᠨ᠎ᠤ ᠬᠥᠳᠡᠯᠦᠯ ᠪᠠᠶ᠋ᠢᠳᠠᠯ᠎ᠢ ᠡᠵᠡᠮᠰᠢᠵᠦ᠍᠂ ᠬᠠᠷᠢᠴᠠᠭᠤᠯᠤᠨ ᠰᠢᠭᠰᠢᠨ ᠪᠠᠶ᠋ᠢᠴᠠᠭᠠᠬᠤ ᠳᠤᠮᠳᠠ ᠤᠨᠤᠪᠴᠢ ᠦᠭᠡᠢ ᠮᠡᠳᠡᠭᠡ ᠵᠠᠩᠭᠢ᠎ᠶᠢ ᠲᠠᠶᠠᠭᠳᠠᠵᠦ᠂ ᠲᠣᠭᠲᠠᠭᠠᠯ᠎ᠳᠤ ᠨᠡᠶ᠋ᠢᠴᠡᠭᠰᠡᠨ ᠵᠠᠬ᠎ᠠ ᠳᠡᠯᠭᠡᠭᠦᠷ᠎ᠦᠨ ᠭᠤᠤᠯ ᠴᠣᠭᠴᠠ ᠪᠣᠯᠤᠨ ᠠᠵᠢᠯᠲᠠᠨ᠎ᠢ ᠲᠤᠶ᠋ᠢᠯ᠎ᠤᠨ ᠣᠨᠣᠪᠴᠢᠲᠠᠶ᠎ᠬᠠᠢᠨ ᠲᠤᠭᠳᠠᠭᠠᠬᠰᠠᠨ ᠪᠠᠢᠨ᠎ᠠ᠃

ᠡᠭᠦᠨ᠎ᠦ ᠬᠠᠮᠲᠤ᠌᠂ ᠰᠢᠯᠢ᠎ᠶᠢᠨ ᠭᠤᠤᠯ ᠠᠶ᠋ᠢᠮᠠᠭ ᠡᠪᠯᠡᠯ᠎ᠦᠨ ᠬᠣᠷᠢᠶ᠎ᠠ᠂ ᠠᠷᠠᠳ᠎ᠤᠨ ᠶᠠᠪᠤᠳᠠᠯ᠂ ᠠᠵᠢᠯᠴᠢᠨ᠎ᠤ ᠡᠪᠯᠡᠯ ᠵᠡᠷᠭᠡ ᠰᠠᠯᠠᠭ᠎ᠠ ᠮᠥᠴᠢᠷ᠎ᠢ᠎ᠲᠠᠢᠴᠢᠯᠠᠨ᠂ 3 ᠲᠥᠷᠥᠯ᠎ᠦᠨ ᠭᠤᠤᠯᠳᠠᠯᠭ᠎ᠠ᠎ᠲᠠᠶ ᠬᠦᠮᠦᠰ᠎ᠢ ᠰᠤᠷᠪᠤᠯᠵᠢᠯᠠᠨ ᠵᠢᠭᠰᠠᠭᠠᠵᠤ᠂ ᠰᠠᠨᠠᠭᠠᠴᠢᠯᠠᠭ᠎ᠠ᠎ᠡᠴᠡ᠎ᠪᠠᠨ ᠭᠦᠨᠵᠡᠭᠡᠢ ᠦᠢᠯᠡᠴᠢᠯᠡᠵᠦ᠂ ᠭᠤᠶᠤᠴᠢᠯᠠᠨ ᠮᠡᠳᠡᠭᠦᠯᠬᠦ᠌᠎ᠶᠢ ᠵᠢᠯᠣᠭᠤᠳᠤᠨ᠂ ᠰᠢᠭᠤᠳ ᠨᠥᠬᠥᠪᠥᠷᠢᠯᠡᠵᠦ᠍ ᠲᠦᠷᠭᠡᠨ ᠭᠦᠢᠴᠡᠳᠬᠡᠬᠦ᠌ ᠲᠣᠭᠲᠠᠴᠠ᠎ᠶᠢ ᠨᠠᠶ᠋ᠢᠳᠠᠪᠤᠷᠢᠵᠢᠭᠤᠯᠪᠠ᠃ ᠬᠡᠰᠡᠭ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠦᠭᠰᠡᠨ᠎ᠨᠢ ᠵᠢᠷᠤᠮᠵᠢᠯ ᠥᠬᠡᠶ᠂ ᠣᠯᠠᠨ ᠲᠦᠮᠡᠨ ᠭᠤᠶᠤᠴᠢᠯᠠᠨ ᠠᠪᠴᠤ᠌ ᠴᠢᠳᠠᠬᠤ ᠥᠬᠡᠶ ᠪᠠᠶ᠋ᠢᠬᠤ ᠠᠰᠠᠭᠤᠳᠠᠯ᠎ᠳᠤ ᠴᠢᠭᠯᠡᠭᠦᠯᠦᠨ᠂ ᠡᠯ᠎ᠡ ᠭᠠᠵᠠᠷ᠎ᠤᠨ᠎ᠬᠢᠨ ᠠᠵᠤ ᠠᠬᠤᠶ᠋ᠢᠯᠠᠯ ᠪᠠ ᠡᠷᠦᠬᠡ᠎ᠳᠦ ᠭᠦᠨᠵᠡᠭᠡᠢᠷᠡᠬᠦ ᠵᠢ ᠱᠠᠯᠠᠪᠳᠠᠭᠤᠯᠵᠦ᠂ ᠲᠥᠷᠥ᠎ᠶᠢᠨ ᠪᠣᠳᠣᠯᠭ᠎ᠠ᠎ᠶᠢ ᠨᠢᠭᠡᠳ ᠨᠢᠭᠡ᠎ᠪᠡᠷ ᠲᠠᠶ᠋ᠢᠯᠪᠤᠷᠢᠯᠠᠨ᠂ ᠮᠠᠲ᠋ᠧᠷᠢᠶᠠᠯ᠎ᠢ ᠬᠠᠪᠰᠤᠷᠤᠨ ᠲᠡᠭᠦᠯᠳᠡᠷᠵᠢᠭᠦᠯᠵᠦ᠍᠂ ᠭᠠᠷᠲᠠᠨ ᠭᠦᠢᠴᠡᠳᠬᠡᠬᠦ᠌ ᠴᠣᠩᠬᠣᠪᠴᠢ᠎ᠶᠢ ᠠᠵᠤ ᠠᠬᠤᠶ᠋ᠢᠯᠠᠯ᠎ᠤᠨ ᠦᠢᠯᠡᠳᠪᠦᠷᠢ᠎ᠶᠢᠨ ᠲᠠᠰᠤᠭ ᠪᠠ ᠨᠡᠶ᠋ᠢᠭᠡᠮ ᠲᠣᠭᠣᠷᠢᠭ᠎ᠤᠨ ᠡᠭᠦᠳᠡᠨ᠎ᠳᠦ ᠨᠡᠭᠦᠯᠭᠡᠪᠡ᠃ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢ ᠵᠡᠷᠭᠡ᠎ᠪᠡᠷ ᠠᠬᠢᠭᠤᠯᠵᠤ᠂ 《ᠠᠵᠤ ᠠᠬᠤᠶ᠋ᠢᠯᠠᠯ᠎ᠳᠤ ᠣᠷᠣᠭᠤᠯᠬᠤ᠂ ᠨᠡᠶ᠋ᠢᠭᠡᠮ ᠲᠣᠭᠣᠷᠢᠭ᠎ᠲᠤ᠌ ᠣᠷᠣᠭᠤᠯᠬᠤ》 ᠲᠤᠰᠬᠠᠶ ᠠᠵᠢᠯᠯᠠᠭ᠎ᠠ᠎ᠨᠢ ᠨᠡᠶ᠋ᠢᠭᠡᠮ ᠲᠣᠭᠣᠷᠢᠭ᠎ᠤᠨ ᠵᠢᠷᠬᠢᠶ᠎ᠡ ᠵᠢᠨ ᠬᠤᠯᠪᠤᠭ᠎ᠠ᠎ᠳᠤ ᠲᠦᠰᠢᠭᠯᠡᠨ᠂ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠬᠢᠵᠤ᠂ ᠭᠤᠶᠤᠴᠢᠯᠠᠨ ᠮᠡᠳᠡᠭᠦᠯᠬᠦ᠌ ᠨᠥᠬᠥᠴᠡᠯ ᠪᠠ ᠭᠦᠢᠴᠡᠳᠬᠡᠬᠦ᠌ ᠴᠤᠪᠤᠷᠠᠯ᠎ᠢ ᠪᠠᠶ᠋ᠢᠩᠭᠤᠵᠢᠭᠤᠯᠤᠨ᠂ ᠪᠤᠳᠠᠳᠤ ᠴᠤᠬᠴᠠ ᠳ᠋ᠤ ᠨᠠᠷᠢᠨ ᠣᠨᠣᠪᠴᠢᠲᠠᠶ ᠤᠬᠠᠭᠤᠯᠤᠨ ᠲᠠᠶ᠋ᠢᠯᠪᠤᠷᠢᠯᠠᠵᠤ᠂ ᠮᠠᠳᠠᠭ᠎ᠲᠠᠶ ᠠᠰᠠᠭᠤᠳᠠᠯ᠎ᠳᠤ ᠰᠢᠭᠤᠳ ᠬᠠᠷᠢᠭᠤᠯᠲᠠ ᠥᠭᠴᠦ᠍᠂ ᠤᠯᠠᠨ ᠲᠦᠮᠡᠨ᠎ᠤ ᠲᠥᠷᠥ᠎ᠶᠢᠨ ᠪᠣᠳᠣᠯᠭ᠎ᠠ ᠵᠢ 《ᠤᠢᠯᠠᠭᠠᠬᠤ ᠦᠭᠡᠢ᠂ ᠤᠬᠠᠬᠤ ᠦᠭᠡᠢ᠂ ᠭᠤᠶᠤᠴᠢᠯᠠᠨ ᠮᠡᠳᠡᠭᠦᠯᠵᠦ᠍ ᠴᠢᠳᠠᠬᠤ ᠥᠬᠡᠶ》 ᠬᠦᠴᠢᠷᠳᠡᠯ᠎ᠢ ᠪᠦᠲᠦᠮᠵᠢᠳᠡᠢ ᠠᠷᠢᠯᠭᠠᠵᠠᠢ᠃

《ᠨᠥᠬᠥᠪᠥᠷᠢ ᠵᠢ ᠠᠯᠢ ᠲᠦᠷᠭᠡᠨ ᠵᠢᠡᠷ ᠠᠵᠦ ᠠᠬᠤᠢᠯᠠᠯ᠎ᠳᠤ ᠤᠯᠭᠤᠬᠤ ᠨᠢ ᠲᠤᠬᠠᠢ ᠵᠢᠨ ᠠᠵᠦ ᠠᠬᠤᠢᠯᠠᠯ ᠬᠢᠭᠡᠳ ᠠᠵᠢᠯᠳᠠᠨ ᠠᠵᠢᠯᠴᠢᠳ᠎ᠤᠨ ᠲᠠᠷᠤᠭᠠᠰᠤ ᠵᠢ ᠬᠦᠡᠭᠭᠡᠷᠡᠭᠦᠯᠵᠦ ᠪᠠᠢᠭ᠎ᠠ ᠶᠠᠪᠤᠳᠠᠯ ᠶᠤᠮ᠃ ᠮᠠᠨ᠎ᠦ ᠬᠠᠷᠠᠯᠲᠠ ᠪᠣᠯ ᠲᠥᠷᠥ᠎ᠶᠢᠨ ᠪᠣᠳᠣᠯᠭ᠎ᠠ᠎ᠶᠢ ᠬᠠᠮᠤᠭ᠎ᠤᠨ ᠬᠡᠷᠡᠭᠴᠡᠭᠡ᠎ᠲᠡᠶ ᠬᠥᠮᠦᠨ᠎ᠳᠦ ᠬᠦᠷᠭᠡᠨ᠎ᠡ》 ᠭᠡᠵᠦ ᠰᠢᠯᠢ᠎ᠶᠢᠨ ᠭᠤᠤᠯ ᠠᠶ᠋ᠢᠮᠠᠭ᠎ᠤᠨ ᠠᠵᠢᠯ ᠣᠯᠭᠣᠬᠤ ᠦᠢᠯᠡᠴᠢᠯᠡᠭᠡᠨ᠎ᠦ ᠲᠥᠪ᠎ᠦᠨ ᠠᠵᠢᠯ ᠣᠯᠭᠣᠬᠤ ᠵᠢ ᠠᠬᠢᠭᠤᠯᠵᠦ ᠦᠶᠡᠰ ᠦᠢᠯᠡᠰ ᠪᠤᠰᠬᠠᠬᠤ ᠵᠢ ᠲᠡᠮᠵᠢᠬᠦ ᠰᠠᠯᠠᠭᠠᠨ᠎ᠤ ᠳᠠᠷᠤᠭ᠎ᠠ ᠬᠠᠨ ᠰᠢᠶᠤᠤ ᠴᠢᠶᠠᠩ ᠬᠡᠯᠡᠭᠰᠡᠨ ᠪᠠᠢᠨ᠎ᠠ᠃ ᠬᠠᠷᠭᠤᠭᠤᠯᠤᠨ ᠪᠠᠶ᠋ᠢᠴᠠᠭᠠᠵᠤ ᠭᠠᠷᠭᠠᠭᠰᠠᠨ ᠲᠥᠷᠥ᠎ᠶᠢᠨ ᠪᠣᠳᠣᠯᠭ᠎ᠠ᠎ᠳᠤ ᠨᠡᠶ᠋ᠢᠴᠡᠭᠰᠡᠨ ᠲᠣᠭ᠎ᠠ ᠪᠠᠷᠢᠮᠲᠠ ᠨᠢᠭᠡᠪᠦᠷᠢ ᠵᠢ ᠴᠥᠮ 《ᠲᠤᠰᠬᠠᠢ ᠬᠦᠮᠦᠨ ᠬᠠᠷᠭᠤᠭᠤᠯᠵᠦ ᠨᠠᠢᠳᠠᠪᠤᠷᠢᠵᠢᠭᠤᠯᠬᠤ》 ᠵᠢ ᠪᠡᠶᠡᠯᠡᠭᠦᠯᠵᠠᠢ᠃

ᠲᠥᠷᠥ᠎ᠶᠢᠨ ᠪᠣᠳᠣᠯᠭ᠎ᠠ᠎ᠶᠢᠨ ᠠᠰᠢᠭ ᠲᠤᠰᠠ ᠵᠢ ᠦᠷᠭᠦᠯᠵᠢᠯᠡᠨ ᠪᠠᠳᠠᠷᠠᠭᠤᠯᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠰᠢᠯᠢ᠎ᠶᠢᠨ ᠭᠤᠤᠯ ᠠᠶ᠋ᠢᠮᠠᠭ ᠨᠡᠶ᠋ᠢᠭᠡᠮ᠎ᠦᠨ ᠳᠠᠭᠠᠳᠬᠠᠯ᠎ᠤᠨ ᠬᠡᠪᠴᠢᠶ᠎ᠡ᠎ᠶᠢ ᠥᠷᠭᠡᠳᠬᠡᠬᠦ᠌ ᠨᠥᠬᠥᠪᠥᠷᠢ᠎ᠶᠢ ᠨᠠᠶ᠋ᠢᠳᠠᠪᠤᠷᠢᠵᠢᠭᠤᠯᠬᠤ᠎ᠶᠢ ᠭᠤᠤᠯᠳᠠᠯᠭ᠎ᠠ᠎ᠲᠠᠶ ᠠᠵᠢᠯ ᠣᠯᠭᠣᠬᠤ ᠠᠵᠢᠯ᠎ᠳᠤ ᠵᠢᠭᠰᠠᠭᠠᠵᠤ᠂ ᠭᠠᠷᠠᠭ ᠪᠦᠷᠢ ᠲᠣᠬᠢᠷᠠᠭᠤᠯᠤᠯᠲᠠ ᠬᠢᠵᠦ᠍᠂ ᠰᠠᠷ᠎ᠠ ᠪᠦᠷᠢ ᠵᠠᠷᠯᠠᠨ ᠮᠡᠳᠡᠭᠳᠡᠬᠦ᠌ ᠲᠣᠭᠲᠠᠴᠠ᠎ᠶᠢ ᠬᠡᠷᠡᠭᠵᠢᠭᠦᠯᠦᠨ᠂ ᠠᠶ᠋ᠢᠮᠠᠭ᠂ ᠬᠣᠰᠢᠭᠤ ᠬᠣᠶᠠᠷ ᠱᠠᠲᠤᠨ᠎ᠤ ᠬᠠᠷᠢᠭᠤᠴᠠᠯᠭ᠎ᠠ᠎ᠶᠢ ᠴᠢᠩᠭ᠎ᠠ ᠪᠥᠭᠡᠳ ᠪᠣᠳᠠᠲᠠᠶ ᠨᠠᠶ᠋ᠢᠳᠠᠪᠤᠷᠢᠵᠢᠭᠤᠯᠵᠤ᠂ ᠠᠵᠢᠯ᠎ᠤᠨ ᠬᠤᠪᠢᠶᠠᠷᠢᠯᠠᠯ᠎ᠢᠶᠠᠨ ᠨᠠᠷᠢᠯᠢᠭᠵᠢᠭᠤᠯᠤᠨ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠲᠣᠭ᠎ᠠ ᠪᠠᠷᠢᠮᠲᠠ᠎ᠶᠢ ᠪᠠᠶ᠋ᠢᠴᠠᠭᠠᠨ ᠵᠢᠭᠰᠠᠭᠠᠬᠤ᠂ ᠬᠢᠷᠢ ᠬᠡᠮ᠎ᠢ ᠬᠢᠨᠠᠨ ᠰᠢᠯᠭᠠᠬᠤ᠂ ᠭᠤᠶᠤᠴᠢᠯᠠᠨ ᠮᠡᠳᠡᠭᠦᠯᠬᠦ᠌᠎ᠶᠢ ᠭᠥᠯᠢᠶᠡᠨ ᠠᠪᠴᠤ᠌ ᠰᠢᠢᠳᠪᠦᠷᠢᠯᠡᠬᠦ᠌᠂ ᠨᠥᠬᠥᠪᠥᠷᠢ᠎ᠶᠢ ᠪᠣᠳᠠᠲᠠᠶ᠋ᠢᠵᠢᠭᠤᠯᠬᠤ᠎ᠶᠢ ᠪᠠᠶ᠋ᠢᠩᠭᠤᠵᠢᠭᠤᠯᠤᠨ ᠠᠬᠢᠭᠤᠯᠪᠠ᠃ ᠠᠵᠢᠯ᠎ᠤᠨ ᠳᠤᠮᠳᠠ ᠡᠬᠡ ᠲᠠᠩᠰᠠ᠎ᠶᠢ ᠬᠠᠮᠢᠶᠠᠷᠬᠤ᠂ ᠴᠠᠭ ᠬᠢᠵᠠᠭᠠᠷᠯᠠᠨ ᠭᠦᠢᠴᠡᠳᠬᠡᠵᠦ᠍ ᠳᠠᠭᠤᠰᠬᠠᠬᠤ ᠲᠦᠷᠢᠮ᠎ᠢ ᠪᠠᠶ᠋ᠢᠭᠤᠯᠵᠤ᠂ ᠨᠢᠭᠡᠨᠲᠡ ᠲᠣᠭᠲᠠᠭᠠᠭᠰᠠᠨ ᠬᠥᠮᠦᠰ᠎ᠢ ᠬᠥᠮᠦᠨ ᠳᠠᠷᠠᠭᠠᠯᠠᠨ ᠮᠥᠷᠳᠡᠵᠦ᠍᠂ ᠬᠠᠷᠠᠬᠠᠨ ᠮᠡᠳᠡᠭᠦᠯᠦᠭᠡᠳᠦᠶ ᠬᠥᠮᠦᠰ᠎ᠢ ᠰᠠᠨᠠᠭᠤᠯᠵᠤ᠂ ᠨᠥᠬᠥᠴᠡᠯ᠎ᠳᠦ ᠨᠡᠶ᠋ᠢᠴᠡᠬᠦ᠌ ᠭᠤᠤᠯᠳᠠᠯᠭ᠎ᠠ᠎ᠲᠠᠶ ᠬᠥᠮᠦᠰ᠎ᠦᠨ ᠨᠢᠭᠡ ᠡᠷᠦᠬᠡ᠎ᠶᠢ ᠴᠦ᠍ ᠣᠷᠬᠢᠭᠳᠠᠭᠤᠯᠬᠤ ᠥᠬᠡᠶ᠂ ᠨᠢᠭᠡ ᠬᠥᠮᠦᠨ᠎ᠢ ᠴᠦ᠍ ᠣᠷᠬᠢᠭᠳᠠᠭᠤᠯᠬᠤ ᠥᠬᠡᠶ ᠪᠠᠶ᠋ᠢᠬᠤ᠎ᠶᠢ ᠪᠠᠲᠤᠯᠠᠬᠤ ᠪᠡᠷ ᠴᠢᠷᠮᠠᠢᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面