ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2025-11-10 10:23:50

ᠵᠣᠬᠢᠶᠠᠭ᠍ᠴᠢ᠄ ᠪᠢᠯᠢᠭᠪᠡᠭᠠᠳᠤᠷ ᠣᠩᠱᠢᠭ᠍ᠰᠠᠨ ᠣᠳᠠᠭ᠎ᠠ᠄ 3

ᠤᠢᠷ᠎ᠡ᠎ᠳᠦ ᠪᠠᠷᠠᠭᠤᠨ ᠦᠵᠦᠮᠦᠴᠢᠨ ᠬᠤᠰᠢᠭᠤ ᠠᠳᠤᠭᠤᠨ᠎ᠤ ᠦᠢᠯᠡᠰ᠎ᠤᠨ ᠬᠦᠭᠵᠢᠭᠦᠯᠦᠯᠳᠡ ᠵᠢᠨ ᠲᠤᠰᠬᠠᠢ ᠴᠢᠳᠠᠪᠤᠷᠢᠳᠠᠨ᠎ᠤ ᠪᠤᠯᠪᠠᠰᠤᠷᠠᠯ ᠡᠷᠬᠢᠯᠡᠵᠦ᠂ ᠠᠳᠤᠭᠤ ᠮᠠᠯᠵᠢᠵᠦ ᠪᠠᠢᠭ᠎ᠠ ᠮᠠᠯᠴᠢᠳ᠂ ᠠᠳᠤᠭᠤᠨ᠎ᠤ ᠠᠵᠦ ᠦᠢᠯᠡᠰ ᠡᠷᠬᠢᠯᠡᠭᠴᠢᠳ ᠵᠡᠷᠭᠡ ᠬᠠᠮᠢᠶ᠎ᠠ ᠪᠦᠬᠦᠢ ᠠᠵᠢᠯ ᠲᠦᠷᠦᠯ᠎ᠤᠨ ᠬᠢᠨ᠎ᠳᠤ ᠰᠤᠷᠤᠯᠴᠠᠵᠦ ᠰᠤᠳᠤᠯᠬᠤ ᠰᠠᠢᠬᠠᠨ ᠲᠠᠪᠴᠠᠡᠭ ᠬᠠᠡᠭᠭᠠᠵᠠᠢ᠃

ᠲᠤᠰ ᠤᠳᠠᠭᠠᠨ᠎ᠤ ᠪᠤᠯᠪᠠᠰᠤᠷᠠᠯ᠎ᠳᠤ ᠮᠠᠡᠭᠯᠠᠢ ᠫᠷᠤᠹᠸᠰᠰᠤᠷ᠂ ᠱ᠌ᠢᠷᠤᠡᠭᠬᠤᠸᠠᠷ᠂ ᠡᠷᠬᠢᠮᠪᠤᠯᠠᠭ ᠵᠡᠷᠭᠡ ᠠᠳᠤᠭᠤᠨ᠎ᠤ ᠦᠢᠯᠡᠰ᠎ᠤᠨ ᠲᠤᠰᠬᠠᠢ ᠮᠡᠷᠭᠡᠵᠢᠯᠳᠡᠳ ᠡᠴᠡ ᠠᠳᠤᠭᠤᠨ ᠰᠤᠶᠤᠯ᠎ᠤᠨ ᠤᠯᠠᠮᠵᠢᠯᠠᠯ ᠵᠠᠯᠭᠠᠮᠵᠢᠯᠠᠯ᠂ ᠠᠳᠤᠭᠤᠨ᠎ᠤ ᠦᠢᠯᠡᠰ᠎ᠢ ᠠᠭᠤᠳᠠᠯᠤᠨ ᠬᠦᠭᠵᠢᠭᠦᠯᠬᠦ᠂ ᠤᠳᠤ ᠦᠶ᠎ᠡ ᠵᠢᠨ ᠠᠳᠤᠭᠤᠨ᠎ᠤ ᠦᠢᠯᠡᠰ᠎ᠤᠨ ᠬᠡᠯᠬᠢᠶ᠎ᠡ ᠵᠢ ᠬᠡᠷᠬᠢᠨ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠯᠤᠭ᠎ᠠ ᠭᠦᠨᠵᠡᠭᠡᠢ ᠠᠭᠤᠰᠤᠯᠴᠠᠭᠤᠯᠬᠤ ᠪᠤᠯᠤᠨ ᠪᠠᠷᠠᠭᠤᠨ ᠦᠵᠦᠮᠦᠴᠢᠨ ᠬᠤᠰᠢᠭᠤᠨ᠎ᠤ ᠲᠤᠬᠠᠢ ᠵᠢᠨ ᠭᠠᠵᠠᠷ᠎ᠤᠨ ᠲᠠᠪᠠᠭᠤᠯᠢᠭ᠎ᠢ ᠬᠡᠷᠬᠢᠨ ᠪᠠᠳᠠᠷᠠᠭᠤᠯᠬᠤ ᠲᠤᠬᠠᠢ ᠲᠤᠰᠬᠠᠢ ᠰᠡᠳᠦᠪ ᠵᠢᠡᠷ ᠶᠠᠷᠢᠶ᠎ᠠ ᠲᠠᠢᠯᠤᠮᠵᠢ ᠬᠢᠵᠠᠢ᠃

ᠲᠤᠰᠬᠠᠢ ᠮᠡᠷᠭᠡᠵᠢᠯᠳᠡᠳ ᠡᠴᠡ ᠪᠤᠳᠠᠳᠤ ᠦᠢᠯᠡᠳᠦᠯᠭᠡ ᠪᠡᠷ ᠦᠯᠢᠭᠡᠷ ᠵᠢᠱ᠌ᠢᠶ᠎ᠠ ᠪᠤᠯᠭᠠᠵᠦ᠂ ᠮᠤᠡᠭᠭᠤᠯ ᠠᠳᠤᠭᠤᠨ᠎ᠤ ᠠᠮᠢᠳᠤ ᠪᠤᠳᠠᠰ᠎ᠤᠨ ᠰᠢᠨᠵᠢ ᠤᠨᠴᠠᠯᠢᠭ᠂ ᠪᠠᠰᠠ ᠮᠤᠡᠭᠭᠤᠯ ᠮᠤᠷᠢᠨ ᠪ ᠵᠤᠷᠢᠭ ᠰᠠᠨᠠᠭᠠᠨ᠎ᠤ ᠪᠤᠳᠠᠳᠤ ᠠᠭᠤᠯᠬᠤᠨ ᠵᠡᠷᠭᠡ ᠲᠠᠯ᠎ᠠ ᠵᠢ ᠨᠢᠮᠪᠠᠢ ᠰᠠᠢᠬᠠᠨ ᠲᠠᠢᠯᠪᠤᠷᠢᠯᠠᠵᠦ᠂ ᠪᠤᠯᠪᠠᠰᠤᠷᠠᠯ᠎ᠳᠤ ᠤᠷᠤᠯᠴᠠᠭᠰᠠᠳ᠎ᠲᠦ ᠨᠢᠭᠡ ᠤᠳᠠᠭᠠᠨ᠎ᠤ ᠤᠨᠤᠯ ᠦᠢᠯᠡᠳᠦᠯᠭᠡ ᠵᠢ ᠤᠷᠭᠠᠨᠢᠭ ᠵᠢᠠᠷ ᠤᠶᠠᠯᠳᠤᠭᠤᠯᠤᠭᠰᠠᠨ ᠰᠤᠳᠤᠯᠵᠦ ᠰᠤᠷᠤᠯᠴᠠᠭᠤᠰᠢᠳᠠᠢ ᠬᠢᠴᠢᠶᠡᠯᠯᠡᠭᠡ ᠬᠦᠷᠳᠡᠭᠡᠵᠠᠢ᠃ ᠡᠭᠦᠨ᠎ᠳᠤ ᠠᠳᠤᠭᠤᠨ᠎ᠤ ᠲᠡᠤᠬᠡ ᠰᠤᠶᠤᠯ᠎ᠤᠨ ᠵᠤᠭᠰᠤᠯᠳᠠ ᠡᠴᠡ ᠲᠤᠮᠳᠠᠳᠤ ᠤᠯᠤᠰ᠎ᠤᠨ ᠠᠳᠤᠭᠤᠨ ᠰᠤᠶᠤᠯ᠎ᠤᠨ ᠢᠷᠡᠯ ᠲᠡᠤᠬᠡᠨ ᠤᠯᠪᠠᠭ᠎ᠠ ᠬᠢᠭᠡᠳ ᠤᠮᠠᠷᠠᠳᠤ ᠬᠢᠯᠢ ᠵᠢᠨ ᠰᠤᠶᠤᠯ᠎ᠤᠨ ᠠᠭᠤᠰᠤᠯᠴᠠᠯ᠎ᠤᠨ ᠲᠤᠬᠠᠢ ᠲᠠᠢᠯᠤᠮᠵᠢ ᠨᠢ ᠠᠳᠤᠭᠤᠨ᠎ᠤ ᠠᠵᠤ ᠦᠢᠯᠡᠰ ᠡᠷᠬᠢᠯᠡᠭᠴᠢᠳ᠎ᠲᠦ ᠤᠨᠤᠯ᠎ᠤᠨ ᠲᠠᠯ᠎ᠠ ᠵᠢᠨ ᠮᠡᠳᠡᠯᠭᠡ ᠵᠢ ᠲᠠᠨᠢᠯᠴᠠᠭᠤᠯᠵᠦ᠂ ᠬᠤᠢᠰᠢᠳᠠ ᠵᠢᠨ ᠲᠤᠰ ᠬᠤᠰᠢᠭᠤᠨ᠎ᠤ ᠠᠳᠤᠭᠤᠨ ᠰᠤᠶᠤᠯ᠎ᠤᠨ IP ᠵᠢ ᠴᠤᠭᠴᠠᠯᠠᠬᠤ᠂ ᠭᠠᠵᠠᠷ ᠤᠷᠤᠨ᠎ᠤ ᠤᠨᠴᠠᠯᠢᠭᠳᠤ ᠲᠦᠷᠦᠯ ᠲᠡᠮᠳᠡᠭ᠎ᠢ ᠠᠯᠳᠠᠷᠰᠢᠭᠤᠯᠬᠤ᠎ᠳᠤ ᠪᠠᠳᠤ ᠴᠢᠡᠭᠭ᠎ᠠ ᠤᠨᠤᠯ᠎ᠤᠨ ᠲᠤᠯᠭᠠᠭᠤᠷᠢᠯᠠᠯ ᠪᠤᠯᠤᠨ ᠴᠢᠭᠯᠡᠯ ᠬᠠᠡᠭᠭᠠᠵᠦ ᠦᠭᠴᠠᠢ᠃

ᠪᠤᠯᠪᠠᠰᠤᠷᠠᠯ᠎ᠳᠤ ᠤᠷᠤᠯᠴᠠᠭᠴᠢ ᠮᠦᠡᠭᠭᠦᠨᠲᠤᠯᠢ ᠰᠤᠷᠪᠤᠯᠵᠢᠯᠠᠭ᠎ᠠ ᠬᠦᠯᠢᠶᠡᠬᠦ ᠳ᠋ᠡᠬᠡᠨ᠄ 《ᠲᠤᠰ ᠤᠳᠠᠭᠠᠨ᠎ᠤ ᠠᠳᠤᠭᠤᠨ᠎ᠤ ᠦᠢᠯᠡᠰ᠎ᠤᠨ ᠬᠦᠭᠵᠢᠭᠦᠯᠦᠯᠳᠡ ᠵᠢᠨ ᠲᠤᠰᠬᠠᠢ ᠴᠢᠳᠠᠪᠤᠷᠢᠳᠠᠨ᠎ᠤ ᠪᠤᠯᠪᠠᠰᠤᠷᠠᠯ᠎ᠳᠤ ᠤᠷᠤᠯᠴᠠᠭᠰᠠᠨ ᠳ᠋ᠠᠭᠠᠨ ᠮᠠᠰᠢ ᠤᠯᠵᠠᠭᠤᠷᠬᠠᠵᠦ ᠪᠠᠢᠨ᠎ᠠ᠂ ᠡᠷᠳᠡᠮᠳᠡᠨ ᠲᠤᠰᠬᠠᠢ ᠮᠡᠷᠭᠡᠵᠢᠯᠳᠡᠨ᠎ᠤ ᠲᠠᠢᠯᠤᠮᠵᠢ ᠡᠴᠡ ᠪᠢ ᠮᠤᠡᠭᠭᠤᠯ ᠠᠳᠤᠭᠤᠨ᠎ᠤ ᠲᠠᠪᠠᠭᠤᠯᠢᠭ ᠲᠠᠯ᠎ᠠ᠎ᠵᠢ ᠨᠡᠡᠭ ᠭᠦᠨᠵᠡᠭᠡᠢ ᠲᠠᠨᠢᠵᠦ᠂ ᠬᠤᠢᠰᠢᠳᠠ ᠵᠢᠨ ᠠᠵᠦ ᠦᠢᠯᠡᠰᠵᠢᠭᠦᠯᠦᠯᠳᠡ ᠵᠢᠨ ᠵᠠᠮᠨᠠᠯ ᠳ᠋ᠠᠭᠠᠨ ᠤᠨᠤᠯ᠎ᠤᠨ ᠲᠠᠯ᠎ᠠ ᠵᠢᠨ ᠮᠡᠳᠡᠯᠭᠡ ᠵᠢ ᠬᠤᠷᠠᠮᠳᠤᠭᠤᠯᠵᠦ ᠤᠢᠯᠠᠭᠠᠵᠦ ᠠᠪᠤᠯ᠎ᠠ》 ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面