2026-10-15 09:31:29
ᠦᠪᠡᠷᠳᠡᠭᠡᠨ ᠵᠠᠰᠠᠬᠤ ᠤᠷᠤᠨᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨᠤ ᠲᠢᠡᠭᠬᠢᠮ 《ᠡᠳᠦᠷ ᠤ᠋ᠨ ᠭᠤᠷᠪᠠᠨ ᠡᠷᠡᠨ ᠤ᠋ ᠬᠤᠭᠤᠯᠠ ᠵᠢ ᠰᠠᠬᠢᠨ ᠬᠠᠮᠠᠭᠠᠯᠠᠬᠤ》 ᠢᠳᠡᠭᠡᠨ ᠤ᠋ ᠠᠮᠤᠷ ᠲᠦᠪᠰᠢᠨ ᠤ᠋ ᠭᠤᠷᠪᠠᠨ ᠵᠢᠯ ᠤ᠋ᠨ ᠴᠡᠭᠴᠡᠯᠡᠨ ᠵᠠᠰᠠᠬᠤ ᠲᠤᠰᠭᠠᠢ ᠠᠵᠢᠯᠯᠠᠭ᠎ᠠ ᠳ᠋ᠠᠭᠠᠨ ᠲᠠᠷᠢᠶᠠᠨ ᠭᠠᠵᠠᠷ᠂ ᠲᠠᠷᠢᠶᠠᠯᠠᠩ ᠤ᠋ᠨ ᠮᠠᠲᠸᠷᠢᠶᠠᠯ᠂ ᠦᠢᠯᠡᠳᠪᠦᠷᠢᠯᠡᠯ ᠤ᠋ᠨ ᠶᠠᠪᠤᠴᠠ ᠵᠢ ᠴᠢᠩᠭ᠎ᠠ ᠠᠨᠭᠬᠠᠷᠴᠤ᠂ ᠡᠬᠢ ᠡᠭᠦᠰᠦᠯ ᠡᠴᠡ ᠨᠢ ᠭᠡᠮ ᠰᠤᠭᠤᠭ ᠢ᠋ ᠵᠢᠬᠰᠠᠭᠠᠨ ᠪᠠᠢᠴᠠᠭᠠᠬᠤ᠂ ᠦᠢᠯᠡᠳᠪᠦᠷᠢᠯᠡᠯ ᠢ᠋ ᠵᠢᠷᠤᠮᠵᠢᠭᠤᠯᠬᠤ᠂ ᠡᠮᠬᠢ ᠵᠢᠷᠦᠮ ᠦᠭᠡᠢ ᠪᠠᠢᠳᠠᠯ ᠢ᠋ ᠴᠢᠩᠭ᠎ᠠ ᠪᠠᠢᠴᠠᠭᠠᠬᠤ ᠵᠢ ᠦᠷᠨᠢᠭᠦᠯᠵᠦ᠂ ᠢᠳᠡᠭᠡᠨ ᠤ᠋ ᠲᠦᠷᠦᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠠᠮᠤᠷ ᠲᠦᠪᠰᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠬᠢᠵᠢᠬᠦᠯᠵᠤ ᠪᠤᠢ᠃
ᠭᠠᠷᠤᠯᠲᠠ ᠶ᠋ᠢᠨ ᠤᠷᠤᠨ ᠤ᠋ ᠬᠥᠷᠦᠰᠦ ᠰᠢᠷᠤᠢ ᠶ᠋ᠢᠨ ᠶᠠᠰᠤ ᠴᠢᠨᠠᠷ ᠢ᠋ ᠴᠢᠩᠭ᠎ᠠ ᠡᠵᠡᠮᠳᠡᠵᠦ᠂ ᠪᠥᠬᠦ᠌ ᠣᠷᠤᠨ ᠳ᠋ᠤ 257 ᠭᠠᠷᠤᠯᠲᠠ ᠶ᠋ᠢᠨ ᠣᠷᠤᠨ ᠤ᠋ ᠬᠥᠷᠦᠰᠦ ᠰᠢᠷᠤᠢ ᠶ᠋ᠢᠨ ᠶᠠᠰᠤ ᠴᠢᠨᠠᠷ ᠢ᠋ ᠬᠢᠨᠠᠨ ᠬᠡᠮᠵᠢᠬᠦ᠌ ᠴᠡᠭ ᠪᠠᠶ᠋ᠢᠭᠤᠯᠵᠤ᠂ ᠬᠥᠷᠦᠰᠦ ᠰᠢᠷᠤᠢ ᠪᠠ ᠲᠠᠷᠢᠶᠠᠯᠠᠩ ᠤ᠋ᠨ ᠪᠦᠲᠦᠭᠡᠭᠳᠡᠬᠦᠨ ᠢ᠋ ᠵᠡᠷᠭᠡ ᠪᠡᠷ ᠬᠢᠨᠠᠨ ᠬᠡᠮᠵᠢᠬᠦ ᠵᠢ ᠪᠠᠶ᠋ᠢᠩᠭᠤᠵᠢᠭᠤᠯᠤᠨ ᠥᠷᠨᠢᠭᠦᠯᠪᠡ᠃ ᠡᠭᠦᠨ ᠤ᠋ ᠬᠠᠮᠲᠤ ᠣᠷᠭᠠᠨᠢᠭ ᠪᠣᠷᠲᠤᠭᠤᠷ ᠣᠷᠤᠭᠤᠯᠬᠤ᠂ ᠡᠰᠢ ᠰᠦᠷᠡᠯ ᠢ᠋ ᠲᠠᠷᠢᠶᠠᠨ ᠭᠠᠵᠠᠷ ᠲᠤᠨᠢ ᠦᠯᠡᠳᠡᠭᠡᠬᠦ᠂ ᠲᠠᠷᠢᠮᠠᠯ ᠤ᠋ᠨ ᠪᠦᠲᠦᠴᠡ ᠵᠢ ᠰᠢᠯᠢᠳᠡᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠪᠥᠬᠦ᠌ ᠣᠷᠤᠨ ᠤ᠋ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠦᠷᠭᠦᠯᠵᠢᠯᠡᠨ ᠳᠡᠭᠡᠭᠰᠢᠯᠡᠭᠦᠯᠪᠡ᠃ ᠴᠠᠭᠠᠵᠠᠯᠠᠬᠤ ᠪᠠ ᠬᠢᠵᠠᠭᠠᠷᠯᠠᠬᠤ ᠲᠠᠷᠢᠶᠠᠨ ᠡᠮ ᠢ᠋ ᠬᠡᠷᠡᠭᠯᠡᠬᠦ ᠵᠢ ᠲᠤᠰᠭᠠᠶ᠋ᠢᠯᠠᠨ ᠴᠡᠭᠴᠡᠯᠡᠨ ᠵᠠᠰᠠᠬᠤ᠂ ᠤᠰᠤᠨ ᠭᠠᠷᠤᠯᠲᠠ ᠶ᠋ᠢᠨ ᠲᠡᠵᠢᠭᠡᠨ ᠦᠷᠡᠵᠢᠭᠦᠯᠬᠦ ᠳ᠋ᠤ ᠳᠤᠷ᠎ᠠ ᠪᠡᠷ ᠢ᠋ᠶ᠋ᠡᠨ ᠡᠮ ᠬᠡᠷᠡᠭᠯᠡᠬᠦ᠌᠂ ᠲᠠᠷᠢᠶᠠᠨ ᠡᠮ ᠪᠠ ᠮᠠᠯ ᠤ᠋ᠨ ᠡᠮ ᠢ᠋ ᠦᠢᠯᠡᠳᠪᠦᠷᠢᠯᠡᠵᠦ᠍ ᠡᠵᠡᠩᠨᠡᠵᠦ᠍ ᠬᠡᠷᠡᠭᠯᠡᠬᠦ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠍᠂ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠪᠣᠬᠢᠷᠲᠤᠯ᠎ᠦᠭᠡᠢ ᠪᠡᠷ ᠰᠡᠷᠭᠡᠶ᠋ᠢᠯᠡᠨ ᠡᠵᠡᠮᠳᠡᠬᠦ᠌ ᠪᠠ ᠬᠢᠮᠢ ᠶ᠋ᠢᠨ ᠪᠤᠷᠳᠤᠭᠤᠷ ᠲᠠᠷᠢᠶᠠᠨ ᠡᠮ ᠤ᠋ᠨ ᠬᠡᠷᠡᠭᠯᠡᠯᠲᠡ ᠵᠢ ᠬᠠᠰᠤᠵᠤ ᠪᠠᠭᠠᠰᠭᠠᠬᠤ ᠮᠡᠷᠭᠡᠵᠢᠯ ᠢ᠋ ᠶᠡᠬᠡ ᠪᠡᠷ ᠳᠡᠯᠭᠡᠷᠡᠭᠦᠯᠵᠦ᠂ ᠣᠳᠤᠬᠠᠨ ᠳ᠋ᠤ ᠪᠥᠬᠦ᠌ ᠣᠷᠤᠨ ᠤ᠋ ᠬᠢᠮᠢ ᠶ᠋ᠢᠨ ᠪᠣᠷᠳᠤᠭᠤᠷ᠂ ᠲᠠᠷᠢᠶᠠᠨ ᠡᠮ ᠬᠡᠷᠡᠭᠯᠡᠬᠦ᠌ ᠬᠡᠮᠵᠢᠶ᠎ᠡ ᠵᠢᠯ ᠳᠠᠷᠠᠭᠠᠯᠠᠨ ᠪᠠᠭᠠᠰᠪᠠ᠃
ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ᠋ ᠪᠦᠬᠦ᠌ ᠲᠠᠯ᠎ᠠ ᠪᠡᠷ ᠠᠬᠢᠭᠤᠯᠵᠤ᠂ 1043 ᠵᠦᠢᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠩ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠠᠵᠢᠯᠯᠠᠬᠤ ᠲᠦᠷᠢᠮ ᠢ᠋ ᠲᠤᠬᠲᠠᠭᠠᠬᠰᠠᠨ ᠪᠠ ᠵᠠᠰᠠᠪᠤᠷᠢ ᠣᠷᠤᠭᠤᠯᠤᠨ ᠬᠡᠷᠡᠭᠵᠢᠭᠦᠯᠪᠡ᠃ ᠢᠳᠡᠭᠡᠨ ᠤ᠋ ᠲᠦᠷᠦᠯ ᠤ᠋ᠨ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠠᠷᠢᠮᠵᠢᠶ᠎ᠠ ᠳ᠋ᠤ ᠬᠦᠷᠦᠭᠰᠡᠨ ᠢ᠋ ᠠᠮᠠᠯᠠᠬᠰᠠᠨ ᠬᠢᠷᠢ ᠲᠡᠩᠴᠡᠭᠰᠡᠨ ᠦᠨᠡᠮᠯᠡᠯ ᠤ᠋ᠨ ᠲᠦᠷᠢᠮ ᠢ᠋ ᠴᠢᠩᠭ᠎ᠠ ᠨᠠᠶ᠋ᠢᠳᠠᠪᠤᠷᠢᠵᠢᠭᠤᠯᠤᠨ᠂ ᠦᠢᠯᠡᠳᠪᠦᠷᠢᠯᠡᠯ ᠤ᠋ᠨ ᠭᠤᠤᠯ ᠴᠣᠭᠴᠠ ᠵᠢᠨ ᠡᠮ ᠢ᠋ ᠵᠢᠷᠤᠮᠵᠢᠭᠤᠨ ᠬᠡᠷᠡᠭᠯᠡᠬᠦ᠂ ᠲᠣᠭᠲᠠᠭᠠᠯ ᠳ᠋ᠤ ᠨᠡᠶ᠋ᠢᠴᠡᠭᠦᠯᠦᠨ ᠬᠤᠷᠢᠶᠠᠵᠤ ᠠᠪᠬᠤ᠂ ᠪᠠᠷᠢᠮᠵᠢᠶ᠎ᠠ ᠳ᠋ᠤ ᠬᠦᠷᠭᠡᠵᠦ᠍ ᠵᠠᠬ᠎ᠠ ᠳᠡᠯᠭᠡᠭᠦᠷ ᠲᠦ᠍ ᠭᠠᠷᠭᠠᠬᠤ ᠵᠢ ᠭᠡᠳᠡᠷᠭᠦ ᠱᠠᠯᠠᠪᠳᠠᠭᠤᠯᠪᠠ᠃ ᠰᠤᠭᠤᠴᠢᠨ ᠪᠠᠶ᠋ᠢᠴᠠᠭᠠᠬᠤ ᠭᠤᠭᠴᠤᠭ᠎ᠠ ᠵᠢ ᠴᠢᠩᠭ᠎ᠠ ᠠᠳᠭᠤᠬᠤ᠂ ᠬᠡᠷᠡᠭ ᠢ᠋ ᠪᠠᠶ᠋ᠢᠴᠠᠭᠠᠨ ᠰᠢᠢᠳᠪᠦᠷᠢᠯᠡᠬᠦ ᠵᠢ ᠴᠢᠩᠭ᠎ᠠ ᠠᠳᠭᠤᠬᠤ᠂ ᠲᠣᠭᠲᠠᠴᠠ ᠶ᠋ᠢᠨ ᠬᠠᠮᠵᠢᠯᠴᠠᠭ᠎ᠠ ᠵᠢ ᠴᠢᠩᠭ᠎ᠠ ᠠᠳᠭᠤᠬᠤ ᠵᠢ ᠪᠠᠷᠢᠮᠲᠠᠯᠠᠵᠤ᠂ ᠪᠥᠬᠦ᠌ ᠶᠠᠪᠤᠴᠠ ᠳ᠋ᠤ ᠡᠬᠢ ᠡᠭᠦᠰᠦᠯ ᠡᠴᠡ ᠨᠢ ᠠᠳᠭᠤᠬᠤ᠂ ᠬᠠᠮᠢᠶᠠᠷᠤᠨ ᠡᠵᠡᠮᠳᠡᠬᠦ ᠵᠢ ᠴᠢᠩᠭᠠᠳᠭᠠᠬᠤ᠂ ᠬᠠᠤᠯᠢ ᠬᠡᠷᠡᠭᠵᠢᠭᠦᠯᠬᠦ ᠵᠢ ᠴᠢᠩᠭᠠᠳᠭᠠᠬᠤ᠂ ᠬᠠᠮᠲᠤᠷᠠᠯ ᠬᠦᠴᠦᠨ ᠢ᠋ ᠲᠥᠪᠯᠡᠷᠡᠭᠦᠯᠬᠦ ᠪᠡᠷ ᠳᠠᠮᠵᠢᠭᠤᠯᠤᠨ᠂ ᠥᠪᠦᠷ ᠮᠣᠩᠭᠤᠯ ᠤ᠋ᠨ ᠢᠳᠡᠭᠡᠨ ᠤ᠋ ᠲᠦᠷᠦᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠳᠠᠷᠢᠵᠤ ᠲᠡᠵᠢᠭᠡᠬᠦ᠌ ᠦᠢᠯᠡᠳᠪᠦᠷᠢᠯᠡᠯ ᠢ᠋ ᠨᠠᠩ ᠵᠢᠷᠤᠮᠵᠢᠭᠤᠯᠵᠤ᠂ ᠠᠷᠠᠳ ᠣᠯᠠᠨ ᠤ᠋ ᠡᠳᠦᠷ ᠲᠤᠲᠤᠮ ᠤ᠋ᠨ ᠢᠳᠡᠭᠡᠨ ᠤ᠋ ᠮᠠᠲᠧᠷᠢᠶᠠᠯ ᠤ᠋ᠨ ᠴᠡᠪᠡᠷ᠂ ᠠᠮᠤᠷ ᠲᠦᠪᠰᠢᠨ ᠪᠠᠶ᠋ᠢᠬᠤ ᠵᠢ ᠡᠬᠢ ᠡᠭᠦᠰᠦᠯ ᠡᠴᠡ ᠨᠢ ᠪᠠᠲᠤᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃