2026-10-15 11:28:43
ᠠᠯᠳᠠᠨ ᠨᠠᠮᠤᠷ᠂ ᠥᠪᠥᠷ ᠮᠣᠩᠭᠣᠯ᠎ᠤᠨ ᠪᠤᠬᠢᠷᠳᠥᠯ ᠥᠭᠡᠢ ᠡᠮ᠎ᠦᠨ ᠬᠦᠷᠢᠶᠡᠯᠡᠩ᠎ᠦᠨ ᠬᠢᠲᠠᠳ ᠡᠮ᠎ᠦᠨ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠡᠮ᠎ᠦᠨ ᠮᠠᠲᠧᠷᠢᠶᠠᠯ᠎ᠤᠨ ᠲᠠᠷᠢᠮᠠᠯ᠎ᠤᠨ ᠰᠠᠭᠤᠷᠢᠨ᠎ᠳᠤ ᠬᠥᠷᠬᠥ ᠳ᠋ᠤ᠂ ᠺᠧᠦ ᠸᠧᠨ ᠬᠤᠢ ᠶᠠᠬ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠲᠠᠢ ᠬᠠᠮᠲᠤᠷᠠᠨ ᠪᠠᠢᠭᠤᠯᠤᠭᠰᠠᠨ ᠬᠤᠨᠴᠢᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠢᠱ᠌ᠢᠶ᠎ᠡ ᠦᠵᠡᠭᠦᠯᠬᠦ ᠲᠠᠷᠢᠶᠠᠨ ᠳ᠋ᠡᠬᠢ ᠡᠮ᠎ᠦᠨ ᠮᠠᠲᠧᠷᠢᠶᠠᠯ᠎ᠤᠨ ᠤᠷᠭᠤᠴᠠ᠎ᠶᠢᠨ ᠪᠠᠢᠳᠠᠯ᠎ᠢ ᠪᠠᠢᠴᠠᠭᠠᠨ ᠦᠵᠡᠵᠦ ᠪᠠᠢᠯ᠎ᠠ᠃ ᠥᠩᠭᠡᠷᠡᠭᠰᠡᠨ᠎ᠳᠦ ᠬᠢᠲᠠᠳ ᠡᠮ᠎ᠦᠨ ᠮᠠᠲᠧᠷᠢᠶᠠᠯ᠎ᠢ ᠲᠡᠭᠦᠵᠦ ᠬᠤᠷᠢᠶᠠᠭᠰᠠᠨ᠎ᠤ ᠲᠠᠷᠠᠭ᠎ᠠ ᠤᠯᠠᠨ ᠵᠦᠢᠯ᠎ᠦᠨ ᠠᠵᠢᠯ᠎ᠤᠨ ᠳᠠᠷᠠᠭᠠᠯᠠᠯ᠎ᠢ ᠥᠩᠭᠡᠷᠡᠭᠡᠮᠡᠨᠵᠢᠨ ᠰᠠᠶᠢ ᠴᠢᠨᠠᠬᠤ ᠡᠮ ᠪᠣᠯᠭᠠᠨ ᠡᠳ᠋ᠰᠢᠭᠥᠯᠳᠡᠭ᠃ ᠭᠠᠷᠤᠯᠲᠠ᠎ᠶᠢᠨ ᠣᠷᠣᠨ ᠳ᠋ᠤᠨᠢ ᠡᠮ᠎ᠤᠨ ᠮᠠᠲᠧᠷᠢᠶᠠᠯ᠎ᠢ ᠰᠢᠨ᠎ᠡ ᠰᠣᠷᠭᠣᠭ᠎ᠢᠶᠠᠷ ᠬᠡᠷᠴᠢᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠭᠰᠠᠨ᠎ᠤ ᠳᠠᠷᠠᠭ᠎ᠠ᠂ ᠭᠠᠷᠤᠯᠳᠠ ᠵᠢᠨ ᠤᠷᠤᠨ ᠳ᠋ᠤᠨᠢ ᠳᠠᠷᠤᠢ ᠡᠳ᠋ᠰᠢᠭᠥᠯᠵᠤ᠂ ᠡᠮ᠎ᠦᠨ ᠬᠦᠴᠦᠨ᠎ᠢ ᠪᠠᠳᠤᠯᠠᠨ᠂ ᠥᠪᠡᠷ᠎ᠦᠨ ᠥᠷᠲᠡᠭ᠎ᠢ ᠠᠷᠪᠢᠯᠠᠵᠤ᠂ ᠡᠮ᠎ᠤᠨ ᠮᠠᠲᠧᠷᠢᠶᠠᠯ᠎ᠤᠨ ᠬᠣᠷᠣᠭᠳᠠᠯ᠎ᠢ ᠪᠠᠭᠠᠰᠬᠠᠨ᠂ ᠬᠢᠲᠠᠳ ᠡᠮ᠎ᠦᠨ ᠮᠠᠲᠧᠷᠢᠶᠠᠯ᠎ᠤᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠤ ᠦᠷ᠎ᠡ ᠠᠰᠢᠭ᠋᠎ᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠵᠤ ᠪᠠᠢᠨ᠎ᠠ᠃
《ᠠᠵᠤ ᠠᠬᠤᠢᠯᠠᠯ GAP ᠰᠠᠭᠤᠷᠢᠨ ᠪᠠᠶ᠋ᠢᠭᠤᠯᠬᠤ᠎ᠪᠠᠷ ᠳᠡᠮᠵᠢᠨ᠂ ᠴᠢᠨᠠᠷ ᠰᠠᠢᠲᠠᠢ ᠡᠴᠦᠰ᠎ᠤᠨ ᠬᠡᠯᠬᠢᠶ᠎ᠡ ᠵᠢᠨ ᠡᠮ᠎ᠦᠨ ᠦᠢᠯᠡᠳᠪᠦᠷᠢ᠎ᠶᠢᠨ ᠬᠠᠮᠲᠤᠷᠠᠯᠴᠠᠭᠠᠨ᠎ᠤ ᠠᠷᠭ᠎ᠠ ᠵᠠᠮ᠎ᠢ ᠠᠮᠵᠢᠯᠲᠠ ᠲᠠᠢ᠎ᠪᠠᠷ ᠨᠡᠭᠡᠭᠡᠵᠤ᠂ ᠬᠣᠶᠠᠷ ᠲᠠᠯ᠎ᠠ᠎ᠪᠠᠷ᠎ᠢᠶᠠᠨ ᠬᠠᠮᠲᠤᠷᠠᠯᠴᠠᠭᠠᠨ᠎ᠤ ᠵᠦᠪᠯᠡᠯᠴᠡᠭᠡᠷ ᠲᠣᠭᠲᠠᠭᠰᠠᠨ᠎ᠤ ᠲᠠᠷᠠᠭ᠎ᠠ᠂ ᠡᠮ᠎ᠦᠨ ᠦᠢᠯᠡᠳᠪᠦᠷᠢ ᠬᠡᠰᠡᠭ ᠪᠡᠯᠡ ᠮᠥᠩᠭᠥ ᠣᠷᠣᠭᠤᠯᠵᠤ᠂ ᠦᠢᠯᠡᠳᠬᠦᠨ᠎ᠦ ᠵᠠᠬᠢᠶᠠᠯᠠᠭ᠎ᠠ᠎ᠶᠢᠨ ᠲᠣᠭᠲᠠᠭᠤᠨ ᠪᠠᠢᠬᠤ᠎ᠶᠢ ᠪᠦᠲᠦᠮᠵᠢᠲᠡᠢ ᠪᠠᠲᠤᠯᠠᠳᠠᠬ᠂ GAP ᠪᠠᠷᠢᠮᠵᠢᠶᠠᠵᠢᠭᠤᠯᠤᠭᠰᠠᠨ ᠳᠠᠷᠢᠵᠤ ᠡᠳ᠋ᠰᠢᠭᠦᠯᠬᠦ ᠵᠠᠭᠪᠤᠷ ᠪᠠ ᠰᠤᠷᠭᠤᠬ ᠵᠢᠨᠷ ᠬᠡᠷᠴᠢᠬᠥ ᠤᠷᠠᠯᠠᠯ᠎ᠳᠤ ᠲᠦᠰᠢᠭᠯᠡᠨ᠂ ᠡᠮ᠎ᠦᠨ ᠦᠢᠯᠡᠳᠪᠦᠷᠢ᠎ᠶᠢᠨ ᠲᠦᠭᠦᠬᠡᠢ ᠮᠠᠲᠧᠷᠢᠶᠠᠯ ᠬᠤᠳᠠᠯᠳᠤᠨ ᠠᠪᠬᠤ ᠥᠪᠡᠷ᠎ᠦᠨ ᠥᠷᠲᠡᠭ᠎ᠢ ᠪᠠᠭᠤᠷᠠᠭᠤᠯᠤᠭᠰᠠᠨ ᠮᠥᠷᠲᠡᠭᠡᠨ ᠪᠠᠰᠠ ᠭᠠᠷᠤᠯᠲᠠ᠎ᠶᠢᠨ ᠣᠷᠣᠨ᠎ᠤ ᠡᠳ᠋ᠰᠢᠭᠦᠯᠬᠦ ᠵᠠᠩᠭᠢᠯᠠᠭ᠎ᠠ᠎ᠶᠢᠨ ᠠᠰᠢᠭ᠋ ᠤᠯᠵᠠᠪᠤᠷᠢ᠎ᠶᠢᠨ ᠣᠷᠣᠨ ᠵᠠᠢ᠎ᠶᠢ ᠶᠡᠬᠡᠪᠡᠷ ᠨᠡᠮᠡᠭᠳᠡᠭᠦᠯᠵᠦ᠂ ᠡᠬᠢᠨ᠎ᠤ ᠪᠠ ᠡᠴᠤᠰ᠎ᠤᠨ ᠬᠡᠯᠬᠢᠶ᠎ᠡ ᠵᠢᠨ ᠬᠢᠨ ᠬᠠᠷᠢᠯᠴᠠᠨ ᠠᠰᠢᠭ᠋ ᠣᠯᠭᠣᠵᠤ ᠬᠠᠮᠲᠤ᠎ᠪᠠᠷ ᠠᠰᠢᠭ᠋ ᠭᠥᠷᠳᠡᠬᠦ᠎ᠶᠢ ᠪᠡᠶᠡᠯᠡᠭᠦᠯᠳᠡᠭ》 ᠭᠡᠵᠦ ᠥᠪᠥᠷ ᠮᠣᠩᠭᠣᠯ᠎ᠤᠨ ᠪᠤᠬᠢᠷᠳᠥᠯ ᠥᠭᠡᠢ ᠡᠮ᠎ᠦᠨ ᠬᠦᠷᠢᠶᠡᠯᠡᠩ᠎ᠦᠨ ᠬᠢᠲᠠᠳ ᠡᠮ᠎ᠦᠨ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠺᠧᠦ ᠸᠸᠨ ᠬᠣᠶ ᠬᠡᠯᠡᠨ᠎ᠡ᠃
ᠺᠧᠦ ᠸᠸᠨ ᠬᠣᠶ ᠵᠢᠨ ᠲᠠᠨᠢᠯᠴᠠᠭᠤᠯᠬᠤ ᠪᠡᠷ᠂ ᠰᠢᠨ᠎ᠡ ᠰᠣᠷᠭᠣᠭ᠎ᠢᠶᠠᠷ ᠬᠡᠷᠴᠢᠨ ᠦᠢᠯᠡᠳᠬᠦ ᠬᠢᠷᠢ ᠬᠡᠮ᠎ᠢ ᠣᠯᠣᠭᠰᠠᠨ᠎ᠤ ᠳᠠᠷᠠᠭ᠎ᠠ᠂ ᠠᠵᠤ ᠠᠬᠤᠢᠯᠠᠯ᠎ᠤᠨ ᠬᠢᠨ ᠡᠮ᠎ᠦᠨ ᠮᠠᠲᠧᠷᠢᠶᠠᠯ᠎ᠢ ᠬᠣᠷᠢᠶᠠᠨ ᠠᠪᠬᠤ ᠤᠯᠠᠷᠢᠯ᠎ᠳᠤ ᠴᠠᠭ ᠲᠤᠬᠠᠢ ᠳ᠋ᠤᠨᠢ ᠪᠠᠷᠠᠭ᠎ᠠ ᠬᠠᠩᠭᠠᠬᠤ ᠭᠡᠷ᠎ᠡ ᠲᠣᠭᠲᠠᠵᠤ᠂ ᠲᠦᠭᠦᠬᠡᠢ ᠮᠠᠲᠧᠷᠢᠶᠠᠯ᠎ᠤᠨ ᠵᠠᠬ᠎ᠠ ᠳᠡᠯᠭᠡᠭᠦᠷ᠎ᠢ ᠲᠣᠭᠲᠠᠭᠤᠨ᠎ᠢᠶᠠᠷ ᠡᠵᠡᠯᠡᠬᠥ ᠵᠢ ᠪᠠᠳᠤᠯᠠᠨ᠂ ᠵᠠᠬ᠎ᠠ ᠳᠡᠯᠭᠡᠭᠦᠷ᠎ᠦᠨ ᠬᠣᠪᠣᠷ ᠨᠠᠨᠳᠢᠨ ᠴᠣᠩᠬᠣᠪᠴᠢ ᠬᠤᠭᠤᠴᠠᠭ᠎ᠠ᠎ᠶᠢ ᠵᠠᠪᠳᠤᠨ ᠠᠳᠬᠤᠵᠤ ᠳᠡᠢᠯᠬᠥ ᠪᠤᠯᠤᠬᠰᠠᠨ ᠪᠠᠢᠨ᠎ᠠ᠃
ᠺᠠᠢᠯᠤ ᠰᠢᠶᠠᠨ᠎ᠤ ᠺᠠᠩ ᠶᠤᠧᠠᠨ ᠡᠮ᠎ᠦᠨ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠲᠠᠷᠢᠮᠠᠯ᠎ᠤᠨ ᠰᠠᠭᠤᠷᠢᠨ᠎ᠳᠤ᠂ ᠬᠤᠷᠳᠤᠨ ᠴᠠᠭᠠᠨ᠂ ᠱᠦᠭᠦᠷᠭᠡᠨ᠎ᠡ᠂ ᠬᠤᠨᠴᠢᠷ᠂ ᠴᠢᠨᠦ᠎ᠠ᠎ᠶᠢᠨ ᠬᠠᠯᠲᠠᠷ ᠵᠡᠷᠭᠡ 5000 ᠮᠦ᠍ ᠵᠢᠩᠬᠢᠨᠢ ᠡᠮ᠎ᠦᠨ ᠮᠠᠲᠧᠷᠢᠶᠠᠯ ᠪᠤᠯᠪᠠᠰᠤᠷᠠᠬᠤ ᠬᠤᠭᠤᠴᠠᠭᠠᠨ ᠳ᠋ᠠᠭᠠᠨ ᠤᠷᠤᠵᠤ᠂ ᠤᠳᠠᠯ ᠦᠭᠡᠢ ᠬᠤᠷᠢᠶᠠᠬᠤ ᠪᠡᠷ ᠪᠡᠯᠡᠳᠭᠡᠨ᠂ ᠡᠭᠦᠨ᠎ᠳᠦ ᠬᠤᠷᠳᠤᠨ ᠴᠠᠭᠠᠨ᠎ᠤ ᠲᠠᠷᠢᠮᠠᠯ᠎ᠤᠨ ᠲᠠᠯᠠᠪᠠᠢ 3000 ᠮᠦ᠍᠎ᠳᠦ ᠬᠦᠷᠴᠡᠢ᠃
《ᠰᠠᠭᠤᠷᠢᠨ᠎ᠤ᠋ ᠬᠤᠷᠳᠤᠨ ᠴᠠᠭᠠᠨ᠎ᠤ ᠮᠦ᠍ ᠪᠦᠷᠢ᠎ᠶᠢᠨ ᠤᠨᠠᠯᠲᠠ 5000 ᠵᠢᠩ ᠣᠷᠴᠢᠮ᠎ᠳᠤ ᠬᠦᠷᠴᠦ᠂ ᠣᠳᠣᠬᠠᠨ᠎ᠳᠤ ᠵᠠᠬ᠎ᠠ ᠳᠡᠯᠭᠡᠭᠦᠷ᠎ᠦᠨ ᠦᠨ᠎ᠡ ᠵᠢᠩ ᠪᠦᠷᠢ᠎ᠳᠡᠭᠡᠨ 1.5 ᠲᠥᠭᠥᠷᠢᠭ᠎ᠡᠴᠡ 1.8 ᠲᠥᠭᠥᠷᠢᠭ᠎ᠲᠦ ᠬᠦᠷᠴᠦ᠂ ᠦᠷ᠎ᠡ ᠠᠰᠢᠭ᠋ ᠮᠠᠰᠢ ᠰᠠᠢᠨ ᠪᠠᠢᠨ᠎ᠠ》 ᠭᠡᠵᠤ ᠺᠠᠢᠯᠤ ᠰᠢᠶᠠᠨ᠎ᠤ ᠺᠠᠩ ᠶᠤᠧᠠᠨ ᠡᠮ᠎ᠦᠨ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠯᠢᠦ ᠬᠤᠢ ᠲᠠᠨᠢᠯᠴᠠᠭᠤᠯᠤᠨ᠎ᠠ᠃ ᠰᠠᠭᠤᠷᠢᠨ ᠤ᠋ ᠬᠢᠨ ᠪᠠᠷᠢᠮᠵᠢᠶᠠᠵᠢᠬᠰᠠᠨ ᠲᠠᠷᠢᠵᠤ ᠤᠷᠭᠤᠭᠤᠯᠬᠤ᠂ ᠰᠢᠨᠵᠢᠯᠡᠬᠦ ᠤᠬᠠᠭᠠᠨᠴᠢᠯᠠᠭᠰᠠᠨ ᠲᠠᠷᠢᠶᠠᠨ ᠠᠵᠢᠯ᠎ᠤᠨ ᠬᠠᠮᠢᠶᠠᠷᠤᠯᠲᠠ ᠪᠠᠷ ᠲᠠᠮᠵᠢᠨ ᠭᠠᠷᠤᠯᠲᠠ᠎ᠶᠢᠨ ᠣᠷᠣᠨ᠎ᠤ ᠡᠬᠢ ᠡᠭᠦᠰᠦᠯ᠎ᠢ ᠡᠷᠢᠬᠦ ᠰᠢᠰᠲ᠋ᠧᠮ᠎ᠢ ᠪᠠᠶ᠋ᠢᠭᠤᠯᠬᠤ ᠪᠠ GAP ᠭᠡᠷᠡᠴᠢᠯᠡᠯ᠎ᠢ ᠪᠡᠶᠡᠯᠡᠭᠦᠯᠵᠦ᠂ ᠡᠮ᠎ᠦᠨ ᠮᠠᠲᠧᠷᠢᠶᠠᠯ᠎ᠤᠨ ᠲᠠᠷᠢᠮᠠᠯ᠂ ᠬᠠᠮᠢᠶᠠᠷᠤᠯᠲᠠ᠎ᠶᠢᠨ ᠪᠦᠬᠦ ᠶᠠᠪᠤᠴᠠ᠎ᠶᠢ ᠨᠡᠩ ᠪᠠᠷᠢᠮᠵᠢᠶᠠᠵᠢᠭᠤᠯᠥᠨ᠂ ᠡᠮ᠎ᠦᠨ ᠮᠠᠲᠧᠷᠢᠶᠠᠯ᠎ᠤᠨ ᠭᠠᠷᠤᠯᠲᠠ᠎ᠶᠢ ᠪᠦᠲᠦᠮᠵᠢᠲᠡᠢ ᠳᠡᠭᠡᠭᠰᠢᠯᠡᠭᠦᠯᠵᠦ᠂ ᠠᠵᠤ ᠠᠬᠤᠢ᠎ᠶᠢᠨ ᠦᠷ᠎ᠡ ᠠᠰᠢᠭ᠋᠎ᠢ ᠳᠡᠭᠡᠭᠰᠢᠯᠡᠭᠦᠯᠵᠤ ᠪᠠᠢᠨ᠎ᠠ᠃
ᠣᠳᠣᠬᠠᠨ᠎ᠳᠤ᠂ ᠺᠠᠢᠯᠤ ᠰᠢᠶᠠᠨ ᠬᠢᠲᠠᠳ ᠡᠮ᠎ᠦᠨ ᠮᠠᠲᠧᠷᠢᠶᠠᠯ᠎ᠤᠨ ᠭᠠᠷᠤᠯᠲᠠ᠎ᠶᠢᠨ ᠣᠷᠣᠨ᠎ᠤ ᠰᠢᠨ᠎ᠡ ᠰᠣᠷᠭᠣᠭ᠎ᠢᠶᠠᠷ ᠬᠡᠷᠴᠢᠵᠦ ᠡᠳ᠋ᠰᠢᠭᠥᠯᠬᠥ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ᠎ᠤᠨ ᠪᠤᠬᠢᠷᠳᠥᠯ ᠥᠭᠡᠢ ᠡᠮ᠎ᠦᠨ ᠬᠦᠷᠢᠶᠡᠯᠡᠩ᠎ᠦᠨ ᠬᠢᠲᠠᠳ ᠡᠮ᠎ᠦᠨ ᠮᠠᠲᠧᠷᠢᠶᠠᠯ᠎ᠤᠨ ᠬᠢᠵᠠᠭᠠᠷᠲᠤ ᠺᠣᠮᠫᠠᠨᠢ᠂ ᠺᠠᠢᠯᠤ ᠰᠢᠶᠠᠨ᠎ᠤ ᠺᠠᠩ ᠶᠤᠧᠠᠨ ᠡᠮ᠎ᠦᠨ ᠦᠢᠯᠡᠰ᠎ᠦᠨ ᠬᠢᠵᠠᠭᠠᠷᠲᠤ ᠺᠣᠮᠫᠠᠨᠢ ᠨᠢ ᠪᠥᠬᠥ ᠰᠢᠶᠠᠨ᠎ᠤ ᠠᠩᠬᠠᠳᠠᠭ᠍ᠴᠢ ᠪᠦᠯᠦᠭ ᠰᠢᠨ᠎ᠡ ᠰᠣᠷᠭᠣᠭ᠎ᠢᠶᠠᠷ ᠬᠡᠷᠴᠢᠵᠦ ᠡᠳ᠋ᠰᠢᠭᠥᠯᠬᠥ ᠬᠢᠷᠢ ᠬᠡᠮ ᠣᠯᠣᠭᠰᠠᠨ ᠠᠵᠤ ᠠᠬᠤᠢᠯᠠᠯ ᠪᠣᠯᠤᠬᠰᠠᠨᠤ ᠬᠤᠪᠢ ᠪᠡᠷ᠂ ᠬᠤᠨᠴᠢᠷ᠂ ᠬᠤᠷᠳᠤᠨ ᠴᠠᠭᠠᠨ᠂ ᠱᠦᠭᠦᠷᠭᠡᠨ᠎ᠡ᠂ ᠴᠢᠨᠦ᠎ᠠ᠎ᠶᠢᠨ ᠬᠠᠯᠲᠠᠷ ᠵᠡᠷᠭᠡ ᠵᠢᠩᠬᠢᠨᠢ ᠡᠮ᠎ᠦᠨ ᠮᠠᠲᠧᠷᠢᠶᠠᠯ᠎ᠤᠨ ᠲᠥᠷᠥᠯ ᠵᠦᠢᠯ᠎ᠢ ᠡᠳ᠋ᠰᠢᠭᠥᠯᠬᠥᠨᠢ ᠵᠥᠪᠰᠢᠶᠡᠷᠡᠭᠳᠡᠭᠰᠡᠨ ᠪᠠᠢᠨ᠎ᠠ᠃ ᠡᠢᠨᠬᠦ ᠺᠠᠢᠯᠤ ᠰᠢᠶᠠᠨ ᠲᠦᠷᠦ᠎ᠶᠢᠨ ᠪᠣᠳᠣᠯᠭ᠎ᠠ᠎ᠶᠢ ᠰᠠᠢᠲᠤᠷ ᠠᠰᠢᠭ᠍ᠯᠠᠨ᠂ ᠠᠵᠤ ᠦᠢᠯᠡᠰ᠎ᠢ ᠲᠡᠰ ᠳᠡᠪᠰᠢᠭᠦᠯᠬᠥ ᠳ᠋ᠤ ᠬᠥᠴᠥᠨ ᠨᠡᠮᠡᠷᠢᠯᠡᠵᠦ᠂ ᠬᠢᠲᠠᠳ ᠡᠮ᠎ᠦᠨ ᠮᠠᠲᠧᠷᠢᠶᠠᠯ᠎ᠤᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠥᠨ᠂ ᠬᠥᠭᠵᠢᠯᠲᠡ᠎ᠶᠢᠨ ᠬᠤᠷᠳᠤᠴᠠ᠎ᠶᠢ ᠪᠥᠬᠥ ᠬᠥᠴᠥᠨ ᠵᠢᠨᠷ ᠲᠥᠷᠭᠡᠳᠭᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃