ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-10-16 10:43:52

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ ᠠᠩᠬᠠᠳᠤᠭᠠᠷ ᠬᠤᠭᠤᠴᠠᠭᠠᠨ ᠤ᠋ ᠪᠥᠬᠥ᠌ ᠤᠯᠤᠰ ᠤ᠋ᠨ ᠲᠠᠷᠢᠮᠠᠯ ᠤ᠋ᠨ ᠦᠷ᠎ᠡ ᠵᠢ ᠰᠢᠯᠭᠠᠨ ᠪᠠᠶ᠋ᠢᠴᠠᠭᠠᠬᠤ ᠤᠷ᠎ᠠ ᠴᠢᠳᠠᠪᠤᠷᠢ ᠶ᠋ᠢᠨ ᠤᠷᠤᠯᠳᠤᠭᠠᠨ ᠲᠦᠷᠦᠬᠦᠬᠡᠨ ᠵᠧᠵᠢᠶᠠᠩ ᠮᠤᠵᠢ ᠶ᠋ᠢᠨ ᠵᠢᠶᠠᠰᠢᠩ ᠬᠣᠲᠠ ᠳ᠋ᠦ ᠶᠠᠪᠤᠭᠳᠠᠵᠤ᠂ ᠮᠠᠨ ᠤ᠋ ᠤᠷᠤᠨ ᠤ᠋ 2 ᠤᠷ᠎ᠠ ᠮᠡᠷᠬᠡᠵᠢᠯᠳᠡᠨ ᠰᠢᠯᠢᠳᠡᠭ ᠰᠠᠢᠨ ᠬᠢᠷᠢ ᠪᠦᠳᠦᠮᠵᠢ ᠪᠡᠷ ᠵᠢᠡᠨ 《ᠪᠦᠬᠦ ᠤᠯᠤᠰ ᠤ᠋ᠨ ᠲᠠᠭᠤᠷᠢᠶᠠᠯ》 ᠪᠤᠯᠤᠭᠰᠠᠨ ᠪᠠᠢᠨ᠎ᠠ᠃

ᠤᠷᠤᠯᠳᠤᠭᠠᠨ ᠳ᠋ᠤ ᠪᠦᠬᠦ᠌ ᠤᠯᠤᠰ ᠤ᠋ᠨ 31 ᠮᠤᠵᠢ ᠬᠤᠲᠠ ᠤᠷᠤᠨ ᠤ᠋ 154 ᠰᠢᠯᠭᠠᠨ ᠪᠠᠶ᠋ᠢᠴᠠᠭᠠᠭᠴᠢ ᠤᠷ᠎ᠠ ᠴᠢᠳᠠᠪᠤᠷᠢ ᠪᠠᠨ ᠮᠦᠴᠡᠭᠡᠷᠭᠡᠪᠡ᠃ ᠮᠠᠨ ᠤ᠋ ᠤᠷᠤᠨ ᠤ᠋ ᠤᠯᠠᠭᠠᠨᠴᠠᠪ ᠬᠣᠲᠠ ᠶ᠋ᠢᠨ ᠦᠷ᠎ᠡ ᠶ᠋ᠢᠨ ᠦᠢᠯᠡᠰ ᠤ᠋ᠨ ᠠᠵᠢᠯ ᠤ᠋ᠨ ᠥᠷᠲᠡᠭᠡ᠎ᠶ᠋ᠢᠨ ᠳᠡᠭᠡᠳᠦ ᠲᠠᠰ ᠤ᠋ᠨ ᠲᠠᠷᠢᠶᠠᠯᠠᠩ ᠤ᠋ᠨ ᠤᠷ᠎ᠡ ᠮᠡᠷᠭᠡᠵᠢᠯᠲᠡᠨ ᠼᠦᠢ ᠵᠢᠶᠠᠨ ᠪᠤᠯᠤᠨ ᠣᠷᠳᠣᠰ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ ᠳᠡᠭᠡᠳᠦ ᠲᠠᠰ ᠤ᠋ᠨ ᠲᠠᠷᠢᠶᠠᠯᠠᠩ ᠤ᠋ᠨ ᠤᠷ᠎ᠡ ᠮᠡᠷᠭᠡᠵᠢᠯᠲᠡᠨ ᠵᠣᠣ ᠶᠠᠨ ᠪᠤᠰᠤᠳ ᠡᠴᠡ ᠤᠷᠤᠢᠯᠠᠭᠰᠠᠨ ᠢᠯᠡᠷᠡᠯ ᠶ᠋ᠢᠡᠷ ᠶ᠋ᠢᠡᠨ ᠲᠤᠰ ᠲᠤᠰ 《ᠲᠠᠷᠢᠶᠠᠨ ᠭᠠᠵᠠᠷ ᠤ᠋ᠨ ᠬᠢᠨᠠᠨ ᠲᠣᠭᠲᠠᠭᠠᠯᠲᠠ ᠶ᠋ᠢᠨ ᠮᠡᠷᠭᠡᠵᠢᠯ ᠤ᠋ᠨ ᠳᠠᠭᠤᠷᠢᠶᠠᠯ》 (ᠪᠥᠬᠥ᠌ ᠤᠯᠤᠰ ᠲᠦ᠍ ᠨᠡᠶ᠋ᠢᠲᠡ 10)᠂ 《ᠲᠠᠷᠢᠮᠠᠯ ᠤ᠋ᠨ ᠦᠷ᠎ᠡ᠎ᠵᠢ ᠰᠢᠯᠭᠠᠨ ᠪᠠᠢᠴᠠᠭᠠᠬᠤ ᠳᠠᠭᠤᠷᠢᠶᠠᠯ》 (ᠪᠥᠬᠥ᠌ ᠤᠯᠤᠰ ᠲᠦ᠍ ᠨᠡᠶ᠋ᠢᠲᠡ 10) ᠤ᠋ᠨ ᠴᠣᠯᠠ ᠵᠢ ᠭᠥᠷᠳᠡᠵᠦ᠍᠂ ᠱᠠᠩᠨᠠᠯ ᠭᠥᠷᠳᠡᠭᠰᠡᠨ ᠲᠣᠭ᠎ᠠ ᠬᠡᠮᠵᠢᠶ᠎ᠡ ᠪᠡᠷ ᠪᠥᠬᠥ᠌ ᠤᠯᠤᠰ ᠤ᠋ᠨ ᠮᠤᠵᠢ ᠬᠤᠳᠠ ᠤᠷᠤᠨ ᠤ᠋ ᠡᠮᠦᠨ᠎ᠡ ᠡᠩᠨᠡᠭᠡᠨ᠎ᠳᠦ ᠵᠢᠭᠰᠠᠪᠠ᠃

ᠲᠣᠰ ᠤᠳᠠᠭ᠎ᠠ ᠵᠢᠨ ᠤᠷᠤᠯᠳᠤᠭᠠᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠲᠠᠷᠢᠶᠠᠯᠠᠩ ᠤ᠋ᠨ ᠠᠵᠢᠯᠲᠠᠨ ᠠᠵᠢᠯᠴᠢᠨ ᠤ᠋ ᠲᠠᠷᠢᠮᠠᠯ ᠤ᠋ᠨ ᠭᠠᠷᠤᠯᠲᠠ ᠵᠢ ᠲᠣᠭᠲᠠᠪᠤᠷᠢᠵᠢᠭᠤᠯᠤᠨ ᠬᠠᠩᠭᠠᠯᠭ᠎ᠠ ᠵᠢ ᠪᠠᠲᠤᠯᠠᠬᠤ᠂ ᠣᠶᠤᠨᠴᠢ ᠪᠡᠷ ᠲᠠᠷᠢᠶᠠᠯᠠᠩ ᠢ᠋ ᠬᠥᠭᠵᠢᠭᠦᠯᠬᠦ᠌ ᠬᠥᠳᠡᠯᠮᠦᠷᠢ ᠪᠠ ᠤᠷ᠎ᠠ ᠴᠢᠳᠠᠪᠤᠷᠢ ᠶ᠋ᠢᠨ ᠤᠷᠤᠯᠳᠤᠭᠠᠨ ᠤ᠋ ᠲᠥᠷᠥᠯ ᠬᠤᠪᠢᠶᠠᠭᠰᠠᠨ ᠤᠷᠤᠯᠳᠤᠭᠠᠨ ᠤ᠋ ᠨᠢᠭᠡ ᠪᠣᠯᠤᠨ᠎ᠠ᠂ ᠮᠥᠨ ᠴᠦ᠍ 2026 ᠣᠨ ᠤ᠋ ᠪᠥᠬᠥ᠌ ᠤᠯᠤᠰ ᠤ᠋ᠨ ᠦᠷ᠎ᠡ ᠶ᠋ᠢᠨ ᠦᠢᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠬᠠᠤᠯᠢ ᠬᠡᠷᠡᠭᠵᠢᠭᠦᠯᠦᠯᠲᠡ ᠵᠢ ᠳᠡᠭᠡᠭᠰᠢᠯᠡᠭᠦᠯᠬᠦ᠌ ᠣᠨ ᠤ᠋ ᠠᠵᠢᠯᠯᠠᠭ᠎ᠠ ᠶ᠋ᠢᠨ ᠭᠤᠤᠯᠳᠠᠯᠭ᠎ᠠ ᠲᠠᠶ ᠡᠭᠦᠷᠭᠡ ᠪᠠᠢᠵᠤ᠂ 《ᠤᠷᠤᠯᠳᠤᠭᠠᠨ ᠶ᠋ᠢᠡᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭᠠᠨ ᠶ᠋ᠢᠡᠷ ᠪᠣᠯᠪᠠᠰᠤᠷᠠᠯ ᠢ᠋ ᠠᠬᠢᠭᠤᠯᠬᠤ᠂ ᠤᠷᠤᠯᠳᠤᠭᠠᠨ ᠶ᠋ᠢᠡᠷ ᠠᠵᠢᠯ ᠢ᠋ ᠠᠬᠢᠭᠤᠯᠬᠤ》 ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠤᠷᠤᠯᠳᠤᠭᠠᠨ ᠨᠢ ᠲᠠᠷᠢᠮᠠᠯ ᠤ᠋ᠨ ᠦᠷ᠎ᠠ ᠵᠢ ᠰᠢᠯᠭᠠᠨ ᠪᠠᠶ᠋ᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠪᠤᠯᠤᠨ ᠲᠤᠬᠠᠢ ᠵᠢᠨ ᠲᠠᠯᠠᠪᠤᠷ ᠤ᠋ᠨ ᠪᠠᠶ᠋ᠢᠳᠠᠯ ᠲᠠᠢ ᠴᠢᠡᠭᠭ᠎ᠠ ᠤᠶᠠᠯᠳᠤᠭᠤᠯᠤᠨ᠂ ᠲᠠᠷᠢᠮᠠᠯ ᠤ᠋ᠨ ᠦᠷ᠎ᠠ ᠵᠢ ᠰᠢᠯᠭᠠᠨ ᠪᠠᠶ᠋ᠢᠴᠠᠭᠠᠬᠤ ᠮᠡᠳᠡᠯᠭᠡ ᠶ᠋ᠢᠨ ᠰᠢᠯᠭᠠᠯᠲᠠ᠂ ᠮᠣᠯᠧᠺᠦ᠋ᠯ ᠢ᠋ ᠰᠢᠯᠭᠠᠨ ᠪᠠᠶ᠋ᠢᠴᠠᠭᠠᠬᠤ ᠪᠣᠳᠠᠲᠤ᠌ ᠠᠵᠢᠯᠯᠠᠭ᠎ᠠ᠂ ᠲᠠᠷᠢᠶᠠᠨ ᠭᠠᠵᠠᠷ ᠲᠦ᠍ ᠬᠢᠨᠠᠨ ᠲᠤᠭᠲᠠᠭᠠᠯᠲᠠ ᠬᠢᠬᠦ ᠪᠣᠳᠠᠲᠤ᠌ ᠠᠵᠢᠯᠯᠠᠭ᠎ᠠ ᠪᠤᠯᠤᠨ ᠪᠦᠯᠬᠦᠮ ᠨᠡᠢᠳᠡ ᠵᠢᠨ ᠥᠷᠢᠰᠥᠯᠳᠦᠭᠡᠨ ᠤ᠋ ᠭᠣᠭᠴᠣᠭ᠎ᠠ ᠲᠣᠬᠢᠷᠠᠭᠤᠯᠤᠭᠰᠠᠨ ᠪᠠᠢᠨ᠎ᠠ᠃ ᠮᠠᠨ ᠤ᠋ ᠤᠷᠤᠨ ᠤ᠋ ᠰᠣᠩᠭᠣᠨ ᠲᠣᠮᠢᠯᠠᠭᠰᠠᠨ ᠭᠡᠰᠢᠭᠦᠳ ᠯᠠᠪᠳᠠᠭᠤᠨ ᠶ᠋ᠢᠡᠷ ᠤᠷᠤᠯᠳᠤᠵᠤ᠂ ᠳᠦᠷᠢᠮᠵᠢᠯ ᠶ᠋ᠢᠡᠷ ᠠᠵᠢᠯᠯᠠᠨ᠂ ᠨᠠᠷᠢᠨ ᠨᠢᠮᠪᠠᠶ ᠮᠠᠭᠠᠳᠯᠠᠵᠤ᠂ ᠦᠪᠤᠷ ᠮᠤᠩᠭᠤᠯ ᠤ᠋ᠨ ᠲᠠᠷᠢᠮᠠᠯ ᠤ᠋ᠨ ᠦᠷ᠎ᠠ ᠵᠢ ᠰᠢᠯᠭᠠᠨ ᠪᠠᠶ᠋ᠢᠴᠠᠭᠠᠬᠤ ᠡᠩᠨᠡᠭᠡ ᠶ᠋ᠢᠨ ᠯᠠᠪᠳᠠᠭᠤᠨ ᠪᠠᠲᠤᠲᠠᠶ ᠲᠤᠬᠠᠶ᠋ᠢᠯᠠᠭᠰᠠᠨ ᠠᠵᠢᠯ ᠤ᠋ᠨ ᠴᠢᠳᠠᠪᠤᠷᠢ ᠵᠢ ᠭᠦᠢᠴᠡᠳ ᠢᠯᠡᠷᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面