2026-10-16 11:00:45

ᠤᠢ᠌ᠷ᠎ᠠ᠎ᠶᠢᠨ ᠵᠢᠯ᠎ᠡᠴᠡ᠂ ᠾᠸᠪᠸᠢ ᠮᠤᠵᠢ᠎ᠶᠢᠨ ᠯᠦ᠍ ᠯᠦᠩ ᠰᠢᠶᠠᠨ ᠬᠠᠷᠢᠶ᠎ᠠ ᠣᠷᠣᠨ᠎ᠤ᠎ᠪᠠᠨ ᠡᠯᠡᠰᠦᠷᠬᠡᠭ ᠬᠥᠷᠥᠰᠥ᠍ ᠰᠢᠷᠣᠢ᠎ᠶᠢᠨ ᠤᠰᠤ ᠨᠡᠪᠴᠢᠵᠦ᠍ ᠠᠭᠠᠷ ᠨᠡᠪᠲᠡᠷᠡᠬᠦ᠌ ᠴᠢᠨᠠᠷ᠎ᠢᠶᠠᠷ ᠰᠠᠢ᠌ᠨ ᠪᠠᠶ᠋ᠢᠳᠠᠭ ᠣᠨᠴᠠᠯᠢᠭ᠎ᠢ ᠦᠨᠳᠦᠰᠦᠯᠡᠵᠦ᠍᠂ ᠲᠠᠷᠢᠶᠠᠴᠢᠳ᠎ᠢ ᠬᠦᠳᠦᠯᠥᠨ ᠳᠠᠭᠠᠭᠤᠯᠵᠤ ᠪᠠᠶ᠋ᠢᠭᠠᠳ ᠴᠢᠨᠠᠷ ᠰᠠᠶ᠋ᠢᠲᠠᠢ ᠰᠢᠬᠢᠷᠯᠢᠭ ᠲᠥᠮᠥᠰᠥ᠍ ᠲᠠᠷᠢᠬᠤ᠎ᠶᠢᠨ ᠬᠠᠮᠲᠤ᠌ ᠰᠢᠬᠢᠷᠯᠢᠭ ᠲᠥᠮᠥᠰᠥ᠎ᠶᠢᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ᠌ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ᠂ ᠰᠢᠬᠢᠷᠯᠢᠭ ᠲᠥᠮᠥᠰᠥ᠎ᠶᠢᠨ ᠴᠢᠬᠢ ᠪᠣᠶ᠋ᠢᠵᠢᠭᠤᠯᠬᠤ᠂ ᠲᠠᠷᠢᠬᠤ᠂ ᠨᠠᠷᠢᠯᠢᠭ ᠡᠳ᠋ᠰᠢᠭᠦᠯᠬᠦ᠌᠂ ᠪᠣᠷᠣᠯᠠᠭᠤᠯᠬᠤ᠎ᠶᠢ ᠨᠢᠭᠡ ᠴᠤᠬᠴᠠᠵᠢᠭᠤᠯᠤᠭᠰᠠᠨ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠵᠦ᠍᠂ ᠲᠠᠷᠢᠶᠠᠴᠢᠳ᠎ᠤᠨ ᠣᠷᠣᠯᠭ᠎ᠠ᠎ᠶᠢᠨ ᠨᠡᠮᠡᠭᠳᠡᠯ᠎ᠢ ᠪᠦᠲᠦᠮᠵᠢᠲᠡᠢ ᠳᠠᠶ᠋ᠢᠴᠢᠯᠠᠭᠰᠠᠨ ᠪᠠᠶ᠋ᠢᠨ᠎ᠠ᠃ ᠵᠢᠷᠤᠭ ᠪᠤᠯ ᠤᠢᠷ᠎ᠠ᠎ᠶᠢᠨ ᠡᠳᠦᠷ᠂ ᠲᠠᠷᠢᠶᠠᠴᠢᠳ ᠾᠸᠪᠸᠢ ᠮᠤᠵᠢ᠎ᠶᠢᠨ ᠯᠦ᠍ ᠯᠦᠩ ᠰᠢᠶᠠᠨ᠎ᠤ ᠴᠢᠩ ᠰᠢ ᠠᠮᠢ ᠠᠬᠤᠶ᠎ᠶᠢᠨ ᠲᠠᠷᠢᠶᠠᠯᠠᠩ᠎ᠤᠨ ᠬᠢᠵᠠᠭᠠᠷᠲᠤ᠌ ᠺᠣᠮᠫᠠᠨᠢ᠎ᠶᠢᠨ ᠰᠢᠬᠢᠷᠯᠢᠭ ᠲᠥᠮᠥᠰᠥ᠍ ᠳᠠᠷᠢᠬᠤ ᠰᠠᠭᠤᠷᠢᠨ᠎ᠡᠴᠡ ᠰᠢᠨ᠎ᠡ ᠰᠣᠷᠭᠣᠭ ᠰᠢᠬᠢᠷᠯᠢᠭ ᠲᠥᠮᠥᠰᠥ᠍ ᠬᠤᠷᠢᠶᠠᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠶᠠᠩ ᠱ᠌ᠢ ᠶᠣᠣ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃