2026-09-28 15:03:21
ᠲᠦᠷᠦᠬᠦᠭᠡᠨ ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠠ ᠶ᠋ᠢᠡᠷ᠂ ᠲᠦᠷᠤᠬᠦᠤ 7 ᠰᠠᠷ᠎ᠠ ᠳ᠋ᠦ ᠮᠠᠨ ᠤ᠋ ᠤᠷᠤᠨ ᠮᠠᠯ ᠠᠵᠤ ᠠᠬᠤᠢ ᠲᠠᠷᠢᠶᠠᠯᠠᠡᠭ ᠤ᠋ᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ 649 ᠲᠦᠷᠦᠯ ᠵᠦᠢᠯ ᠢ᠋ ᠨᠠᠢᠳᠠᠪᠤᠷᠢᠵᠢᠭᠤᠯᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 55 ᠨᠡᠮᠡᠭᠳᠡᠨ᠂ ᠶᠡᠷᠦᠡᠭᠬᠡᠢ ᠪᠡᠯᠡ ᠤᠷᠤᠭᠤᠯᠤᠯᠲᠠ ᠨᠢ 1635 ᠳ᠋ᠦᠡᠭᠰᠢᠭᠤᠷ ᠲᠦᠭᠦᠷᠢᠭ ᠲᠦ᠍ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 2.8% ᠪᠡᠷ ᠨᠡᠮᠡᠭᠳᠡᠪᠡ᠃ ᠤᠳᠤ ᠨᠢᠭᠡᠨᠲᠡ 460 ᠲᠦᠷᠦᠯ ᠵᠦᠢᠯ ᠢ᠋ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠤᠷᠮ᠎ᠠ 70.88% ᠳ᠋ᠦ ᠬᠦᠷᠴᠠᠢ᠃
ᠡᠨᠡ ᠵᠢᠯ ᠤ᠋ᠨ ᠡᠬᠢᠨ ᠡᠴᠡ ᠨᠠᠭᠠᠰᠢ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮᠤᠨ ᠬᠢᠨ ᠤᠯᠠᠨ ᠲᠠᠯ᠎ᠡ ᠪᠡᠷ ᠬᠦᠴᠦᠯᠡᠵᠦ᠂ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ ᠠᠵᠢᠯ ᠤ᠋ᠨ ᠡᠷᠴᠢᠮ ᠶ᠋ᠢᠡᠨ ᠦᠷᠬᠦᠯᠵᠢᠯᠡᠨ ᠴᠢᠡᠭᠭᠠᠷᠠᠭᠤᠯᠪᠠ᠃ ᠮᠠᠯ ᠠᠵᠤ ᠠᠬᠤᠢ ᠲᠠᠷᠢᠶᠠᠯᠠᠡᠭ ᠤ᠋ᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ ᠬᠠᠮᠢᠶᠠᠷᠤᠯᠲᠠ ᠶ᠋ᠢᠨ ᠠᠷᠭ᠎ᠠ ᠵᠢ ᠲᠤᠭᠲᠠᠭᠠᠨ᠂ 《ᠠᠵᠤ ᠦᠢᠯᠡᠰ ᠢ᠋ ᠬᠠᠮᠢᠶᠠᠷᠪᠠᠯ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ ᠵᠢ ᠬᠠᠮᠢᠶᠠᠷᠬᠤ》 ᠬᠠᠷᠢᠭᠤᠴᠠᠯᠭ᠎ᠠ ᠵᠢ ᠪᠤᠳᠠᠳᠠᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ ᠠᠵᠢᠯᠲᠠᠨ ᠤ᠋ ᠡᠭᠦᠷᠭᠡ ᠬᠠᠷᠢᠭᠤᠴᠠᠯᠭ᠎ᠠ ᠶ᠋ᠢᠨ ᠳᠦᠷᠢᠮ ᠢ᠋ ᠵᠢᠷᠤᠮᠵᠢᠭᠤᠯᠤᠨ᠂ ᠤᠨ ᠤ᠋ ᠠᠵᠢᠯ ᠤ᠋ᠨ ᠮᠡᠳᠡᠭᠳᠡᠯ ᠢ᠋ ᠳᠠᠷᠤᠮᠠᠯᠯᠠᠨ ᠲᠠᠷᠬᠠᠭᠠᠵᠤ᠂ ᠤᠷᠤᠨ ᠳᠠᠶᠠᠭᠠᠷ ᠶ᠋ᠢᠡᠨ ᠬᠠᠮᠵᠢᠯᠴᠠᠨ ᠬᠦᠴᠦᠯᠡᠬᠦ ᠵᠢ ᠠᠬᠢᠭᠤᠯᠪᠠ᠃ ᠮᠢᠬᠠᠨ ᠤ᠋ ᠦᠬᠡᠷ᠂ ᠮᠢᠬᠠᠨ ᠤ᠋ ᠬᠤᠨᠢ᠂ ᠰᠦ ᠶ᠋ᠢᠨ ᠦᠢᠯᠡᠰ᠂ ᠡᠯᠳᠡᠪ ᠠᠮᠤ᠂ ᠵᠢᠮᠢᠰ ᠢᠳᠡᠰᠢᠨ ᠨᠤᠭᠤᠭ᠎ᠠ ᠵᠡᠷᠭᠡ ᠳᠠᠪᠠᠭᠤᠯᠢᠭᠲᠦ ᠠᠵᠤ ᠦᠢᠯᠡᠰ ᠤ᠋ᠨ ᠲᠤᠭᠤᠷᠢᠨ ᠳ᠋ᠦ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ 226 ᠲᠦᠷᠦᠯ ᠵᠦᠢᠯ ᠢ᠋ ᠨᠦᠬᠡᠴᠡᠯᠡᠵᠦ᠂ ᠤᠨ ᠤ᠋ ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠪᠠᠢᠨ᠎ᠠ᠃ ᠡᠬᠦᠨ ᠤ᠋ ᠬᠠᠮᠳᠤ᠂ ᠦᠪᠡᠷᠲᠡᠭᠡᠨ ᠵᠠᠰᠠᠬᠤ ᠤᠷᠤᠨ ᠤ᠋ ᠲᠠᠯ᠎ᠠ ᠡᠴᠡ 31 ᠵᠤᠷᠪᠤᠰ ᠬᠦᠴᠦᠨ ᠪᠦᠬᠦᠢ ᠰᠦᠪᠡᠭᠴᠢ ᠵᠢ ᠴᠤᠭᠯᠠᠭᠤᠯᠤᠨ᠂ ᠠᠷᠠᠯᠵᠢᠶᠠᠴᠢᠨ ᠤ᠋ ᠨᠡᠢᠭᠡᠮᠯᠢᠭ᠂ ᠢᠨᠲᠸᠷ ᠰᠦᠯᠵᠢᠶ᠎ᠡ᠂ ᠳᠠᠭᠠᠭᠤᠯᠤᠭᠴᠢ ᠠᠵᠤ ᠠᠬᠤᠢᠯᠠᠯ ᠶ᠋ᠢᠡᠷ ᠳᠠᠮᠵᠢᠨ ᠰᠦᠪᠡᠭᠴᠢ ᠶ᠋ᠢᠨ ᠢᠷᠡᠯᠲᠡ ᠵᠢ ᠲᠠᠰᠤᠷᠠᠯᠲᠠ ᠦᠭᠡᠢ ᠦᠷᠭᠡᠳᠭᠡᠵᠤ᠂ ᠬᠦᠬᠡᠮᠦ᠋ᠷᠡᠨ ᠤ᠋ ᠭᠤᠷᠪᠠᠯᠵᠢᠨ ᠬᠤᠢᠭ ᠤ᠋ᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ ᠵᠦᠪᠳᠡᠯᠴᠡᠭᠡᠷ ᠤ᠋ᠨ ᠬᠤᠷᠠᠯ᠂ ᠦᠬᠡᠷ ᠬᠤᠨᠢᠨ ᠮᠢᠬᠠᠨ ᠤ᠋ ᠠᠵᠤ ᠦᠢᠯᠡᠰ ᠤ᠋ᠨ ᠲᠤᠰᠬᠠᠢ ᠰᠡᠳᠦᠪᠲᠦ ᠲᠠᠨᠢᠯᠴᠠᠭᠤᠯᠭ᠎ᠠ ᠶ᠋ᠢᠨ ᠬᠤᠷᠠᠯ ᠵᠡᠷᠭᠡ ᠠᠵᠢᠯᠯᠠᠭ᠎ᠠ ᠵᠢ ᠡᠷᠬᠢᠯᠡᠨ ᠶᠠᠪᠤᠭᠳᠠᠭᠤᠯᠵᠠᠢ᠃ ᠪᠠᠰᠠ ᠲᠤᠰᠬᠠᠢ ᠰᠠᠯᠪᠤᠷᠢ ᠠᠡᠭᠬᠢ ᠵᠢ ᠵᠤᠬᠢᠶᠠᠨ ᠪᠠᠢᠭᠤᠯᠤᠨ ᠠᠷᠠᠯᠵᠢᠶᠠᠴᠢᠨ ᠤᠷᠢᠵᠤ᠂ ᠲᠤᠰᠬᠠᠢ ᠰᠠᠯᠪᠤᠷᠢ ᠠᠩᠬᠢ ᠵᠢᠨ ᠭᠡᠷ᠎ᠡ ᠲᠤᠭᠲᠠᠭᠰᠠᠨ ᠲᠦᠷᠦᠯ ᠵᠦᠢᠯ ᠤ᠋ᠨ ᠶᠡᠷᠦᠡᠭᠬᠡᠢ ᠪᠡᠯᠡ ᠤᠷᠤᠭᠤᠯᠤᠯᠲᠠ ᠨᠢ ᠨᠢᠬᠡᠨᠳᠡ 13 ᠳ᠋ᠦᠡᠭᠰᠢᠭᠤᠷ ᠲᠦᠭᠦᠷᠢᠭ ᠢ᠋ ᠳᠠᠪᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃