ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-09-29 10:26:59

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠤᠯᠠᠭᠠᠨᠬᠠᠳᠠ ᠬᠤᠲᠠ 3884 ᠲᠦᠮᠡᠨ ᠮᠥ᠍ ᠪᠠᠶ᠋ᠢᠭᠠᠯᠢᠯᠢᠭ ᠡᠪᠡᠰᠦ ᠪᠡᠯᠴᠢᠭᠡᠷ᠎ᠵᠢᠡᠨ ᠣᠶ᠋ᠢᠷ᠎ᠠ᠎ᠳᠤ ᠬᠤᠶ᠋ᠢᠨ᠎ᠠ ᠬᠤᠶ᠋ᠢᠨ᠎ᠠ᠎ᠡᠴᠡ᠎ᠨᠢ ᠬᠠᠲᠤᠵᠤ ᠬᠤᠷᠢᠶᠠᠨ᠂ᠡᠯ᠎ᠡ ᠬᠤᠰᠢᠭᠤ ᠰᠢᠶᠠᠨ ᠲᠣᠭᠤᠷᠢᠭ ᠮᠠᠰᠢᠨᠴᠢᠯᠠᠨ ᠡᠪᠡᠰᠦ ᠬᠠᠳᠤᠬᠤ ᠠᠵᠢᠯ᠎ᠢ ᠰᠢᠨᠵᠢᠯᠡᠬᠦ ᠤᠬᠠᠭᠠᠨᠴᠢ᠎ᠪᠠᠷ ᠡᠮᠬᠢ ᠲᠢᠭᠯᠢᠮ᠎ᠲᠠᠢ ᠠᠬᠢᠭᠤᠯᠵᠤ᠂ ᠴᠢᠨᠠᠷ ᠰᠠᠶ᠋ᠢᠲᠠᠢ ᠡᠪᠡᠰᠦ ᠪᠣᠷᠳᠤᠭ᠎ᠠ᠎ᠶ᠋ᠢ ᠪᠥᠬᠦ᠌ ᠬᠦᠴᠦᠨ᠎ᠢᠶᠠᠷ᠎ᠨᠥᠭᠡᠴᠡᠯᠡᠵᠦ᠍᠂ ᠪᠥᠬᠦ᠌ ᠬᠤᠲᠠ᠎ᠶ᠋ᠢᠨ ᠮᠠᠯ ᠲᠡᠵᠢᠭᠡᠪᠦᠷᠢ ᠵᠢᠨ ᠠᠮᠤᠷ ᠲᠦᠪᠰᠢᠨ ᠡᠪᠦᠯᠵᠢᠬᠦ᠎ᠳᠤ ᠪᠡᠯᠡᠳᠭᠡᠪᠡ᠃

ᠰᠤᠷᠪᠤᠯᠵᠢᠯᠠᠭᠴᠢ ᠲᠦᠷᠦᠭᠦᠬᠡᠨ ᠪᠠᠭᠠᠷᠢᠨ ᠪᠠᠷᠠᠭᠤᠨ ᠬᠤᠰᠢᠭᠤᠨ᠎ᠤ ᠰᠤᠪᠤᠷᠭ᠎ᠠ ᠪᠠᠯᠭᠠᠰᠤᠨ᠎ᠳᠤ ᠬᠦᠷᠬᠦ᠎ᠳᠤ᠂ ᠮᠠᠯᠴᠢᠳ ᠲᠤᠩᠭᠠᠯᠠᠭ ᠰᠠᠶ᠋ᠢᠬᠠᠨ ᠡᠳᠦᠷ᠎ᠢ ᠠᠮᠵᠢᠨ᠂ ᠮᠠᠰᠢᠨᠴᠢᠯᠠᠨ ᠡᠪᠡᠰᠦ ᠬᠠᠳᠤᠬᠤ ᠠᠵᠢᠯ ᠳ᠋ᠠᠭᠠᠨ ᠶᠠᠭᠠᠷᠠᠯᠳᠤᠵᠤ ᠪᠠᠢᠪᠠ᠃ ᠪᠠᠶ᠋ᠢᠭᠠᠯᠢᠯᠢᠭ ᠡᠪᠡᠰᠦ ᠪᠡᠯᠴᠢᠭᠡᠷ ᠳᠡᠭᠡᠷ᠎ᠡ ᠡᠯ᠎ᠡ ᠲᠥᠷᠦᠯ᠎ᠤᠨ ᠮᠠᠰᠢᠨ ᠮᠧᠬᠠᠨᠢᠭ ᠬᠦᠷᠴᠢᠬᠢᠨᠡᠨ᠂ ᠬᠠᠳᠤᠬᠤ᠂ ᠪᠤᠭᠤᠵᠢᠯᠠᠬᠤ᠎ᠶ᠋ᠢ ᠨᠢᠭᠡ ᠴᠣᠭᠴᠠᠵᠢᠭᠤᠯᠤᠨ ᠥᠨᠳᠦᠷ ᠪᠦᠲᠦᠮᠵᠢᠲᠡᠢ᠎ᠪᠡᠶᠡᠯᠡᠭᠦᠯᠵᠦ ᠪᠠᠢᠯ᠎ᠠ᠃

ᠪᠠᠭᠠᠷᠢᠨ ᠪᠠᠷᠠᠭᠤᠨ ᠬᠤᠰᠢᠭᠤᠨ᠎ᠤ ᠰᠤᠪᠤᠷᠭ᠎ᠠ ᠪᠠᠯᠭᠠᠰᠤᠨ᠎ᠤ ᠴᠠᠩ ᠰᠢᠩ ᠲᠣᠰᠭᠤᠨ᠎ᠤ ᠯᠢ ᠴᠤᠤ ᠺᠦᠢ᠄ 《ᠡᠨᠡ ᠬᠡᠳᠦᠨ ᠵᠢᠯ ᠮᠠᠨ᠎ᠤ ᠡᠨᠳᠡ ᠪᠡᠯᠴᠢᠭᠡᠷᠯᠡᠭᠦᠯᠬᠦ᠎ᠶ᠋ᠢ ᠵᠤᠬᠰᠤᠭᠠᠵᠤ ᠪᠡᠯᠴᠢᠭᠡᠷ᠎ᠢ ᠰᠡᠷᠭᠦᠭᠡᠬᠦ᠂ ᠬᠠᠰᠢᠶᠠᠯᠠᠨ ᠲᠡᠵᠢᠭᠡᠬᠦ ᠲᠥᠷᠦ᠎ᠶ᠋ᠢᠨ ᠪᠣᠳᠤᠯᠭ᠎ᠠ᠎ᠶ᠋ᠢ ᠬᠡᠷᠡᠭᠵᠢᠭᠦᠯᠦᠭᠡᠳ᠂ ᠨᠤᠲᠤᠭ ᠪᠡᠯᠴᠢᠭᠡᠷ᠎ᠤᠨ ᠠᠮᠢ ᠠᠬᠤᠢ ᠮᠠᠰᠢ ᠰᠠᠶ᠋ᠢᠵᠢᠷᠠᠵᠤ᠂ ᠡᠪᠡᠰᠦ ᠪᠡᠯᠴᠢᠭᠡᠷ᠎ᠤᠨ ᠤᠷᠭᠤᠴᠠ ᠵᠢᠯ᠎ᠡᠴᠡ ᠵᠢᠯ ᠰᠠᠶ᠋ᠢᠵᠢᠷᠠᠵᠤ᠂ ᠭᠠᠷᠤᠯᠲᠠ᠎ᠴᠤ᠌ ᠨᠡᠮᠡᠭᠳᠡᠵᠡᠢ᠃ ᠪᠡᠯᠴᠢᠭᠡᠷ᠎ᠦᠨ ᠮᠦ᠍ ᠪᠦᠷᠢ᠎ᠶ᠋ᠢᠨ ᠡᠪᠡᠰᠦᠨ᠎ᠤ ᠭᠠᠷᠤᠯᠲᠡ ᠪᠡᠯᠴᠢᠭᠡᠷᠯᠡᠭᠦᠯᠬᠦ᠎ᠶ᠋ᠢ ᠵᠤᠬᠰᠤᠭᠠᠬᠤ᠎ᠡᠴᠡ ᠡᠮᠦᠨ᠎ᠡ 100 ᠭᠠᠷᠤᠢ ᠵᠢᠩ᠎ᠪᠠᠢᠬᠰᠠᠨ ᠵᠢᠡᠨ ᠤᠳᠤ ᠨᠡᠮᠡᠭᠳᠡᠭᠡᠳ 200 ᠭᠠᠷᠤᠢ ᠵᠢᠩ ᠪᠣᠯᠤᠯ᠎ᠠ᠂ ᠮᠠᠯ᠎ᠲᠡᠵᠢᠭᠡᠪᠦᠷᠢ ᠵᠢᠨ ᠡᠪᠦᠯᠵᠢᠬᠦ ᠬᠡᠷᠡᠭᠴᠡᠭᠡ᠎ᠶ᠋ᠢ ᠪᠦᠷᠢᠮᠦᠰᠦᠨ ᠬᠠᠩᠭᠠᠵᠤ ᠲᠡᠢᠯᠦᠨ᠎ᠡ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠭᠰᠠᠨ ᠪᠠᠢᠨ᠎ᠠ᠃

ᠣᠶ᠋ᠢᠯᠠᠭᠠᠭᠰᠠᠨ᠎ᠢᠶᠠᠷ᠂ ᠤᠯᠠᠭᠠᠨᠬᠠᠳᠠ ᠬᠤᠲᠠ᠎ᠶ᠋ᠢᠨ 3884 ᠲᠦᠮᠡᠨ ᠮᠥ᠍ ᠪᠠᠢᠭᠠᠯᠢᠯᠢᠭ ᠡᠪᠡᠰᠦ ᠪᠡᠯᠴᠢᠭᠡᠷ ᠭᠤᠤᠯᠳᠠᠭᠤ ᠬᠤᠶ᠋ᠢᠲᠤ᠌ ᠬᠡᠰᠡᠭ᠎ᠤᠨ ᠡᠯ᠎ᠡ ᠮᠠᠯᠵᠢᠬᠤ ᠬᠤᠰᠢᠭᠤ ᠰᠢᠶᠠᠨ᠎ᠳᠤ ᠲᠥᠪᠯᠡᠷᠡᠵᠤ ᠪᠤᠢ᠃ 2026 ᠣᠨ᠎ᠤ ᠨᠤᠲᠤᠭ ᠪᠡᠯᠴᠢᠭᠡᠷ᠎ᠢ ᠬᠢᠨᠠᠨ ᠬᠡᠮᠵᠢᠭᠰᠡᠨ ᠲᠤᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠪᠥᠬᠦ᠌ ᠬᠤᠲᠠ᠎ᠶ᠋ᠢᠨ ᠡᠪᠡᠰᠦ ᠪᠡᠯᠴᠢᠭᠡᠷ᠎ᠤᠨ ᠤᠷᠭᠤᠴᠠ᠎ᠶ᠋ᠢᠨ ᠪᠠᠶ᠋ᠢᠳᠠᠯ ᠢᠯᠡ ᠲᠣᠳᠤ ᠡᠮᠦᠨ᠎ᠡ ᠬᠤᠢᠳᠤ ᠬᠡᠰᠡᠭ᠎ᠤᠨ ᠵᠥᠷᠢᠶ᠎ᠡ ᠢᠯᠡᠷᠡᠵᠦ᠍᠂ ᠤᠯᠠᠩᠬᠢ ᠣᠷᠤᠨ ᠪᠦᠰᠡ᠎ᠶ᠋ᠢᠨ ᠡᠪᠡᠰᠦ ᠪᠡᠯᠴᠢᠭᠡᠷ᠎ᠤᠨ ᠤᠷᠭᠤᠴᠠ ᠨᠢ᠎ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠰᠠᠢᠨ ᠪᠠᠶ᠋ᠢᠨ᠎ᠠ᠃

《ᠪᠢᠳᠡ ᠪᠥᠬᠦ᠌ ᠬᠤᠲᠠ᠎ᠳᠤ 62 ᠡᠩ᠎ᠤᠨ ᠬᠢᠨᠠᠨ ᠬᠡᠮᠵᠢᠬᠦ᠌ ᠴᠡᠭ᠂ 217 ᠶᠡᠷᠦᠩᠬᠡᠶ᠋ᠢᠯᠡᠭᠰᠡᠨ ᠬᠢᠨᠠᠨ ᠬᠡᠮᠵᠢᠬᠦ᠌ ᠥᠯᠢᠭᠡᠷ ᠭᠠᠵᠠᠷ᠎ᠢ ᠳᠤᠬᠢᠷᠠᠭᠤᠯᠤᠨ᠂ ᠡᠩ᠎ᠤᠨ ᠬᠢᠨᠠᠨ ᠬᠡᠮᠵᠢᠬᠦ ᠬᠢᠭᠡᠳ ᠶᠡᠷᠦᠩᠬᠡᠶ᠋ᠢᠯᠡᠭᠰᠡᠨ ᠬᠢᠨᠠᠨ ᠬᠡᠮᠵᠢᠬᠦ᠎ᠶ᠋ᠢ ᠬᠠᠷᠢᠯᠴᠠᠨ ᠨᠥᠬᠦᠪᠦᠷᠢᠯᠡᠭᠰᠡᠨ ᠨᠤᠲᠤᠭ ᠪᠡᠯᠴᠢᠭᠡᠷ᠎ᠤᠨ ᠬᠢᠨᠠᠨ ᠬᠡᠮᠵᠢᠬᠦ᠌ ᠵᠠᠭᠪᠤᠷ᠎ᠢ ᠪᠦᠷᠢᠯᠳᠦᠭᠦᠯᠵᠡᠢ᠃ ᠣᠳᠤᠬᠠᠨ᠎ᠳᠤ ᠤᠯᠠᠭᠠᠨᠬᠠᠳᠠ ᠬᠤᠲᠠ᠎ᠶ᠋ᠢᠨ 3884 ᠲᠦᠮᠡᠨ ᠮᠥ᠍ ᠪᠠᠶ᠋ᠢᠭᠠᠯᠢᠯᠢᠭ ᠡᠪᠡᠰᠦ ᠪᠡᠯᠴᠢᠭᠡᠷ᠎ᠲᠤ᠌ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠪᠠᠲᠤᠯᠠᠬᠤ ᠬᠠᠮᠢᠶᠠᠷᠤᠯᠲᠠ᠎ᠶ᠋ᠢᠨ ᠲᠦᠷᠢᠮ᠎ᠢ ᠨᠢᠭᠡᠨᠲᠡ ᠪᠥᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠪᠡ᠃ ᠡᠨᠡ ᠵᠢᠯ ᠤᠯᠠᠭᠠᠨᠬᠠᠳᠠ ᠬᠤᠲᠠ᠎ᠶ᠋ᠢᠨ ᠬᠤᠶ᠋ᠢᠲᠤ᠌ ᠬᠡᠰᠡᠭ᠎ᠤᠨ ᠮᠠᠯᠵᠢᠬᠤ ᠬᠤᠰᠢᠭᠤ ᠰᠢᠶᠠᠨ᠎ᠤ ᠡᠪᠡᠰᠦ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠂ ᠡᠪᠡᠰᠦ ᠪᠡᠯᠴᠢᠭᠡᠷ᠎ᠤᠨ ᠭᠠᠷᠤᠯᠲᠠ ᠶᠡᠷᠦᠩᠬᠡᠢ᠎ᠳᠡᠭᠡᠨ ᠲᠣᠭᠲᠠᠭᠤᠨ᠎ᠢᠶᠠᠷ ᠰᠠᠶ᠋ᠢᠵᠢᠷᠠᠵᠤ᠂ ᠨᠤᠲᠤᠭ ᠪᠡᠯᠴᠢᠭᠡᠷ᠎ᠤᠨ ᠠᠮᠢ ᠠᠬᠤᠢ ᠦᠷᠭᠦᠯᠵᠢᠯᠡᠨ ᠰᠠᠢᠵᠢᠷᠠᠵᠠᠢ》 ᠭᠡᠵᠦ᠍ ᠤᠯᠠᠭᠠᠨᠬᠠᠳᠠ ᠬᠤᠲᠠ᠎ᠶ᠋ᠢᠨ ᠣᠢ ᠰᠢᠭᠤᠢ ᠨᠤᠲᠤᠭ ᠪᠡᠯᠴᠢᠭᠡᠷ᠎ᠢ ᠬᠠᠮᠠᠭᠠᠯᠠᠵᠤ ᠬᠥᠭᠵᠢᠭᠦᠯᠬᠦ ᠲᠥᠪ᠎ᠤᠨ ᠬᠢᠨᠠᠨ ᠬᠡᠮᠵᠢᠬᠦ᠌ ᠲᠥᠯᠦᠪᠵᠢᠭᠦᠯᠭᠡ ᠪᠠ ᠮᠡᠳᠡᠭᠡ ᠵᠠᠩᠭᠢ᠎ᠶ᠋ᠢᠨ ᠰᠠᠯᠠᠭᠠᠨ᠎ᠤ ᠳᠠᠷᠤᠭ᠎ᠠ ᠰᠦᠨ ᠰᠢᠤᠸᠠᠢ ᠲᠤᠤ ᠲᠠᠨᠢᠯᠴᠠᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面