ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-09-30 11:13:30

ᠵᠣᠬᠢᠶᠠᠭ᠍ᠴᠢ᠄ ᠪᠦᠦ ᠴᠢᠩ ᠱᠧᠩ ᠣᠩᠱᠢᠭ᠍ᠰᠠᠨ ᠣᠳᠠᠭ᠎ᠠ᠄ 3

ᠲᠦᠩᠯᠢᠶᠣᠣ ᠬᠤᠲᠠ᠎ᠶᠢᠨ 500 ᠲᠦᠮᠡᠨ ᠮᠦ᠍ ᠬᠥᠬᠡ ᠳᠠᠷᠤᠰᠢ ᠮᠢᠬᠠᠨ᠎ᠤ ᠥᠭᠡᠷ᠎ᠤᠨ ᠡᠪᠦᠯᠵᠢᠬᠦ ᠡᠪᠡᠰᠦ ᠪᠤᠷᠳᠤᠭ᠎ᠠ ᠵᠢᠨ ᠬᠠᠩᠭᠠᠯᠭ᠎ᠠ᠎ᠵᠢ ᠪᠠᠲᠤᠯᠠᠵᠤ ᠪᠤᠢ

ᠡᠷᠳᠡᠨᠢ ᠰᠢᠰᠢ ᠪᠤᠯ ᠲᠦᠩᠯᠢᠶᠣᠣ ᠬᠤᠲᠠ᠎ᠳᠤ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠭᠣᠣᠯ ᠠᠮᠤ ᠲᠡᠳᠦᠢ ᠪᠢᠰᠢ᠂ ᠨᠡᠩ ᠴᠤ᠌ ᠮᠢᠬᠠᠨ᠎ᠤ ᠦᠬᠡᠷ᠎ᠦᠨ ᠠᠵᠤ ᠦᠢᠯᠡᠰ᠎ᠦᠨ ᠬᠥᠭᠵᠢᠯᠲᠡ᠎ᠶᠢ ᠲᠤᠯᠭᠠᠭᠤᠷᠢᠯᠠᠬᠤ ᠴᠢᠬᠤᠯᠠ ᠪᠤᠷᠳᠤᠭ᠎ᠠ ᠪᠤᠯᠬᠤ ᠶᠤᠮ᠃

ᠠᠯᠲᠠᠨ ᠨᠠᠮᠤᠷ᠎ᠤᠨ ᠶᠢᠰᠥᠨ ᠰᠠᠷ᠎ᠠ ᠳ᠋ᠤ᠂ ᠲᠦᠩᠯᠢᠶᠣᠣ ᠬᠤᠲᠠ᠎ᠶᠢᠨ 506 ᠲᠦᠮᠡᠨ ᠮᠦ᠍ ᠬᠥᠭᠡ ᠳᠠᠷᠤᠰᠢ᠎ᠵᠢ ᠪᠦᠬᠦ ᠲᠠᠯ᠎ᠠ᠎ᠪᠠᠷ ᠬᠠᠳᠤᠵᠤ ᠬᠤᠷᠢᠶᠠᠨ ᠡᠬᠢᠯᠡᠪᠡ᠃ ᠪᠥᠬᠥ ᠬᠣᠲᠠ᠎ᠶᠢᠨ ᠡᠯ᠎ᠡ ᠭᠠᠵᠠᠷ᠎ᠤᠨ ᠮᠠᠯᠴᠢᠨ ᠲᠠᠷᠢᠶᠠᠴᠢᠨ ᠨᠠᠮᠤᠷ᠎ᠤᠨ ᠲᠤᠩᠭᠠᠯᠠᠭ ᠰᠠᠢᠬᠠᠨ ᠡᠳᠦᠷ᠎ᠢ ᠠᠮᠵᠢᠨ᠂ ᠬᠥᠭᠡ ᠳᠠᠷᠤᠰᠢ ᠵᠢ ᠬᠠᠳᠤᠵᠤ ᠬᠤᠷᠢᠶᠠᠬᠤ᠂ ᠵᠣᠭᠣᠷᠢᠯᠠᠨ ᠢᠰᠬᠡᠬᠦ ᠠᠵᠢᠯ ᠎ᠳᠤ ᠶᠠᠭᠠᠷᠠᠯᠳᠤᠵᠤ᠂ 《ᠠᠮᠤ ᠵᠢᠨ ᠰᠠᠩ》 ᠤ᠋ᠨ ᠢᠵᠢ ᠲᠥᠬᠥᠷᠵᠢᠭᠰᠡᠨ ᠪᠣᠯᠪᠠᠰᠤᠷᠠᠩᠭᠤᠢ ᠳᠠᠷᠢᠬᠤ ᠮᠡᠷᠭᠡᠵᠢᠯ᠎ᠦᠨ ᠳᠠᠪᠠᠭᠤᠯᠢᠭ᠋᠎ᠲᠤ ᠲᠦᠰᠢᠭᠯᠡᠨ᠂ 《ᠮᠢᠬᠠᠨ᠎ᠤ ᠬᠥᠮᠥᠷᠭᠡ》 ᠳ᠋ᠤ ᠡᠪᠡᠰᠦ ᠪᠣᠷᠳᠣᠭ᠎ᠠ᠎ᠶᠢᠨ ᠪᠠᠲᠤᠯᠠᠭ᠎ᠠ᠎ᠶᠢᠨ ᠰᠠᠭᠤᠷᠢ᠎ᠶᠢ ᠲᠠᠯᠪᠢᠨ᠎ᠠ᠃

9 ᠰᠠᠷ᠎ᠠ᠎ᠶᠢᠨ 16᠎ᠤ᠋ ᠡᠳᠦᠷ᠂ ᠰᠤᠷᠪᠤᠯᠵᠢᠯᠠᠭᠴᠢ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠭᠠᠨᠵᠤᠭ᠎ᠠ ᠪᠠᠯᠭᠠᠰᠤᠨ ᠎ᠤ ᠬᠠᠪᠬ᠎ᠠ ᠭᠠᠴᠠᠭᠠᠨ᠎ᠤ ᠲᠡᠵᠢᠭᠡᠪᠦᠷᠢ ᠵᠢᠨ ᠡᠷᠦᠬᠡ ᠮᠥᠩᠬᠥᠨᠰᠠᠩ᠎ᠤᠨ ᠲᠠᠷᠢᠶᠠᠨ ᠭᠠᠵᠠᠷ ᠎ᠲᠤ ᠬᠦᠷᠬᠦ ᠎ᠳᠦ᠂ ᠬᠠᠳᠤᠵᠤ ᠬᠤᠷᠢᠶᠠᠬᠤ ᠮᠠᠰᠢᠨ ᠬᠦᠷᠴᠢᠬᠢᠨᠡᠨ᠂ ᠬᠥᠭᠡ ᠳᠠᠷᠤᠰᠢ ᠬᠠᠳᠤᠬᠤ᠂ ᠬᠡᠮᠬᠡᠴᠢᠬᠦ᠂ ᠲᠡᠭᠡᠭᠡᠬᠦ ᠵᠡᠷᠭᠡ ᠵᠢ ᠬᠠᠮᠳᠤ ᠳ᠋ᠤᠨᠢ ᠬᠥᠢᠴᠡᠳᠭᠡᠨ᠂ ᠳᠦᠭᠦᠷᠡᠩ ᠲᠡᠭᠡᠭᠡᠰᠢ ᠲᠠᠢ ᠲᠠᠷᠢᠶᠠᠯᠠᠩ᠎ᠤᠨ ᠲᠷᠠᠺᠲ᠋ᠣᠷ ᠬᠥᠳᠡᠭᠡ ᠲᠣᠰᠬᠣᠨ᠎ᠤ ᠵᠠᠮ ᠳᠡᠭᠡᠷ᠎ᠡ ᠨᠠᠭᠠᠰᠢ ᠴᠠᠭᠠᠰᠢ ᠰᠦᠯᠵᠢᠯᠳᠦᠵᠦ᠂ ᠭᠠᠵᠠᠷ ᠪᠣᠯᠭᠠᠨ᠎ᠳᠤ ᠬᠤᠷᠢᠶᠠᠯᠲᠠ᠎ᠶᠢᠨ ᠠᠵᠢᠯ ᠳ᠋ᠠᠭᠠᠨ ᠶᠠᠭᠠᠷᠠᠵᠠᠭᠠᠨ᠎ᠠ᠃

ᠮᠥᠩᠭᠥᠨᠰᠠᠩ᠄ 《ᠡᠨᠡ ᠬᠦᠬᠡ ᠳᠠᠷᠤᠰᠢ᠎ᠶᠢᠨ ᠤᠷᠭᠤᠴᠠ ᠵᠢ ᠥᠵᠡᠭᠡᠴᠢ! ᠨᠢᠭ᠍ᠲᠠ ᠪᠦᠭᠡᠳ ᠥᠨᠳᠥᠷ᠂ ᠦᠩᠭᠡ ᠨᠢ ᠬᠦᠬᠡ᠂ ᠨᠤᠢᠳᠠᠨ᠎ᠤ ᠬᠡᠮᠵᠢᠶ᠎ᠡ ᠨᠢ ᠲᠤᠬᠢᠷᠠᠮᠵᠢᠳᠠᠢ ᠪᠤᠯᠬᠤᠷ ᠢᠰᠬᠡᠯ ᠪᠣᠷᠳᠣᠭ᠎ᠠ ᠨᠢ ᠯᠠᠪᠳᠠᠢ ᠰᠠᠢᠨ ᠡ᠂ ᠪᠠᠷᠤᠭ ᠮᠦ᠍ ᠪᠦᠷᠢ᠎ᠡᠴᠡ 3.5 ᠲᠣᠨ ᠣᠷᠴᠢᠮ ᠬᠤᠷᠢᠶᠠᠵᠤ ᠲᠠᠶ᠋ᠢᠯᠤᠨ᠎ᠠ᠂ ᠮᠠᠨ᠎ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠥᠭᠡᠷᠡᠴᠢᠯᠡᠯᠲᠡ᠎ᠶᠢ ᠪᠡᠶᠡᠯᠡᠭᠦᠯᠦᠭᠰᠡᠨ᠎ᠦ ᠳᠠᠷᠠᠭ᠎ᠠ ᠬᠥᠬᠡ ᠳᠠᠷᠤᠰᠢ ᠵᠢᠨ ᠮᠸ᠋ ᠨᠢᠭᠡᠴᠢ ᠵᠢᠨ ᠬᠤᠷᠢᠶᠠᠯᠲᠠ ᠨᠡᠮᠡᠭᠳᠡᠨ᠂ ᠤᠰᠤ ᠪᠤᠷᠳᠤᠭ᠎ᠠ ᠵᠢ ᠨᠢᠭᠡ ᠴᠣᠭᠴᠠᠵᠢᠭᠤᠯᠤᠨ ᠨᠠᠷᠢᠯᠢᠭ᠋ ᠣᠨᠣᠴᠠᠲᠠᠢ᠎ᠬᠠᠩᠭᠠᠭᠰᠠᠨ᠎ᠠᠴᠠ ᠬᠥᠬᠡ ᠳᠠᠷᠤᠰᠢ ᠵᠢᠨ ᠰᠢᠮ᠎ᠡ ᠲᠡᠵᠢᠭᠡᠯ ᠨᠢ ᠢᠯᠡᠳᠲᠡ ᠰᠠᠢᠵᠢᠷᠠᠵᠤ᠂ ᠲᠡᠵᠢᠭᠡᠪᠦᠷᠢ ᠵᠢᠨ ᠥᠪᠡᠷ ᠎ᠦᠨ ᠥᠷᠲᠡᠭ᠎ᠢ ᠠᠷᠪᠢᠯᠠᠭᠰᠠᠨ᠎ᠢᠶᠠᠷ ᠪᠠᠷᠠᠬᠤ ᠦᠭᠡᠢ᠂ ᠮᠢᠬᠠᠨ᠎ᠤ ᠦᠬᠡᠷ ᠎ᠦᠨ ᠲᠠᠷᠭᠤ ᠠᠪᠬᠤ ᠨᠢ ᠴᠦ᠍ ᠬᠤᠷᠳᠤᠨ ᠪᠤᠯᠵᠠᠢ》ᠭᠡᠵᠥ ᠰᠤᠷᠪᠤᠯᠵᠢᠯᠠᠭᠴᠢ᠎ᠳᠤ ᠲᠠᠨᠢᠯᠴᠠᠭᠤᠯᠤᠭᠰᠠᠨ ᠪᠠᠢᠨ᠎ᠠ᠃

ᠮᠥᠩᠭᠥᠨᠰᠠᠩ᠎ᠤᠨ ᠬᠢᠨ ᠣᠳᠣᠬᠠᠨ᠎ᠳᠤ 100 ᠭᠠᠷᠤᠢ ᠮᠢᠬᠠᠨ᠎ᠤ ᠦᠬᠡᠷ ᠲᠡᠵᠢᠭᠡᠨ᠂ ᠭᠠᠴᠠᠭ᠎ᠠ ᠨᠡᠶ᠋ᠢᠲᠡ᠎ᠳᠡᠭᠡᠨ ᠮᠡᠳᠡᠷᠡᠭᠳᠡᠭᠰᠡᠨ ᠲᠡᠵᠢᠭᠡᠪᠦᠷᠢ ᠵᠢᠨ ᠴᠢᠳᠠᠪᠤᠷᠢᠲᠠᠨ ᠪᠣᠯᠬᠤ ᠶᠤᠮ᠃ ᠡᠨᠡ ᠵᠢᠯ ᠲᠡᠷᠡ ᠲᠤᠰᠬᠠᠢᠯᠠᠨ ᠺᠧ ᠳ᠋ᠧᠥ 8 ᠵᠡᠷᠭᠡ ᠥᠨᠳᠥᠷ ᠤᠨᠠᠯᠲᠠ᠎ᠲᠠᠢ ᠲᠤᠰᠬᠠᠢ ᠬᠡᠷᠡᠭᠯᠡᠭᠡᠨ᠎ᠦ ᠬᠥᠭᠡ ᠳᠠᠷᠤᠰᠢ᠎ᠶᠢᠨ ᠡᠭᠦᠯᠳᠡᠷ᠎ᠢ ᠰᠣᠩᠭᠣᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠲᠤ 90 ᠭᠠᠷᠤᠢ ᠮᠦ᠍ ᠬᠥᠭᠡ ᠳᠠᠷᠤᠰᠢ᠎ᠲᠠᠷᠢᠵᠠᠢ᠃ ᠨᠢᠭ᠍ᠲᠠ ᠳᠠᠷᠢᠵᠤ ᠨᠠᠷᠢᠯᠢᠭ᠋ ᠣᠨᠣᠴᠠᠲᠠᠢ᠎ᠲᠣᠬᠢᠷᠠᠭᠤᠯᠤᠨ ᠡᠵᠡᠮᠳᠡᠬᠦ ᠮᠡᠷᠭᠡᠵᠢᠯ᠎ᠢ ᠬᠡᠷᠡᠭᠯᠡᠨ᠂ ᠡᠨᠡ ᠵᠢᠯ ᠲᠡᠳᠡᠨ᠎ᠦ ᠬᠢᠨ᠎ᠤ ᠬᠥᠬᠡ ᠳᠠᠷᠤᠰᠢ ᠨᠢ ᠡᠯᠪᠡᠭ ᠬᠤᠷᠢᠶᠠᠯᠲᠠ ᠣᠯᠵᠤ᠂ ᠮᠦ᠍ ᠪᠦᠷᠢ ᠨᠢ ᠥᠩᠭᠡᠷᠡᠭᠰᠡᠨ᠎ᠦ ᠬᠢ᠎ᠡᠴᠡ 2000 — 3000 ᠵᠢᠩ ᠨᠡᠮᠡᠭᠳᠡᠨ᠂ ᠮᠢᠬᠠᠨ᠎ᠤ ᠦᠬᠡᠷ᠎ᠦᠨ ᠡᠪᠦᠯᠵᠢᠬᠦ᠎ᠳᠦ ᠴᠢᠨᠠᠷ ᠰᠠᠢᠲᠠᠢ ᠡᠪᠡᠰᠦ ᠪᠤᠷᠳᠤᠭ᠎ᠠ ᠵᠢ ᠭᠦᠢᠴᠡᠳ ᠨᠥᠭᠡᠴᠡᠯᠡᠵᠠᠢ᠃ ᠬᠦᠷᠢᠶᠡᠨ᠎ᠳᠡᠬᠢ 2 ᠬᠥᠭᠡ ᠳᠠᠷᠤᠰᠢ᠎ᠶᠢᠨ ᠵᠣᠭᠣᠷᠢᠨ᠎ᠳᠤ ᠲᠦᠭᠦᠬᠡᠢ ᠮᠠᠲᠧᠷᠢᠶᠠᠯ ᠳᠦᠭᠦᠷᠴᠦ ᠂ ᠬᠥᠭᠡ ᠳᠠᠷᠤᠰᠢ᠎ᠶᠢ ᠨᠢᠭ᠍ᠲᠠ ᠪᠢᠲᠡᠭᠦᠮᠵᠢᠯᠡᠵᠦ ᠰᠠᠢᠨ ᠢᠰᠬᠡᠬᠦ ᠵᠢᠨ ᠲᠦᠯᠦᠭᠡ ᠤᠳᠬᠤᠭᠤᠷ ᠲᠡᠷᠭᠡ ᠪᠡᠷ ᠲᠠᠬᠢᠨ ᠳᠠᠪᠲᠠᠨ ᠳᠠᠷᠤᠰᠢᠭᠤᠯᠵᠤ ᠪᠠᠢᠯ᠎ᠠ᠃

ᠮᠢᠬᠠᠨ᠎ᠤ ᠦᠬᠡᠷ᠎ᠦᠨ ᠠᠵᠤ ᠦᠢᠯᠡᠰ᠎ᠦᠨ ᠦᠷᠭᠦᠯᠵᠢᠯᠡᠨ ᠭᠦᠨᠵᠡᠭᠡᠢᠷᠡᠵᠦ ᠬᠥᠭᠵᠢᠬᠦ᠎ᠶᠢ ᠳᠠᠭᠠᠯᠳᠤᠨ᠂ ᠬᠣᠷᠴᠢᠨ ᠵᠡᠭᠦᠨ ᠭᠠᠷᠤᠨ ᠬᠣᠢᠲᠤ ᠬᠣᠰᠢᠭᠤ 《ᠲᠡᠵᠢᠭᠡᠬᠦ᠎ᠶᠢᠨ ᠲᠥᠯᠥᠭᠡ ᠳᠠᠷᠢᠵᠤ᠂ ᠮᠠᠯ ᠠᠵᠤ ᠠᠬᠤᠢ᠎ᠶᠢᠨ ᠲᠥᠯᠥᠭᠡ ᠲᠠᠷᠢᠶᠠᠯᠠᠬᠤ》 ᠬᠥᠭᠵᠢᠯᠲᠡ᠎ᠶᠢᠨ ᠴᠢᠭᠯᠡᠯ᠎ᠢ ᠢᠮᠠᠭᠲᠠ ᠪᠠᠷᠢᠮᠲᠠᠯᠠᠵᠤ᠂ ᠤᠯᠠᠮᠵᠢᠯᠠᠯᠲᠤ ᠮᠠᠯ ᠠᠵᠤ ᠠᠬᠤᠢ᠎ᠲᠠᠷᠢᠶᠠᠯᠠᠩ᠎ᠤᠨ《ᠤᠷᠢᠳᠠᠪᠠᠷ ᠳᠠᠷᠢᠵᠤ ᠳᠠᠷᠠᠭ᠎ᠠ ᠨᠢ ᠬᠤᠳᠠᠯᠳᠤᠬᠤ》ᠬᠠᠭᠤᠴᠢᠨ ᠰᠡᠳᠬᠢᠴᠡ᠎ᠶᠢ 《ᠲᠡᠵᠢᠭᠡᠪᠦᠷᠢ᠎ᠳᠦ ᠶᠠᠭᠤ ᠬᠡᠷᠡᠭᠴᠡᠭᠡ᠎ᠲᠠᠢ ᠪᠣᠯ ᠲᠡᠭᠦᠨ᠎ᠢ ᠨᠠᠷᠢᠯᠢᠭ᠋ ᠣᠨᠣᠴᠠᠲᠠᠢ᠎ᠳᠠᠷᠢᠬᠤ》 ᠦᠢᠯᠡᠳᠪᠦᠷᠢᠯᠡᠯ᠎ᠦᠨ ᠰᠢᠨ᠎ᠡ ᠵᠠᠭᠪᠤᠷ ᠪᠣᠯᠭᠠᠨ ᠬᠤᠪᠢᠷᠠᠭᠤᠯᠤᠭᠰᠠᠨ ᠪᠠᠢᠨ᠎ᠠ᠃ ᠬᠠᠪᠬ᠎ᠠ ᠭᠠᠴᠠᠭ᠎ᠠ ᠪᠣᠯ ᠶᠠᠭ ᠡᠨᠡ ᠬᠦ᠌ ᠬᠤᠪᠢᠷᠠᠯᠲᠠ᠎ᠶᠢᠨ ᠠᠮᠢᠳᠤᠯᠢᠭ᠋ ᠬᠤᠷᠢᠶᠠᠩᠭᠤᠢ ᠵᠢᠷᠤᠭᠯᠠᠯ ᠪᠣᠯᠣᠨ᠎ᠠ᠃ ᠡᠨᠡ ᠵᠢᠯ᠂ ᠲᠣᠰ ᠭᠠᠴᠠᠭᠠᠨ᠎ᠤ ᠳᠠᠷᠢᠬᠰᠠᠨ ᠬᠥᠬᠡ ᠳᠠᠷᠤᠰᠢ᠎ᠶᠢᠨ ᠲᠠᠯᠠᠪᠠᠶ ᠨᠢ 4000 ᠭᠠᠷᠤᠢ ᠮᠦ᠍᠎ᠳᠦ ᠬᠦᠷᠴᠦ᠂ ᠪᠥᠬᠥ ᠲᠣᠰᠬᠣᠨ᠎ᠤ ᠲᠠᠷᠢᠶᠠᠨ ᠭᠠᠵᠠᠷ ᠎ᠤᠨ ᠶᠡᠷᠦᠩᠬᠡᠢ ᠲᠠᠯᠠᠪᠠᠶ᠎ᠶᠢᠨ ᠭᠤᠷᠪᠠᠨ᠎ᠤ ᠨᠢᠭᠡ ᠬᠤᠪᠢ ᠎ᠶᠢ ᠡᠵᠡᠯᠡᠨ᠂ ᠮᠢᠬᠠᠨ ᠎ᠤ ᠦᠬᠡᠷ ᠎ᠦᠨ ᠲᠣᠭ᠎ᠠ 3000 ᠶ᠋ᠢ ᠳᠠᠪᠠᠵᠤ᠂ ᠬᠥᠮᠥᠨ ᠳᠤᠮᠳᠠᠴᠢ᠎ᠪᠠᠷ 3 ᠥᠭᠡᠷ ᠨᠤᠬᠳᠠᠬᠤ ᠲᠡᠵᠢᠭᠡᠪᠦᠷᠢ ᠵᠢᠨ ᠬᠡᠪᠴᠢᠶ᠎ᠡ᠎ᠲᠠᠢ ᠪᠤᠯᠵᠠᠢ᠃

《 ᠥᠩᠭᠡᠷᠡᠭᠰᠡᠨ᠎ᠳᠦ ᠤᠯᠠᠨ᠎ᠢᠶᠠᠷ ᠵᠢᠡᠨ ᠡᠷᠳᠡᠨᠢ ᠰᠢᠰᠢ᠎ᠶᠢᠨ ᠡᠰᠢ ᠰᠦᠷᠡᠯ ᠵᠢᠨᠷ ᠥᠭᠡᠷ ᠵᠢᠨᠨ ᠲᠡᠵᠢᠭᠡᠵᠦ ᠪᠠᠢᠭᠰᠠᠨ᠂ ᠡᠨᠡ ᠬᠣᠶᠠᠷ ᠵᠢᠯ᠎ᠳᠦ ᠪᠦᠬᠦᠨ᠎ᠢᠶᠡᠷ ᠵᠢᠡᠨ ᠬᠥᠭᠡ ᠳᠠᠷᠤᠰᠢ ᠪᠡᠷ ᠲᠡᠵᠢᠭᠡᠬᠦ ᠪᠤᠯᠤᠭᠰᠠᠨ ᠮᠦᠷᠲᠡᠭᠡᠨ ᠰᠠᠢᠨ ᠭᠠᠵᠠᠷ᠎ᠢ ᠰᠣᠩᠭᠣᠵᠤ ᠬᠥᠭᠡ ᠳᠠᠷᠤᠰᠢ ᠳᠠᠷᠢᠬᠤ ᠪᠤᠯᠵᠠᠢ᠂ ᠬᠥᠭᠡ ᠳᠠᠷᠤᠰᠢ ᠵᠢ᠎ᠥᠷᠭᠡᠨ᠎ᠢᠶᠡᠷ ᠳᠡᠯᠭᠡᠷᠡᠭᠦᠯᠦᠭᠰᠡᠨ ᠨᠢ ᠡᠪᠦᠯ᠎ᠦᠨ ᠡᠪᠡᠰᠦ ᠪᠣᠷᠳᠣᠭ᠎ᠠ ᠳᠤᠲᠠᠭᠳᠠᠵᠤ ᠪᠠᠢᠭᠰᠠᠨ ᠬᠦᠴᠢᠷ ᠠᠰᠠᠭᠤᠳᠠᠯ᠎ᠢ ᠰᠢᠢᠳᠪᠦᠷᠢᠯᠡᠭᠰᠡᠨ᠎ᠢᠶᠡᠷ ᠪᠠᠷᠠᠬᠤ ᠦᠭᠡᠢ᠂ ᠪᠠᠰᠠ ᠲᠡᠵᠢᠭᠡᠪᠦᠷᠢ ᠵᠢᠨ ᠦᠷ᠎ᠡ ᠠᠰᠢᠭ᠋᠎ᠢ ᠶᠡᠬᠡ᠎ᠪᠡᠷ ᠳᠡᠭᠡᠭᠰᠢᠯᠡᠭᠦᠯᠵᠠᠢ 》 ᠭᠡᠵᠦ ᠬᠠᠪᠬ᠎ᠠ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠪᠦᠦ ᠯᠢᠶᠠᠨ ᠱᠠᠨ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃

ᠪᠥᠬᠥ ᠤᠯᠤᠰ᠎ᠲᠤ ᠨᠠᠷᠠᠲᠠᠢ 《ᠤᠯᠠᠭᠠᠨ ᠥᠭᠡᠷ᠎ᠤᠨ ᠨᠤᠲᠤᠬ》 ᠬᠡᠮᠡᠭᠳᠡᠭᠰᠡᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠤᠯᠠᠭᠠᠨ ᠥᠭᠡᠷ᠎ᠤᠨ ᠳᠤᠭ᠎ᠠ ᠣᠷᠳᠣ᠌ ᠬᠤᠭᠤᠴᠠᠭᠠᠨ᠎ᠳᠤ 100 ᠲᠦᠮᠡᠨ ᠲᠤᠯᠤᠭᠠᠢ ᠣᠷᠴᠢᠮ᠎ᠳᠤ ᠲᠣᠭᠲᠠᠪᠤᠷᠢᠵᠢᠵᠤ ᠪᠤᠢ᠃ ᠮᠠᠯ ᠠᠵᠤ ᠠᠬᠤᠢ᠎ᠶᠢᠨ ᠡᠪᠡᠰᠦ ᠪᠣᠷᠳᠣᠭ᠎ᠠ᠎ᠶᠢ ᠪᠠᠲᠤᠯᠠᠬᠤ ᠳᠤᠲᠠᠭᠤᠳᠠᠯ ᠎ᠢ ᠦᠷᠭᠦᠯᠵᠢᠯᠡᠨ ᠨᠥᠬᠥᠪᠦᠷᠢᠯᠡᠬᠦ᠎ᠶᠢᠨ ᠲᠥᠯᠥᠭᠡ᠂ 2026 ᠣᠨ᠎ᠳᠤ ᠪᠥᠬᠥ ᠬᠣᠰᠢᠭᠤᠨ ᠎ᠤ ᠬᠥᠭᠡ ᠳᠠᠷᠤᠰᠢ᠎ᠶᠢᠨ ᠲᠠᠷᠢᠮᠠᠯ᠎ᠤᠨ ᠲᠠᠯᠠᠪᠠᠶ 190 ᠲᠦᠮᠡᠨ ᠮᠦ᠍᠎ᠳᠦ ᠬᠦᠷᠪᠡ᠂ ᠡᠭᠦᠨ᠎ᠳᠦ ᠲᠤᠰᠬᠠᠢ ᠬᠡᠷᠡᠭᠯᠡᠭᠡᠨ᠎ᠦ ᠬᠡᠯᠪᠡᠷᠢ᠎ᠶᠢᠨ ᠬᠥᠭᠡ ᠳᠠᠷᠤᠰᠢ᠎ᠶᠢᠨ ᠲᠠᠷᠢᠮᠠᠯ᠎ᠤᠨ ᠲᠠᠯᠠᠪᠠᠶ 100 ᠲᠦᠮᠡᠨ ᠮᠦ᠍᠎ᠶᠢ ᠳᠠᠪᠠᠵᠠᠢ᠃ ᠡᠨᠡ ᠬᠥ᠌ ᠲᠣᠭ᠎ᠠ ᠪᠠᠷᠢᠮᠲᠠ ᠨᠢ ᠲᠦᠩᠯᠢᠶᠣᠣ ᠬᠤᠳᠠ ᠵᠢᠨ ᠤᠯᠠᠨ ᠵᠢᠯ᠎ᠦᠨ ᠲᠤᠷᠰᠢ 《ᠬᠥᠭᠡ ᠳᠠᠷᠤᠰᠢ ᠳᠠᠷᠢᠵᠤ᠂ ᠤᠯᠠᠭᠠᠨ ᠥᠭᠡᠷ ᠳᠡᠵᠢᠭᠡᠬᠦ》 ᠬᠥᠭᠵᠢᠯᠲᠡ᠎ᠶᠢᠨ ᠵᠠᠭᠪᠤᠷ᠎ᠢ ᠦᠷᠭᠦᠯᠵᠢᠯᠡᠨ ᠭᠦᠨᠵᠡᠭᠡᠢᠷᠡᠭᠦᠯᠦᠭᠰᠡᠨ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠬᠠᠷᠠᠭᠤᠯᠵᠤ ᠪᠤᠢ᠃

ᠲᠦᠩᠯᠢᠶᠣᠣ ᠬᠤᠳᠠ ᠥᠪᠥᠷ ᠮᠣᠩᠭᠣᠯ᠎ᠤᠨ ᠴᠢᠬᠤᠯᠠ《ᠠᠮᠤ ᠵᠢᠨ ᠰᠠᠩ》 ᠪᠠ 《ᠮᠢᠬᠠᠨ᠎ᠤ ᠬᠥᠮᠥᠷᠭᠡ》 ᠪᠣᠯᠤᠭᠰᠠᠨ᠎ᠤ ᠬᠤᠪᠢ᠎ᠳᠤ᠂ ᠥᠪᠡᠷᠮᠢᠴᠡ ᠡᠬᠢ ᠪᠠᠶᠠᠯᠢᠭ᠋᠎ᠤᠨ ᠳᠠᠪᠠᠭᠤᠯᠢᠭ᠋ ᠪᠠ ᠪᠠᠲᠤ ᠪᠡᠬᠢ ᠠᠵᠤ ᠦᠢᠯᠡᠰ᠎ᠦᠨ ᠰᠠᠭᠤᠷᠢ ᠨᠢ ᠲᠤᠬᠠᠢ᠎ᠶᠢᠨ ᠭᠠᠵᠠᠷ᠎ᠤᠨ ᠮᠠᠯ ᠠᠵᠤ ᠠᠬᠤᠢ ᠲᠠᠷᠢᠶᠠᠯᠠᠩ ᠡᠷᠬᠡᠪᠰᠢ 《 ᠳᠠᠷᠢᠵᠤ ᠲᠡᠵᠢᠭᠡᠬᠦ᠎ᠶᠢ ᠤᠶᠠᠯᠳᠤᠭᠤᠯᠬᠤ᠂ ᠲᠠᠷᠢᠶᠠᠯᠠᠩ ᠮᠠᠯ ᠠᠵᠤ ᠠᠬᠤᠢ᠎ᠶᠢ ᠡᠷᠭᠢᠯᠳᠦᠭᠦᠯᠬᠦ》 ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠵᠠᠮᠨᠠᠬᠤ ᠵᠢ ᠳᠤᠬᠳᠠᠭᠠᠵᠤ᠂ ᠪᠥᠬᠥ ᠤᠯᠤᠰ᠎ᠤᠨ ᠬᠥᠭᠡ ᠳᠠᠷᠤᠰᠢ᠎ᠶᠢᠨ ᠠᠵᠤ ᠦᠢᠯᠡᠰ᠎ᠦᠨ ᠥᠨᠳᠥᠷᠯᠢᠭ᠎ᠢ ᠪᠥᠬᠥ ᠬᠦᠴᠦᠨ᠎ᠢᠶᠡᠨ ᠲᠥᠪᠯᠡᠷᠡᠭᠦᠯᠦᠨ ᠪᠦᠲᠦᠭᠡᠨ ᠪᠠᠶ᠋ᠢᠭᠤᠯᠵᠤ ᠢᠷᠡᠪᠡ᠃ 2021 ᠣᠨ᠎ᠠᠴᠠ ᠨᠠᠭᠠᠰᠢ ᠪᠥᠬᠥ ᠬᠣᠲᠠ᠎ᠳᠤ ᠨᠡᠶ᠋ᠢᠲᠡ 4 ᠳ᠋ᠦᠩᠰᠢᠭᠤᠷ ᠲᠥᠭᠥᠷᠢᠭ ᠎ᠦᠨ 《ᠠᠮᠤ ᠪᠤᠳᠠᠭ᠎ᠠ ᠵᠢᠨ ᠲᠠᠷᠢᠶ᠎ᠠ ᠵᠢ ᠡᠪᠡᠰᠥ ᠪᠣᠷᠳᠣᠭ᠎ᠠ ᠵᠢᠨ ᠲᠠᠷᠢᠶ᠎ᠠ ᠪᠣᠯᠭᠠᠨ ᠥᠭᠡᠷᠡᠴᠢᠯᠡᠬᠦ》 ᠲᠥᠷᠥᠯ ᠵᠦᠢᠯ᠎ᠦᠨ ᠪᠡᠯᠡ ᠮᠥᠩᠭᠥ᠎ᠶᠢ ᠴᠢᠷᠮᠠᠢᠨ ᠣᠯᠵᠤ᠂ ᠨᠡᠶ᠋ᠢᠲᠡ 26 ᠲᠦᠮᠡ ᠰᠢᠬᠠᠮ ᠡᠷᠦᠬᠡ᠎ᠳᠤ ᠨᠥᠬᠥᠪᠦᠷᠢ ᠥᠭᠴᠦ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠬᠥᠭᠡ ᠳᠠᠷᠤᠰᠢ ᠳᠠᠷᠢᠬᠤ ᠢᠳᠡᠪᠬᠢᠵᠢᠯ᠎ᠢ ᠲᠤᠢᠯ᠎ᠤᠨ ᠶᠡᠬᠡ᠎ᠪᠡᠷ ᠳᠠᠢᠴᠢᠯᠠᠭᠰᠠᠨ ᠪᠠᠢᠨ᠎ᠠ᠃

ᠪᠦᠷᠢᠳᠬᠡᠯ᠎ᠢ ᠦᠨᠳᠦᠰᠦᠯᠡᠪᠡᠯ᠂ 2026 ᠣᠨ᠎ᠳᠤ ᠲᠦᠩᠯᠢᠶᠣᠣ ᠬᠣᠲᠠ᠎ᠶᠢᠨ ᠬᠥᠭᠡ ᠳᠠᠷᠤᠰᠢ᠎ᠶᠢᠨ ᠡᠷᠳᠡᠨᠢ ᠰᠢᠰᠢ ᠳᠠᠷᠢᠬᠰᠠᠨ ᠲᠠᠯᠠᠪᠠᠶ 506 ᠲᠦᠮᠡᠨ ᠮᠦ᠍᠎ᠡᠴᠡ ᠳᠡᠭᠡᠭᠰᠢ᠎ᠳᠦ ᠬᠦᠷᠴᠦ᠂ ᠪᠥᠬᠥ ᠣᠷᠣᠨ᠎ᠤ ᠬᠥᠭᠡ ᠳᠠᠷᠤᠰᠢ ᠵᠢᠨ ᠲᠠᠷᠢᠮᠠᠯ᠎ᠤᠨ ᠶᠡᠷᠦᠩᠬᠡᠢ ᠲᠠᠯᠠᠪᠠᠶ᠎ᠶᠢᠨ ᠭᠤᠷᠪᠠᠨ᠎ᠤ ᠨᠢᠭᠡ ᠬᠤᠪᠢ᠎ᠶᠢ ᠡᠵᠡᠯᠡᠪᠡ᠃ ᠴᠠᠷᠭᠠᠰᠤ᠂ ᠪᠤᠷᠤᠭ ᠡᠪᠡᠰᠦ᠂ ᠬᠢᠶᠠᠬ ᠡᠪᠡᠰᠦ ᠵᠡᠷᠭᠡ ᠴᠢᠨᠠᠷ ᠰᠠᠢᠲᠠᠢ ᠡᠪᠡᠰᠦ ᠪᠣᠷᠳᠣᠭ᠎ᠠ᠎ᠶᠢᠨ ᠲᠠᠷᠢᠮᠠᠯ᠎ᠤᠨ ᠲᠠᠯᠠᠪᠠᠢ 40 ᠲᠦᠮᠡᠨ ᠮᠦ᠍᠎ᠳᠦ ᠬᠦᠷᠴᠦ᠂ ᠪᠦᠬᠦ ᠬᠤᠳᠠ᠎ᠶᠢᠨ ᠡᠪᠡᠰᠦ ᠪᠣᠷᠳᠣᠭ᠎ᠠ᠎ᠶᠢᠨ ᠶᠡᠷᠦᠩᠬᠡᠢ ᠨᠥᠭᠡᠴᠡ᠎ᠶᠢᠨ ᠬᠡᠮᠵᠢᠶ᠎ᠡ 2500 ᠲᠦᠮᠡᠨ ᠲᠣᠨ᠎ᠢ ᠳᠠᠪᠠᠬᠤ ᠪᠣᠯᠣᠨ᠎ᠠ᠃ ᠣᠳᠣᠬᠠᠨ᠎ᠳᠤ ᠪᠥᠬᠥ ᠬᠣᠲᠠ᠎ᠶᠢᠨ ᠡᠷᠳᠡᠨᠢ ᠰᠢᠰᠢ ᠳᠠᠷᠢᠬᠰᠠᠨ ᠲᠠᠯᠠᠪᠠᠶ 2000 ᠲᠦᠮᠡᠨ ᠮᠦ᠍᠎ᠶᠢ ᠳᠠᠪᠠᠵᠤ᠂ ᠵᠢᠯ᠎ᠳᠦ ᠡᠷᠳᠡᠨᠢ ᠰᠢᠰᠢ᠎ᠶᠢᠨ ᠡᠰᠢ ᠰᠦᠷᠡᠯ᠎ᠢ 1000 ᠲᠦᠮᠡᠨ ᠲᠣᠨ ᠦᠢᠯᠡᠳᠪᠦᠷᠢᠯᠡᠨ᠂ ᠲᠡᠵᠢᠭᠡᠯ ᠪᠣᠷᠳᠣᠭ᠎ᠠ ᠦᠢᠯᠡᠳᠪᠦᠷᠢᠯᠡᠬᠦ ᠠᠵᠤ ᠠᠬᠤᠢᠯᠠᠯ 75 ᠪᠠᠢᠵᠤ᠂ ᠵᠢᠯ᠎ᠦᠨ ᠦᠢᠯᠡᠳᠪᠦᠷᠢᠯᠡᠬᠦ ᠴᠢᠳᠠᠪᠤᠷᠢ ᠨᠢ 500 ᠲᠦᠮᠡᠨ ᠲᠣᠨ᠎ᠳᠤ ᠬᠦᠷᠴᠦ᠂ ᠣᠯᠠᠨ ᠲᠠᠰ ᠳᠠᠪᠬᠤᠷᠭ᠎ᠠ᠎ᠶᠢᠨ᠂ ᠪᠦᠬᠦᠨ᠎ᠢ ᠬᠠᠮᠤᠷᠤᠭᠰᠠᠨ ᠲᠡᠵᠢᠭᠡᠯ ᠡᠪᠡᠰᠦ ᠪᠣᠷᠳᠣᠭ᠎ᠠ᠎ᠶᠢᠨ ᠬᠠᠩᠭᠠᠯᠭ᠎ᠠ᠎ᠶᠢᠨ ᠰᠢᠰᠲᠧᠮ᠎ᠢ ᠪᠦᠷᠢᠯᠳᠦᠭᠦᠯᠥᠨ᠂ ᠪᠥᠬᠥ ᠬᠣᠲᠠ᠎ᠶᠢᠨ 400 ᠲᠦᠮᠡ ᠰᠢᠬᠠᠮ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠎ᠳᠦ ᠭᠦᠢᠴᠡᠳ ᠪᠠᠲᠤᠯᠠᠭ᠎ᠠ ᠬᠠᠩᠭᠠᠵᠤ ᠪᠠᠢᠨ᠎ᠠ᠃

ᠠᠯᠳᠠᠨ ᠨᠠᠮᠤᠷ᠎ᠤᠨ ᠡᠯᠪᠡᠭ ᠬᠤᠷᠢᠶᠠᠯᠲᠠ᠎ᠶᠢᠨ ᠦᠵᠡᠮᠵᠢ᠎ᠳᠦ᠂ ᠬᠥᠭᠡ ᠳᠠᠷᠤᠰᠢ᠎ᠶᠢᠨ ᠦᠨᠦᠷ ᠮᠢᠬᠠᠨ᠎ᠤ ᠦᠬᠡᠷ᠎ᠦᠨ ᠠᠵᠤ ᠦᠢᠯᠡᠰ᠎ᠦᠨ ᠬᠥᠭᠵᠢᠯᠲᠡ᠎ᠶᠢᠨ ᠬᠦᠰᠡᠯ᠎ᠢ ᠬᠥᠪᠥᠷᠡᠭᠥᠯᠦᠨ᠎ᠡ᠃ ᠲᠦᠩᠯᠢᠶᠣᠣ ᠬᠤᠳᠠ ᠵᠢᠨ ᠳᠠᠷᠢᠵᠤ ᠲᠡᠵᠢᠭᠡᠬᠦ᠎ᠶᠢ ᠤᠶᠠᠯᠳᠤᠭᠤᠯᠤᠭᠰᠠᠨ ᠠᠮᠢᠳᠤᠯᠢᠭ᠋ ᠦᠢᠯᠡᠳᠦᠯᠭᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠣ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面