ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-09-30 10:18:20

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠵᠢᠡᠷ᠂ 9 ᠰᠠᠷ᠎ᠠ ᠶ᠋ᠢᠨ 20 ᠤ᠋ ᠡᠳᠦᠷ ᠪᠤᠯᠲᠠᠯ᠎ᠠ᠂ ᠬᠦᠳᠡᠬᠡ ᠠᠵᠤ ᠠᠬᠤᠢ ᠬᠦᠳᠡᠬᠡ ᠲᠤᠰᠬᠤᠨ ᠤ᠋ ᠶᠠᠮᠤᠨ ᠪᠤᠯᠤᠨ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠬᠠᠮᠳᠤᠷᠠᠨ ᠪᠠᠢᠭᠤᠯᠤᠭᠰᠠᠨ ᠦᠪᠤᠷ ᠮᠤᠩᠭᠤᠯ ᠤ᠋ᠨ ᠦᠬᠡᠷ ᠬᠤᠨᠢᠨ ᠮᠢᠬᠠᠨ ᠤ᠋ ᠵᠠᠬ᠎ᠠ ᠳᠡᠯᠭᠡᠭᠦᠷ ᠤ᠋ᠨ ᠠᠷᠠᠯᠵᠢᠶᠠᠨ ᠤ᠋ ᠬᠡᠮᠵᠢᠶ᠎ᠡ 80 ᠳ᠋ᠦᠡᠭᠰᠢᠭᠤᠷ ᠲᠦᠬᠦᠷᠢᠭ ᠢ᠋ ᠳᠠᠪᠠᠵᠤ᠂ ᠲᠤᠬᠠᠢᠯᠠᠭᠰᠠᠨ ᠠᠵᠢᠯ ᠨᠢ ᠪᠦᠬᠦ ᠤᠯᠤᠰ ᠤ᠋ᠨ 10 ᠮᠤᠵᠢ ᠬᠤᠲᠠ ᠵᠢ ᠬᠠᠮᠤᠷᠴᠠᠢ᠃

ᠲᠤᠰ ᠵᠠᠬ᠎ᠠ ᠳᠡᠯᠭᠡᠭᠦᠷ ᠨᠢ ᠤᠯᠤᠰ ᠤ᠋ᠨ ᠲᠡᠰ ᠤ᠋ᠨ ᠲᠠᠪᠴᠠᠩ ᠪᠤᠯᠤᠭᠰᠠᠨ ᠤ᠋ ᠬᠤᠪᠢ ᠳ᠋ᠤ᠂ ᠠᠰᠢᠬᠯᠠᠯᠳᠠ ᠳ᠋ᠤ ᠤᠷᠤᠭᠰᠠᠨ ᠡᠴᠡ ᠨᠠᠭᠠᠰᠢ ᠠᠷᠠᠯᠵᠢᠶᠠᠨ ᠤ᠋ ᠵᠠᠭᠪᠤᠷ ᠤ᠋ᠨ ᠰᠢᠨ᠎ᠡ ᠵᠢ ᠡᠭᠦᠳᠬᠦ᠂ ᠤᠷᠤᠨ ᠪᠦᠰᠡ ᠶ᠋ᠢᠨ ᠵᠠᠬ᠎ᠠ ᠳᠡᠯᠭᠡᠭᠦᠷ ᠤ᠋ᠨ ᠪᠠᠢᠷᠢᠰᠢᠭᠤᠯᠤᠯᠲᠠ᠂ ᠤᠯᠠᠨ ᠤᠯᠤᠰ ᠤ᠋ᠨ ᠠᠷᠠᠯᠵᠢᠶᠡᠨ ᠤ᠋ ᠠᠷᠭ᠎ᠠ ᠵᠠᠮ ᠢ᠋ ᠨᠡᠪᠲᠡᠷᠡᠭᠦᠯᠬᠦ᠂ ᠬᠠᠡᠭᠭᠠᠯᠭ᠎ᠠ ᠶ᠋ᠢᠨ ᠬᠡᠯᠬᠢᠶ᠎ᠡ ᠶ᠋ᠢᠨ ᠮᠦᠡᠭᠭᠦᠨ ᠭᠦᠢᠯᠭᠡᠭᠡᠨ᠂ ᠶᠠᠰᠤ ᠴᠢᠨᠠᠷ ᠤ᠋ᠨ ᠢᠷᠡᠯᠲᠡ ᠶ᠋ᠢᠨ ᠮᠦᠷᠳᠡᠯᠲᠡ᠂ ᠬᠦᠮᠦᠷᠭᠡᠯᠡᠨ ᠬᠠᠳᠠᠭᠠᠯᠠᠬᠤ ᠪᠠ ᠪᠠᠷᠠᠭᠠᠨ ᠤ᠋ ᠭᠦᠢᠯᠭᠡᠭᠡ ᠶ᠋ᠢᠨ ᠰᠢᠰᠲᠸᠮ ᠤ᠋ᠨ ᠪᠠᠢᠭᠤᠯᠤᠯᠲᠠ ᠵᠡᠷᠭᠡ ᠲᠠᠯ᠎ᠠ ᠪᠡᠷ ᠢᠳᠡᠪᠬᠢ ᠦᠢᠯᠡᠳᠤᠯ ᠵᠢᠡᠨ ᠪᠠᠳᠠᠷᠠᠭᠤᠯᠵᠤ᠂ ᠤᠯᠤᠰ ᠤ᠋ᠨ ᠳᠡᠰ ᠤ᠋ᠨ ᠦᠬᠡᠷ ᠬᠤᠨᠢ ᠵᠢᠨ ᠲᠤᠭᠠᠴᠢᠯᠠᠭᠰᠠᠨ ᠠᠷᠠᠯᠵᠢᠶᠠᠨ ᠤ᠋ ᠲᠠᠪᠴᠠᠡᠭ ᠢ᠋ ᠪᠠᠢᠭᠤᠯᠵᠤ᠂ 《ᠠᠷᠠᠯᠵᠢᠶᠠᠯᠠᠬᠤ᠂ ᠬᠦᠮᠦᠷᠭᠡᠯᠡᠬᠦ᠂ ᠪᠤᠯᠪᠠᠰᠤᠷᠠᠭᠤᠯᠬᠤ᠂ ᠭᠦᠢᠯᠭᠡᠭᠡᠬᠦ 》 ᠵᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ᠋ ᠰᠢᠰᠲᠸᠮ ᠢ᠋ ᠪᠠᠢᠭᠤᠯᠪᠠ᠃

ᠲᠦᠷᠦᠬᠦᠬᠡᠨ ᠬᠦᠳᠡᠬᠡ ᠠᠵᠤ ᠠᠬᠤᠢ ᠬᠦᠳᠡᠬᠡ ᠲᠤᠰᠬᠤᠨ ᠤ᠋ ᠶᠠᠮᠤᠨ ᠪᠤᠯᠤᠨ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠬᠠᠮᠳᠤᠷᠠᠨ ᠪᠠᠢᠭᠤᠯᠤᠭᠰᠠᠨ ᠦᠪᠤᠷ ᠮᠤᠩᠭᠤᠯ ᠤ᠋ᠨ ᠦᠬᠡᠷ ᠬᠤᠨᠢᠨ ᠮᠢᠬᠠᠨ ᠤ᠋ ᠵᠠᠬ᠎ᠠ ᠳᠡᠯᠭᠡᠭᠦᠷ ᠤ᠋ᠨ ᠭᠤᠤᠯ ᠰᠡᠳᠦᠪᠲᠦ ᠲᠠᠨᠢᠯᠴᠠᠭᠤᠯᠭ᠎ᠠ ᠶ᠋ᠢᠨ ᠠᠵᠢᠯᠯᠠᠭ᠎ᠠ ᠬᠦᠬᠡᠬᠤᠲᠠ ᠳ᠋ᠦ ᠶᠠᠪᠤᠭᠳᠠᠵᠤ᠂ ᠠᠵᠢᠯ ᠲᠦᠷᠦᠯ ᠤ᠋ᠨ ᠲᠤᠰᠬᠠᠢ ᠮᠡᠷᠭᠡᠵᠢᠯᠲᠡᠳ ᠡᠴᠡ ᠪᠦᠬᠦ ᠲᠠᠯᠠᠬᠡᠢ ᠵᠢᠴᠢ ᠳᠤᠮᠳᠠᠳᠤ ᠤᠯᠤᠰ ᠤ᠋ᠨ ᠦᠬᠡᠷ ᠬᠤᠨᠢᠨ ᠮᠢᠬᠠᠨ ᠤ᠋ ᠠᠵᠤ ᠦᠢᠯᠡᠰ ᠤ᠋ᠨ ᠪᠠᠢᠳᠠᠯ᠂ ᠦᠪᠦᠷ ᠮᠤᠡᠭᠭᠤᠯ ᠤ᠋ᠨ ᠦᠬᠡᠷ ᠬᠤᠨᠢᠨ ᠮᠢᠬᠠᠨ ᠤ᠋ ᠠᠵᠤ ᠦᠢᠯᠡᠰ ᠤ᠋ᠨ ᠬᠦᠭᠵᠢᠯᠲᠡ ᠶ᠋ᠢᠨ ᠪᠠᠢᠳᠠᠯ ᠳ᠋ᠦ ᠵᠠᠳᠠᠯᠤᠯᠲᠠ ᠬᠢᠵᠠᠢ᠃ ᠪᠠᠰᠠ ᠬᠠᠮᠳᠤᠷᠠᠯᠴᠠᠭ᠎ᠠ ᠶ᠋ᠢᠨ ᠭᠡᠷ᠎ᠡ ᠲᠤᠭᠲᠠᠬᠤ ᠶᠤᠰᠤᠯᠠᠯ ᠶᠠᠪᠤᠭᠳᠠᠭᠤᠯᠵᠤ᠂ ᠵᠢᠡᠭ ᠳ᠋ᠦᠡᠭ ᠪᠦᠯᠦᠭᠯᠡᠯ ᠲᠠᠢ ᠬᠠᠮᠳᠤᠷᠠᠯᠴᠠᠭᠠᠨ ᠤ᠋ ᠵᠦᠪᠯᠡᠯᠴᠡᠭᠡᠷ ᠲᠤᠬᠢᠷᠠᠯᠴᠠᠬᠰᠠᠨ ᠪᠦᠬᠡᠳ ᠮᠦᠡᠭᠭᠦᠨ ᠭᠦᠢᠯᠭᠡᠭᠡᠨ ᠤ᠋ ᠮᠠᠰᠢ ᠤᠯᠠᠨ ᠪᠠᠢᠭᠤᠯᠤᠮᠵᠢ ᠵᠢᠴᠢ ᠠᠵᠤ ᠦᠢᠯᠡᠰ ᠤ᠋ᠨ ᠬᠡᠯᠬᠢᠶ᠎ᠡ ᠶ᠋ᠢᠨ ᠠᠵᠤ ᠠᠬᠤᠢᠯᠠᠯ᠂ ᠠᠷᠠᠯᠵᠢᠶᠠᠴᠢᠨ ᠤᠷᠢᠬᠤ ᠪᠡᠷ ᠳᠠᠮᠵᠢᠨ ᠤᠷᠤᠵᠤ ᠨᠤᠳᠤᠬᠰᠢᠭᠰᠠᠨ ᠠᠵᠤ ᠠᠬᠤᠢᠯᠠᠯ ᠲᠠᠢ ᠲᠦᠪᠯᠡᠷᠡᠭᠦᠯᠦᠨ ᠭᠡᠷ᠎ᠡ ᠲᠤᠭᠲᠠᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面