ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-10-05 12:23:15

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠥᠨᠢᠳ ᠪᠠᠷᠠᠭᠤᠨ ᠬᠣᠰᠢᠭᠤᠨ ᠎ᠤ ᠮᠣᠩᠭᠣᠯ ᠬᠡᠷ᠎ᠲᠡᠬᠢ ᠨᠡᠪᠳᠡᠷᠡᠭᠦᠯᠭᠡ ᠨᠡᠶ᠋ᠢᠲᠡ 400 ᠭᠠᠷᠤᠶ ᠲᠦᠮᠡᠨ ᠲᠥᠭᠥᠷᠢᠭ ᠪᠣᠷᠣᠯᠠᠭᠤᠯᠪᠡ

ᠰᠥᠨᠢᠳ ᠪᠠᠷᠠᠭᠤᠨ ᠬᠣᠰᠢᠭᠤᠨ ᠎ᠤ ᠰᠠᠩᠪᠤᠯᠠᠭ ᠰᠤᠮᠤ ᠎ᠶᠢᠨ ᠪᠠᠶᠠᠨ ᠠᠭᠤᠯᠠ ᠭᠠᠴᠠᠭ᠎ᠠ ᠎ᠶᠢᠨ ᠮᠣᠩᠭᠣᠯ ᠬᠡᠷ᠎ᠲᠡᠬᠢ 《〈ᠤᠯᠠᠭᠠᠨ ᠪᠣᠭᠴᠣ〉 ᠲᠠᠯ᠎ᠠ ᠨᠤᠲᠤᠭ᠎ᠤᠨ ᠰᠢᠭᠤᠳ ᠨᠡᠪᠲᠡᠷᠡᠭᠦᠯᠭᠡ᠎ᠶᠢᠨ ᠲᠠᠰᠤᠭ》 ᠤ᠋ᠨ ᠨᠡᠪᠳᠡᠷᠡᠬᠦᠯᠭᠡ ᠡᠬᠢᠯᠡᠭᠰᠡᠨ ᠬᠣᠶᠠᠷ ᠵᠢᠯ ᠭᠠᠷᠤᠶ᠎ᠶᠢᠨ ᠲᠤᠷᠰᠢ᠂ ᠰᠣᠶᠣᠯ ᠎ᠤᠨ ᠡᠭᠦᠳᠦᠯᠲᠡ ᠵᠢᠨ ᠪᠦᠳᠦᠭᠡᠭᠳᠡᠬᠦᠨ ᠪᠠ ᠮᠠᠯ ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠢ᠋ ᠨᠡᠶ᠋ᠢᠲᠡ 400 ᠭᠠᠷᠤᠶ ᠲᠦᠮᠡᠨ ᠲᠥᠭᠥᠷᠢᠭ ᠪᠣᠷᠣᠯᠠᠭᠤᠯᠵᠤ᠂ ᠮᠠᠯ ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠤ᠋ ᠪᠣᠷᠣᠯᠠᠭᠤᠯᠭ᠎ᠠ᠎ᠶᠢᠨ ᠵᠠᠮ᠎ᠢ ᠪᠦᠲᠦᠮᠵᠢᠲᠡᠶ ᠥᠷᠭᠡᠳᠬᠡᠵᠦ᠍᠂ ᠲᠤᠬᠠᠶ᠎ᠶᠢᠨ ᠭᠠᠵᠠᠷ᠎ᠤᠨ ᠮᠠᠯᠴᠢᠳ᠎ᠤᠨ ᠣᠷᠣᠯᠭ᠎ᠠ᠎ᠪᠠᠨ ᠲᠣᠭᠲᠠᠭᠤᠨ᠎ᠢᠶᠠᠷ ᠨᠡᠮᠡᠭᠳᠡᠭᠦᠯᠬᠦ᠌᠎ᠶᠢ ᠳᠠᠶ᠋ᠢᠴᠢᠯᠠᠪᠠ᠃

QQ20261005-122011.png

ᠵᠢᠷᠤᠭ ᠪᠤᠯ 10 ᠰᠠᠷ᠎ᠠ᠎ᠶᠢᠨ 3 ᠎ᠤ᠋ ᠡᠳᠦᠷ ᠂ 《〈ᠤᠯᠠᠭᠠᠨ ᠪᠣᠭᠴᠣ〉 ᠲᠠᠯ᠎ᠠ ᠨᠤᠲᠤᠭ ᠎ᠤᠨ ᠰᠢᠭᠤᠳ ᠨᠡᠪᠲᠡᠷᠡᠭᠦᠯᠭᠡ᠎ᠶᠢᠨ ᠲᠠᠰᠤᠭ》 ᠤ᠋ᠨ ᠨᠡᠪᠳᠡᠷᠡᠬᠦᠯᠦᠭᠴᠢ ᠵᠠᠩ ᠯᠢ ᠯᠢ (ᠪᠠᠷᠠᠭᠤᠨᠳᠠᠬᠢ) ᠰᠥᠨᠢᠳ᠎ᠦᠨ ᠦᠬᠡᠷ ᠬᠣᠨᠢᠨ ᠮᠢᠬ᠎ᠠ᠂ ᠢᠩᠭᠡᠨ ᠰᠦ᠋ ᠵᠡᠷᠭᠡ ᠲᠣᠰ ᠭᠠᠵᠠᠷ᠎ᠤᠨ ᠤᠨᠴᠠᠯᠢᠭᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠰᠦᠯᠵᠢᠶᠡᠨ ᠳᠡᠭᠡᠷ᠎ᠡ ᠲᠠᠨᠢᠯᠴᠠᠭᠤᠯᠵᠤ ᠪᠠᠶ᠋ᠢᠭ᠎ᠠ ᠨᠢ᠃

ᠲᠤᠰ ᠰᠣᠨᠢᠨ᠎ᠤ ᠰᠤᠷᠪᠤᠯᠵᠢᠯᠠᠭᠴᠢ ᠪᠠᠶᠠᠰᠬᠤᠯᠠᠩ ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面