2026-10-25 16:34:19
ᠠᠯᠳᠠᠨ ᠨᠠᠮᠤᠷ᠂ ᠲᠦᠩᠯᠢᠶᠣᠣ ᠬᠤᠳᠠ᠎ᠶᠢᠨ ᠺᠠᠢᠯᠤ ᠰᠢᠶᠠᠨ᠎ᠤ 280 ᠲᠦᠮᠡᠨ ᠮᠦ᠍ ᠡᠷᠳᠡᠨᠢ ᠰᠢᠰᠢ ᠮᠦᠷ ᠮᠦᠷ ᠵᠢᠡᠨ ᠲᠠᠷᠤᠨ ᠢᠭ᠍ᠴᠤᠷᠠᠨ ᠤᠷᠭᠤᠵᠤ᠂ ᠬᠦᠬᠡᠷᠡᠨ ᠨᠡᠯᠦᠢᠭᠰᠡᠡ ᠲᠠᠷᠢᠶᠠᠨ ᠭᠠᠵᠠᠷ ᠤ᠋ᠡ ᠡᠯᠪᠡᠭ ᠬᠤᠷᠢᠶᠠᠯᠲᠠ᠎ᠶᠢᠨ ᠪᠠᠬᠠᠷᠤᠮ᠎ᠠ ᠥᠵᠡᠭᠳᠡᠯ ᠬᠠᠷᠠᠭ᠎ᠠ ᠪᠠᠶᠠᠰᠬᠠᠨ᠎ᠠ᠃ ᠥᠢᠷ᠎ᠠ ᠵᠢᠨ ᠵᠢᠯ ᠳ᠋ᠤ᠂ ᠲᠤᠬᠠᠢ᠎ᠶᠢᠨ ᠭᠠᠵᠠᠷ᠎ᠤᠨ ᠡᠷᠳᠡᠨᠢ ᠰᠢᠰᠢ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠥᠩᠭᠡᠷᠡᠭᠰᠡᠨ᠎ᠤ 《ᠲᠡᠭᠷᠢ᠎ᠶᠢᠨ ᠴᠢᠷᠠᠢ᠎ᠶᠢ ᠬᠠᠷᠠᠵᠤ》 ᠪᠠᠢᠬᠰᠠᠨ ᠤᠯᠠᠮᠵᠢᠯᠠᠯᠲᠤ ᠵᠠᠭᠪᠤᠷ᠎ᠠᠴᠠ ᠠᠯᠢ ᠡᠷᠲᠡ ᠠᠩᠬᠢᠵᠢᠷᠠᠨ᠂ ᠨᠢᠭ᠍ᠲᠠ ᠳᠠᠷᠢᠵᠤ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠵᠡᠷᠭᠡ ᠣᠲᠣ᠌ ᠦᠶ᠎ᠡ᠎ᠶᠢᠨ ᠲᠠᠷᠢᠶᠠᠯᠠᠩ᠎ᠤᠨ ᠮᠡᠷᠭᠡᠵᠢᠯ ᠡᠨᠳᠡ ᠭᠥᠨ ᠦᠨᠳᠦᠰᠦᠯᠡᠵᠦ᠂ ᠬᠠᠷ᠎ᠠ ᠬᠥᠷᠥᠰᠥᠨ᠎ᠳᠦ ᠡᠯᠪᠡᠭ ᠬᠤᠷᠢᠶᠠᠯᠲᠠ᠎ᠶᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠬᠤ ᠭᠣᠣᠯ ᠨᠢᠭᠤᠴᠠ ᠪᠣᠯᠤᠭᠰᠠᠨ ᠪᠠᠢᠨ᠎ᠠ᠃
9 ᠰᠠᠷ᠎ᠠ᠎ᠶᠢᠨ 28᠎ᠤ᠋ ᠡᠳᠦᠷ᠂ ᠺᠠᠢᠯᠤ ᠰᠢᠶᠠᠨ᠎ᠤ ᠺᠠᠢᠯᠤ ᠪᠠᠯᠭᠠᠰᠤ᠎ᠶᠢᠨ ᠰᠢᠶᠣᠣ ᠴᠧᠩ ᠽᠢ ᠲᠣᠰᠬᠣᠨ᠎ᠤ ᠬᠡᠪ ᠳᠠᠭᠤᠷᠢᠶᠠᠯ ᠪᠣᠯᠬᠤ ᠤᠳᠤ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠰᠠᠭᠤᠷᠢᠨ᠎ᠳᠤ ᠬᠦᠷᠬᠦ᠎ᠳᠦ᠂ ᠬᠠᠷᠠᠭ᠎ᠠ ᠠᠯᠳᠠᠮ᠎ᠠ ᠡᠷᠳᠡᠨᠢ ᠰᠢᠰᠢ᠎ᠶᠢᠨ ᠲᠠᠷᠢᠶᠠᠨ᠎ᠤ ᠤᠷᠭᠤᠴᠠ ᠨᠢ ᠲᠡᠩᠴᠡᠭᠦᠷᠢᠲᠡᠢ᠂ ᠳᠠᠯᠠᠩ᠎ᠤᠨ ᠵᠠᠢ ᠨᠢ ᠭᠡᠷᠡᠯ᠎ᠤᠨ ᠳᠤᠰᠤᠯᠳᠠ ᠪᠠ ᠠᠭᠠᠷ ᠨᠡᠪᠳᠡᠷᠡᠬᠥ ᠳ᠋ᠤ ᠲᠤᠬᠢᠷᠠᠮᠵᠢᠳᠠᠢ᠂ ᠡᠷᠳᠡᠨᠢ ᠰᠢᠰᠢ ᠵᠢᠨ ᠡᠰᠢ ᠪᠤᠯᠭᠠᠨ ᠨᠢ ᠳᠡᠭᠰᠢ ᠮᠥᠷᠳᠡᠭᠡᠨ ᠵᠢᠭᠳᠡ ᠤᠷᠭᠤᠵᠤ᠂ ᠮᠥᠬᠥᠯᠢᠭ ᠳᠦᠭᠦᠷᠡᠩ ᠡᠷᠳᠡᠨᠢ ᠰᠢᠰᠢ ᠡᠰᠢ ᠰᠦᠷᠡᠯ ᠨᠢ ᠳᠠᠭᠠᠭᠠᠵᠤ ᠶᠠᠳᠠᠳᠠᠯ᠎ᠠ ᠪᠠᠨ ᠰᠠᠭᠤᠭᠰᠠᠠ ᠪᠠᠢᠪᠠ᠃ ᠲᠤᠰ ᠰᠠᠭᠤᠷᠢᠨ ᠨᠢ ᠳᠠᠷᠤᠢ ᠪᠦᠬᠦ ᠰᠢᠶᠠᠨ᠎ᠤ ᠡᠷᠳᠡᠨᠢ ᠰᠢᠰᠢ᠎ᠶᠢ ᠨᠢᠭ᠍ᠲᠠ ᠲᠠᠷᠢᠵᠤ ᠨᠠᠷᠢᠯᠢᠬ ᠤᠨᠤᠴᠠᠳᠠᠢ ᠲᠣᠬᠢᠷᠠᠭᠤᠯᠤᠨ ᠡᠵᠡᠮᠳᠡᠬᠦ ᠭᠣᠣᠯ ᠵᠢᠱ᠌ᠢᠶ᠎ᠡ ᠦᠵᠡᠭᠦᠯᠬᠦ ᠣᠷᠣᠨ ᠪᠣᠯᠣᠨ᠎ᠠ᠃ ᠺᠠᠢᠯᠤ ᠰᠢᠶᠠᠨ᠎ᠤ ᠺᠠᠢ ᠶᠤᠧᠠᠨ ᠲᠠᠷᠢᠶᠠᠯᠠᠩ᠎ᠤᠨ ᠶᠠᠪᠤᠳᠠᠯ᠎ᠤᠨ ᠺᠣᠮᠫᠠᠨᠢ᠎ᠶᠢᠨ ᠭᠦᠢᠴᠡᠳᠭᠡᠭᠴᠢ ᠶᠡᠷᠦᠩᠬᠡᠢ ᠳᠠᠭᠠᠭᠠᠮᠠᠯ ᠴᠠᠩ ᡁᠢ ᠴᠢᠩ᠎ᠦᠨ ᠲᠠᠨᠢᠯᠴᠠᠭᠤᠯᠤᠭᠰᠠᠨ᠎ᠢᠶᠠᠷ᠂ ᠡᠭᠦᠨ᠎ᠡᠴᠡ ᠡᠮᠦᠨ᠎ᠡ ᠲᠠᠷᠢᠶᠠᠴᠢᠨ ᠡᠷᠦᠬᠡ ᠤᠯᠠᠮᠵᠢᠯᠠᠯᠳᠤ ᠠᠷᠭ᠎ᠠ᠎ᠪᠠᠷ ᠲᠠᠷᠢᠵᠦ᠂ ᠡᠷᠳᠡᠨᠢ ᠰᠢᠰᠢ᠎ᠶᠢᠨ ᠮᠦ᠍ ᠪᠦᠷᠢ᠎ᠶᠢᠨ ᠳᠤᠮᠳᠠᠴᠢ ᠤᠨᠠᠯᠲᠠ ᠨᠢ 900 ᠺᠢᠯᠣᠭ᠌ᠷᠠᠮ᠎ᠳᠤ ᠯᠠ ᠬᠦᠷᠴᠦ ᠪᠠᠢᠵᠠᠢ᠃ ᠪᠠᠷᠢᠮᠵᠢᠶᠠᠵᠢᠭ᠍ᠰᠠᠨ ᠨᠢᠭ᠍ᠲᠠ ᠲᠠᠷᠢᠬᠤ ᠨᠠᠷᠢᠯᠢᠭ᠋ ᠣᠨᠣᠴᠠᠳᠠᠢ ᠲᠣᠬᠢᠷᠠᠭᠤᠯᠤᠨ ᠡᠵᠡᠮᠳᠡᠬᠥ ᠮᠡᠷᠭᠡᠵᠢᠯ᠎ᠢ ᠳᠡᠯᠭᠡᠷᠡᠭᠦᠯᠦᠭᠰᠡᠨᠦ ᠳᠠᠷᠠᠭ᠎ᠠ᠂ ᠣᠳᠣᠬᠠᠨ᠎ᠳᠤ ᠲᠤᠰ ᠰᠠᠭᠤᠷᠢᠨ ᠭᠠᠵᠠᠷ᠎ᠤᠨ ᠬᠠᠭᠤᠷᠠᠢ ᠠᠮᠤ᠎ᠶᠢᠨ ᠮᠦ᠍ ᠪᠦᠷᠢ᠎ᠶᠢᠨ ᠤᠨᠠᠯᠲᠠ ᠨᠢ 1100 ᠺᠢᠯᠣᠭ᠌ᠷᠠᠮ᠎ᠠᠴᠠ ᠳᠡᠭᠡᠭᠰᠢ᠎ᠳᠦ ᠬᠦᠷᠴᠦ᠂ ᠮᠦ᠍ ᠪᠦᠷᠢ᠎ᠶᠢᠨ ᠳᠤᠮᠳᠠᠴᠢ ᠨᠡᠮᠡᠭᠳᠡᠯ ᠤᠨᠠᠯᠲᠠ ᠨᠢ 200 ᠺᠢᠯᠣᠭ᠌ᠷᠠᠮ᠎ᠢ ᠳᠠᠪᠠᠬᠰᠠᠨ ᠪᠠᠢᠨ᠎ᠠ᠃
ᠤᠨᠠᠯᠲᠠ ᠵᠢ ᠨᠡᠮᠡᠭᠳᠡᠭᠦᠯᠦᠭᠰᠡᠨ ᠲᠣᠭ᠎ᠠ ᠪᠠᠷᠢᠮᠲᠠ᠎ᠶᠢᠨ ᠠᠷᠤ᠎ᠳᠤ᠂ ᠰᠢᠨᠵᠢᠯᠡᠬᠦ ᠤᠬᠠᠭᠠᠨᠴᠢ᠎ᠪᠠᠷ ᠨᠢᠭ᠍ᠲᠠ ᠲᠠᠷᠢᠬᠰᠠᠨ ᠮᠡᠷᠭᠡᠵᠢᠯ᠎ᠤᠨ ᠰᠠᠭᠤᠷᠢ ᠪᠤᠢ᠃ ᠤᠯᠠᠮᠵᠢᠯᠠᠯᠲᠤ ᠲᠠᠷᠢᠮᠠᠯ᠎ᠤᠨ ᠮᠦ᠍ ᠪᠦᠷᠢᠳᠦ 4000 ᠭᠠᠷᠤᠢ ᠰᠠᠭᠤᠷᠢ ᠲᠠᠷᠢᠬᠤ ᠨᠢᠭ᠍ᠲᠠᠴᠠ᠎ᠲᠠᠢ ᠠᠳᠠᠯᠢ ᠦᠭᠡᠢ᠂ ᠺᠠᠢᠯᠤ ᠰᠢᠶᠠᠨ ᠡᠷᠳᠡᠨᠢ ᠰᠢᠰᠢ᠎ᠶᠢᠨ ᠲᠠᠷᠢᠮᠠᠯ᠎ᠤᠨ ᠨᠢᠭ᠍ᠲᠠᠴᠠ᠎ᠶᠢ ᠮᠦ᠍ ᠪᠦᠷᠢᠳᠦ 5500 ᠡᠴᠡ 6500 ᠰᠠᠭᠤᠷᠢ ᠪᠣᠯᠭᠠᠨ ᠳᠡᠭᠡᠭᠰᠢᠯᠡᠭᠦᠯᠵᠦ᠂ ᠮᠦ᠍ ᠪᠦᠷᠢᠳᠦ ᠪᠤᠳᠠᠭ᠎ᠠ ᠪᠦᠷᠢᠨ ᠰᠠᠭᠤᠭᠰᠠᠨ ᠲᠦᠷᠦᠭᠦᠦ᠎ᠶᠢᠨ ᠲᠣᠭ᠎ᠠ᠎ᠶᠢ 2000 ᠰᠢᠬᠠᠮ ᠨᠡᠮᠡᠭᠳᠡᠭᠦᠯᠥᠨ᠂ ᠶᠡᠬᠡ ᠪᠠᠭ᠎ᠠ ᠳᠠᠯᠠᠩ᠂ ᠥᠷᠭᠡᠨ ᠨᠠᠷᠢᠨ ᠮᠥᠷ᠎ᠦᠨ ᠲᠠᠷᠢᠮᠠᠯ᠎ᠤᠨ ᠬᠠᠷᠢᠴᠠᠯ᠎ᠢ ᠲᠣᠬᠢᠷᠠᠭᠤᠯᠵᠤ᠂ ᠲᠠᠷᠢᠶᠠᠨ ᠭᠠᠵᠠᠷ᠎ᠤᠨ ᠰᠠᠯᠬᠢ ᠨᠡᠪᠲᠡᠷᠡᠬᠦ ᠨᠥᠬᠥᠴᠡᠯ᠎ᠢ ᠶᠡᠬᠡᠪᠡᠷ ᠳᠡᠭᠡᠭᠰᠢᠯᠡᠭᠦᠯᠥᠨ᠂ ᠮᠥᠬᠥᠯᠢᠭ᠎ᠤᠨ ᠰᠢᠮᠡᠳᠥ ᠪᠣᠳᠠᠰ᠎ᠤᠨ ᠬᠤᠷᠠᠮᠳᠤᠭᠤᠯᠤᠯ᠎ᠢ ᠠᠬᠢᠭᠤᠯᠪᠠ᠃ ᠺᠠᠢᠯᠤ ᠰᠢᠶᠠᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠲᠥᠪ᠎ᠦᠨ ᠲᠠᠷᠢᠮᠠᠯ᠎ᠤᠨ ᠮᠡᠷᠭᠡᠵᠢᠯ᠎ᠦᠨ ᠶᠡᠷᠦᠩᠬᠡᠢᠯᠡᠭᠰᠡᠨ ᠲᠠᠰᠤᠭ᠎ᠤᠨ ᠳᠠᠷᠤᠭ᠎ᠠ ᠢᠦᠢ ᠬᠣᠩ ᠸᠧᠢ᠎ᠶᠢᠨ ᠲᠠᠨᠢᠯᠴᠠᠭᠤᠯᠤᠭᠰᠠᠨ᠎ᠢᠶᠠᠷ᠂ ᠭᠣᠣᠯ ᠵᠢᠱ᠌ᠢᠶ᠎ᠡ ᠦᠵᠡᠭᠦᠯᠬᠦ ᠣᠷᠣᠨ᠎ᠤ ᠮᠦ᠍ ᠪᠦᠷᠢ᠎ᠶᠢᠨ ᠦᠷ᠎ᠠ ᠲᠠᠷᠢᠬᠰᠠᠨ ᠬᠡᠮᠵᠢᠶ᠎ᠡ 6000 ᠮᠥᠬᠥᠯᠢᠭᠲᠦ ᠬᠦᠷᠴᠦ᠂ ᠲᠠᠷᠢᠶᠠᠨ ᠭᠠᠵᠠᠷ᠎ᠤᠨ ᠴᠢᠬᠢ ᠬᠠᠮᠠᠭᠠᠯᠠᠬᠤ ᠨᠤᠷᠮ᠎ᠠ ᠵᠢ ᠪᠥᠬᠥ ᠬᠥᠴᠥᠨ ᠵᠢᠨᠷ ᠪᠠᠳᠤᠯᠠᠨ᠂ ᠪᠣᠯᠪᠠᠰᠤᠷᠠᠬᠤ ᠬᠤᠭᠤᠴᠠᠭᠠᠨ᠎ᠤ ᠪᠤᠳᠠᠭ᠎ᠠ ᠪᠦᠷᠢᠨ ᠰᠠᠭᠤᠭᠰᠠᠨ ᠲᠦᠷᠦᠭᠦᠦ᠎ᠶᠢᠨ ᠲᠣᠭ᠎ᠠ ᠨᠢ 5700 ᠡᠴᠡ ᠳᠡᠭᠡᠭᠰᠢ᠎ᠳᠦ ᠬᠦᠷᠴᠥ ᠪᠠᠢᠨ᠎ᠠ᠃
ᠲᠠᠷᠢᠶᠠᠴᠢᠨ ᠡᠷᠦᠬᠡ᠎ᠶᠢᠨ ᠨᠢᠭ᠍ᠲᠠ ᠳᠠᠷᠢᠵᠤ ᠡᠯᠪᠡᠭ ᠬᠤᠷᠢᠶᠠᠬᠤ ᠮᠡᠷᠭᠡᠵᠢᠯ᠎ᠢ ᠳᠡᠯᠭᠡᠷᠡᠭᠦᠯᠬᠦ᠎ᠳᠦ ᠬᠠᠮᠤᠭ᠎ᠤᠨ ᠰᠠᠨᠠᠭᠠᠰᠢᠷᠠᠵᠤ ᠪᠠᠢᠭ᠎ᠠ ᠨᠠᠯᠠᠨ ᠤᠨᠠᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠺᠠᠢᠯᠤ ᠰᠢᠶᠠᠨ᠎ᠤ ᠬᠢᠨ ᠡᠷᠳᠡᠨᠢ ᠰᠢᠰᠢ ᠳᠠᠷᠢᠬᠤ 《 ᠨᠠᠢ᠍ᠮᠠᠨ ᠨᠠᠷᠢᠯᠢᠭ᠋ ᠣᠨᠣᠴᠠᠳᠠᠢ 》 ᠬᠠᠮᠢᠶᠠᠷᠤᠨ ᠬᠠᠮᠠᠭᠠᠯᠠᠬᠤ ᠰᠢᠰᠲ᠋ᠧᠮ᠎ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠭᠠᠵᠠᠷ ᠲᠡᠭᠰᠢᠯᠡᠬᠦ᠂ ᠦᠷ᠎ᠡ ᠰᠣᠩᠭᠣᠬᠤ᠂ ᠥᠷ᠎ᠡ ᠵᠢ ᠪᠤᠳᠤᠵᠤ ᠬᠠᠮᠠᠭᠠᠯᠠᠬᠤ᠂ ᠳᠠᠷᠢᠬᠤ᠂ ᠬᠢᠮᠢ᠎ᠶᠢᠨ ᠡᠵᠡᠮᠳᠡᠯ᠂ ᠤᠰᠤ ᠪᠣᠷᠳᠣᠭᠤᠷ᠎ᠤᠨ ᠬᠠᠮᠢᠶᠠᠷᠤᠯᠲᠠ᠂ ᠡᠪᠡᠳᠴᠢᠨ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠵᠠᠰᠠᠬᠤ ᠪᠠ ᠬᠤᠷᠢᠶᠠᠬᠤ ᠨᠠᠢ᠍ᠮᠠᠨ ᠶᠡᠬᠡ ᠭᠣᠭᠴᠣᠭ᠎ᠠ᠎ᠶᠢ ᠪᠦᠷᠬᠦᠭᠦᠯᠥᠨ᠂ ᠳᠠᠷᠢᠬᠤ ᠪᠦᠬᠦ ᠶᠠᠪᠤᠴᠠ᠎ᠶᠢ ᠪᠠᠷᠢᠮᠵᠢᠶᠠᠵᠢᠭᠤᠯᠤᠨ ᠬᠠᠮᠢᠶᠠᠷᠤᠨ ᠡᠵᠡᠮᠳᠡᠬᠦ᠎ᠶᠢ ᠪᠡᠶᠡᠯᠡᠭᠦᠯᠵᠡᠢ᠃ ᠡᠭᠦᠨ᠎ᠳᠦ ᠨᠠᠷᠢᠯᠢᠭ᠋ ᠣᠨᠣᠴᠠᠲᠠᠢ ᠬᠢᠮᠢ᠎ᠶᠢᠨ ᠡᠵᠡᠮᠳᠡᠯ᠎ᠦᠨ ᠮᠡᠷᠭᠡᠵᠢᠯ ᠨᠢ ᠡᠷᠳᠡᠨᠢ ᠰᠢᠰᠢ᠎ᠶᠢᠨ ᠤᠷᠭᠤᠮᠠᠯ᠎ᠤᠨ ᠬᠥᠨᠳᠥᠴᠠᠶᠢ ᠪᠦᠲᠦᠮᠵᠢᠲᠡᠶ ᠲᠤᠷᠤᠬᠰᠢᠯᠠᠭᠤᠯᠵᠤ᠂ ᠡᠰᠢ ᠵᠢᠨ ᠥᠶ᠎ᠠ ᠵᠢᠨ ᠤᠷᠳᠤ ᠵᠢ ᠪᠣᠭᠣᠨᠢᠰᠬᠠᠨ᠂ ᠡᠰᠢ ᠵᠢ ᠨᠢ ᠪᠦᠳᠦᠭᠦᠷᠡᠭᠦᠯᠥᠨ᠂ ᠦᠨᠳᠦᠰᠦ ᠵᠢᠨ ᠭᠦᠨ ᠬᠠᠳᠬᠤᠬᠤ᠎ᠶᠢ ᠠᠬᠢᠭᠤᠯᠵᠤ᠂ ᠡᠷᠳᠡᠨᠢ ᠰᠢᠰᠢ᠎ᠶᠢᠨ ᠨᠠᠯᠠᠨ ᠤᠨᠠᠬᠤ᠎ᠶᠢ ᠡᠰᠡᠷᠭᠦᠴᠡᠬᠦ ᠴᠢᠳᠠᠪᠤᠷᠢ᠎ᠶᠢ ᠦᠨᠳᠦᠰᠦᠨ᠎ᠡᠴᠡ ᠨᠢ ᠳᠡᠭᠡᠭᠰᠢᠯᠡᠭᠦᠯᠥᠨ᠂ ᠨᠢᠭ᠍ᠲᠠ ᠳᠠᠷᠢᠬᠰᠠᠨᠴᠦ ᠨᠠᠯᠠᠨ ᠤᠨᠠᠬᠤ ᠦᠭᠡᠢ᠂ ᠥᠨᠳᠥᠷ ᠤᠨᠠᠯᠲᠠ᠎ᠲᠠᠢ ᠮᠥᠷᠲᠡᠭᠡᠨ ᠲᠣᠭᠲᠠᠭᠤᠨ ᠤᠨᠠᠯᠲᠠ᠎ᠲᠠᠢ ᠪᠣᠯᠭᠠᠬᠤ᠎ᠶᠢ ᠦᠨᠡᠨ ᠬᠦ᠌ ᠪᠡᠶᠡᠯᠡᠭᠦᠯᠵᠦ ᠴᠢᠳᠠᠬᠰᠠᠨ ᠪᠠᠢᠨ᠎ᠠ᠃
ᠣᠳᠣᠬᠠᠨ᠎ᠳᠤ᠂ ᠺᠠᠢᠯᠤ ᠰᠢᠶᠠᠨ᠎ᠤ ᠡᠷᠳᠡᠨᠢ ᠰᠢᠰᠢ᠎ᠶᠢ ᠨᠢᠭ᠍ᠲᠠ ᠳᠠᠷᠢᠵᠤ ᠨᠠᠷᠢᠯᠢᠭ᠋ ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ᠎ᠦᠨ ᠵᠢᠱ᠌ᠢᠶ᠎ᠡ ᠦᠵᠡᠭᠦᠯᠬᠦ ᠲᠠᠯᠠᠪᠠᠶ ᠨᠢ ᠬᠠᠮᠤᠭ ᠠᠩᠬᠠᠨ᠎ᠤ 10 ᠲᠦᠮᠡᠨ ᠮᠦ᠍ ᠪᠠᠢᠭᠰᠠᠨ᠎ᠠᠴᠠ᠎ᠪᠠᠨ ᠨᠡᠮᠡᠭᠳᠡᠭᠡᠳ 186 ᠲᠦᠮᠡᠨ ᠮᠦ᠍ ᠪᠣᠯᠵᠠᠢ᠃ ᠵᠢᠱ᠌ᠢᠶ᠎ᠡ ᠦᠵᠡᠭᠦᠯᠬᠦ ᠣᠷᠣᠨ᠎ᠤ ᠮᠦ᠍ ᠪᠦᠷᠢ᠎ᠶᠢᠨ ᠳᠤᠮᠳᠠᠴᠢ ᠤᠨᠠᠯᠲᠠ 1000 ᠺᠢᠯᠣᠭ᠌ᠷᠠᠮ᠎ᠢ ᠳᠠᠪᠠᠵᠤ᠂ ᠭᠤᠷᠪᠠᠨ ᠵᠢᠯ ᠳᠠᠷᠠᠭᠠᠯᠠᠨ ᠵᠡᠭᠦᠨ ᠬᠣᠢᠲᠤ ᠣᠷᠣᠨ᠎ᠤ ᠬᠠᠪᠤᠷ᠎ᠤᠨ ᠡᠷᠳᠡᠨᠢ ᠰᠢᠰᠢ᠎ᠶᠢᠨ ᠮᠢᠩᠭᠠᠨ ᠮᠦ᠍᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢᠨ ᠲᠡᠮᠳᠡᠭᠯᠡᠯ᠎ᠢ ᠰᠢᠨᠡᠳᠬᠡᠨ᠂ ᠮᠢᠩᠭᠠᠨ ᠮᠦ᠍᠎ᠶᠢᠨ ᠬᠠᠮᠤᠭ᠎ᠤᠨ ᠥᠨᠳᠥᠷ ᠮᠦ᠍ ᠨᠢᠭᠡᠴᠢ᠎ᠶᠢᠨ ᠤᠨᠠᠯᠲᠠ 1304.6 ᠺᠢᠯᠣᠭ᠌ᠷᠠᠮ᠂ ᠲᠦᠮᠡᠨ ᠮᠦ᠍᠎ᠶᠢᠨ ᠳᠤᠮᠳᠠᠴᠢ ᠮᠦ᠍ ᠨᠢᠭᠡᠴᠢ᠎ᠶᠢᠨ ᠤᠨᠠᠯᠲᠠ 1046.78 ᠺᠢᠯᠣᠭ᠌ᠷᠠᠮ᠎ᠳᠤ ᠬᠦᠷᠴᠦ᠂ ᠮᠦ᠍ ᠪᠦᠷᠢ᠎ᠶᠢᠨ ᠳᠤᠮᠳᠠᠴᠢ ᠤᠨᠠᠯᠲᠠ᠎ᠶᠢ 100 ᠺᠢᠯᠣᠭ᠌ᠷᠠᠮ᠎ᠠᠴᠠ ᠳᠡᠭᠡᠭᠰᠢ ᠨᠡᠮᠡᠭᠳᠡᠭᠦᠯᠵᠦ᠂ ᠣᠷᠣᠯᠭ᠎ᠠ᠎ᠶᠢ 200 ᠲᠥᠭᠥᠷᠢᠭ᠎ᠡᠴᠡ ᠳᠡᠭᠡᠭᠰᠢ ᠨᠡᠮᠡᠭᠳᠡᠭᠦᠯᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠵᠢᠡᠷ ᠲᠠᠮᠵᠢᠨ ᠤᠨᠠᠯᠲᠠ᠎ᠶᠢ ᠨᠡᠮᠡᠭᠳᠡᠭᠦᠯᠬᠦ ᠦᠷ᠎ᠡ ᠠᠰᠢᠭ᠋᠎ᠢ ᠦᠷᠭᠦᠯᠵᠢᠯᠡᠨ ᠳᠡᠭᠡᠭᠰᠢᠯᠡᠭᠥᠯᠵᠤ ᠪᠠᠢᠨ᠎ᠠ᠃
ᠲᠠᠷᠢᠶᠠᠨ ᠭᠠᠵᠠᠷ᠎ᠢ ᠨᠠᠷᠢᠯᠢᠭ᠍ᠵᠢᠭᠤᠯᠤᠨ ᠬᠠᠮᠢᠶᠠᠷᠴᠤ ᠬᠠᠮᠠᠭᠠᠯᠠᠬᠤ ᠠᠵᠢᠯ᠎ᠢ ᠰᠠᠢᠲᠤᠷ ᠬᠢᠬᠦ᠎ᠶᠢᠨ ᠬᠠᠮᠲᠤ ᠺᠠᠢᠯᠤ ᠰᠢᠶᠠᠨ ᠪᠠᠰᠠ ᠰᠠᠢᠨ ᠡᠭᠦᠯᠳᠡᠷ᠎ᠢ ᠪᠣᠢᠵᠢᠭᠤᠯᠬᠤ᠎ᠪᠠᠷ ᠡᠯᠪᠡᠭ ᠬᠤᠷᠢᠶᠠᠵᠤ ᠣᠷᠣᠯᠭ᠎ᠠ᠎ᠪᠠᠨ ᠨᠡᠮᠡᠭᠳᠡᠭᠦᠯᠬᠦ ᠭᠣᠣᠯ ᠲᠤᠯᠭᠠᠭᠤᠷᠢᠯᠠᠯ ᠪᠣᠯᠭᠠᠵᠠᠢ᠃ ᠲᠤᠬᠠᠢ᠎ᠶᠢᠨ ᠭᠠᠵᠠᠷ᠎ᠤᠨ ᠬᠢᠨ ᠰᠢᠶᠣᠣ ᠴᠧᠩ ᠽᠢ ᠲᠣᠰᠬᠣᠨ᠎ᠤ ᠡᠷᠳᠡᠨᠢ ᠰᠢᠰᠢ᠎ᠶᠢᠨ ᠵᠢᠱ᠌ᠢᠶ᠎ᠡ ᠦᠵᠡᠭᠦᠯᠬᠦ ᠰᠠᠭᠤᠷᠢᠨ᠎ᠳᠤ 《ᠲᠠᠷᠢᠶ᠎ᠠ᠎ᠶᠢ ᠦᠵᠡᠵᠦ ᠦᠷ᠎ᠡ ᠰᠣᠩᠭᠣᠬᠤ》 ᠲᠠᠪᠴᠠᠩ ᠪᠠᠢᠭᠤᠯᠵᠤ᠂ ᠨᠢᠭᠡᠳᠦᠯᠲᠡᠢ ᠲᠠᠷᠢᠵᠤ᠂ ᠨᠢᠭᠡᠳᠦᠯᠲᠡᠢ ᠬᠠᠮᠢᠶᠠᠷᠤᠬᠰᠠᠨ ᠠᠳᠠᠯᠢ ᠨᠥᠬᠥᠴᠡᠯ᠎ᠦᠨ ᠳᠣᠣᠷ᠎ᠠ᠂ 47 ᠡᠷᠳᠡᠨᠢ ᠰᠢᠰᠢ᠎ᠶᠢᠨ ᠡᠭᠦᠯᠳᠡᠷ᠎ᠦᠨ ᠲᠠᠷᠢᠶᠠᠨ᠎ᠤ ᠤᠷᠭᠤᠴᠠ᠂ ᠡᠪᠡᠳᠴᠢᠨ᠎ᠢ ᠡᠰᠡᠷᠭᠦᠴᠡᠬᠦ ᠴᠢᠳᠠᠪᠤᠷᠢ ᠪᠣᠯᠣᠨ ᠡᠴᠦᠰ᠎ᠦᠨ ᠤᠨᠠᠯᠲᠠ᠎ᠶᠢ ᠪᠦᠬᠦ ᠲᠠᠯ᠎ᠠ᠎ᠪᠠᠷ ᠬᠠᠷᠢᠴᠠᠭᠤᠯᠤᠨ ᠰᠣᠩᠭᠣᠵᠤ᠂ ᠢᠷᠡᠬᠦ ᠵᠢᠯ᠎ᠦᠨ ᠲᠠᠷᠢᠶᠠᠴᠢᠨ ᠡᠷᠦᠬᠡ᠎ᠶᠢᠨ ᠰᠢᠨᠵᠢᠯᠡᠬᠦ ᠤᠬᠠᠭᠠᠨᠴᠢ᠎ᠪᠠᠷ ᠦᠷ᠎ᠡ ᠰᠣᠩᠭᠣᠬᠤ᠎ᠳᠤ ᠴᠢᠬᠤᠯᠠ ᠲᠣᠭ᠎ᠠ ᠪᠠᠷᠢᠮᠲᠠ᠎ᠶᠢᠨ ᠯᠠᠪᠯᠠᠯᠲᠠ ᠬᠠᠩᠭᠠᠵᠤ ᠪᠠᠢᠨ᠎ᠠ᠃
ᠵᠢᠶᠠᠨ ᠬᠤᠧᠠ ᠪᠠᠯᠭᠠᠰᠤᠨ᠎ᠤ ᠴᠠᠩ ᠰᠢᠩ ᠲᠣᠰᠬᠣᠨ᠎ᠤ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠰᠠᠭᠤᠷᠢᠨ᠎ᠳᠤ᠂ ᠬᠣᠣᠰ ᠰᠥᠷᠭᠡᠦ᠎ᠶᠢ ᠡᠰᠡᠷᠭᠦᠴᠡᠬᠦ ᠡᠷᠳᠡᠨᠢ ᠰᠢᠰᠢ᠎ᠶᠢᠨ 19 ᠡᠭᠦᠯᠳᠡᠷ᠎ᠦᠨ ᠤᠷᠭᠤᠴᠠ ᠲᠣᠭᠲᠠᠭᠤᠨ ᠪᠠᠢᠵᠤ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ᠎ᠳᠦ ᠲᠦᠰᠢᠭᠯᠡᠨ ᠪᠣᠢᠵᠢᠭᠤᠯᠤᠭᠰᠠᠨ ᠡᠭᠦᠯᠳᠡᠷ᠎ᠦᠨ ᠬᠣᠷᠣᠬᠠᠢᠲᠤᠯᠢ ᠡᠰᠡᠷᠭᠦᠴᠡᠬᠦ᠂ ᠡᠪᠡᠰᠦ ᠠᠷᠢᠯᠭᠠᠭ᠍ᠴᠢᠳᠤ ᠲᠡᠰᠪᠦᠷᠢᠲᠡᠢ ᠪᠠᠢᠬᠤ ᠬᠣᠶᠠᠷ ᠶᠡᠬᠡ ᠳᠠᠪᠠᠭᠤᠯᠢᠭ᠋᠎ᠲᠤ ᠲᠦᠰᠢᠭᠯᠡᠨ᠂ ᠲᠠᠷᠢᠮᠠᠯ᠎ᠤᠨ ᠡᠬᠢ ᠰᠤᠷᠪᠤᠯᠵᠢ᠎ᠶᠢᠨ ᠲᠠᠯ᠎ᠠ᠎ᠠᠴᠠ ᠲᠠᠷᠢᠶᠠᠴᠢᠨ ᠡᠷᠦᠬᠡ᠎ᠶᠢ ᠬᠠᠪᠰᠤᠷᠤᠨ ᠥᠪᠡᠷ᠎ᠦᠨ ᠦᠷᠳᠡᠭ᠎ᠢ ᠨᠢ ᠠᠷᠪᠢᠯᠠᠵᠤ ᠤᠨᠠᠯᠲᠠ᠎ᠶᠢ ᠨᠢ ᠲᠣᠭᠲᠠᠪᠤᠷᠢᠵᠢᠭᠤᠯᠵᠠᠢ᠃ ᠵᠢᠶᠠᠨ ᠬᠤᠧᠠ ᠪᠠᠯᠭᠠᠰᠤᠨ᠎ᠤ ᠴᠠᠩ ᠰᠢᠩ ᠲᠣᠰᠬᠣᠨ᠎ᠤ ᠨᠢᠭ᠍ᠲᠠᠯᠠᠨ ᠪᠤᠳᠤᠭ᠍ᠴᠢ ᠳ᠋ᠢᠩ ᠶᠤᠧᠠᠢ ᠰᠥᠩ ᠨᠢᠭᠡ ᠲᠠᠩᠰᠠ ᠪᠤᠳᠤᠵᠤ ᠥᠭᠴᠠᠢ᠄ ᠬᠤᠤᠰ ᠰᠥᠷᠭᠡᠦ᠎ᠶᠢ ᠡᠰᠡᠷᠭᠦᠴᠡᠬᠦ ᠡᠭᠦᠯᠳᠡᠷ᠎ᠦᠨ ᠮᠦ᠍ ᠪᠦᠷᠢ᠎ᠶᠢᠨ ᠡᠪᠡᠰᠦ ᠠᠷᠢᠯᠭᠠᠭ᠍ᠴᠢ ᠡᠮ᠎ᠦᠨ ᠣᠷᠣᠭᠤᠯᠤᠯᠲᠠ ᠨᠢ ᠵᠥᠪᠬᠡᠨ 10 ᠲᠥᠭᠥᠷᠢᠭ ᠣᠷᠴᠢᠮ ᠪᠠᠢᠵᠤ᠂ ᠡᠩ᠎ᠦᠨ ᠡᠭᠦᠯᠳᠡᠷ᠎ᠦᠨ ᠬᠢ᠎ᠡᠴᠡ 10 ᠲᠥᠭᠥᠷᠢᠭ᠎ᠡᠴᠡ ᠳᠡᠭᠡᠭᠰᠢ ᠠᠷᠪᠢᠯᠠᠬᠤ᠎ᠶᠢᠨ ᠬᠠᠮᠲᠤ ᠪᠤᠰᠤᠳ ᠬᠣᠷᠣᠬᠠᠢ᠎ᠶᠢ ᠰᠡᠷᠭᠡᠢᠯᠡᠬᠦ ᠡᠮ᠎ᠢ ᠰᠦᠷᠴᠢᠬᠦ ᠴᠢᠬᠤᠯᠠ ᠦᠭᠡᠢ᠂ ᠲᠠᠷᠢᠶᠠᠨ ᠡᠮ᠎ᠦᠨ ᠣᠷᠣᠭᠤᠯᠤᠯᠲᠠ᠎ᠶᠢ ᠪᠠᠭᠠᠰᠬᠠᠵᠤ᠂ ᠳᠠᠷᠢᠬᠤ ᠥᠪᠡᠷ᠎ᠦᠨ ᠥᠷᠲᠡᠭ᠎ᠢ ᠪᠠᠭᠤᠷᠠᠭᠤᠯᠤᠭᠰᠠᠨ ᠮᠥᠷᠲᠡᠭᠡᠨ ᠡᠷᠳᠡᠨᠢ ᠰᠢᠰᠢ᠎ᠶᠢᠨ ᠶᠠᠰᠤ ᠴᠢᠨᠠᠷ᠎ᠢ ᠴᠤ᠌ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠢᠨ᠎ᠠ᠃
ᠲᠤᠷᠰᠢᠯᠭ᠎ᠠ᠎ᠳᠤ ᠲᠦᠰᠢᠭᠯᠡᠨ ᠲᠠᠷᠢᠶ᠎ᠠ ᠲᠠᠷᠢᠵᠤ ᠪᠠᠢᠬᠰᠠᠨ᠎ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠦ ᠲᠦᠰᠢᠭᠯᠡᠨ ᠲᠠᠷᠢᠶ᠎ᠠ ᠲᠠᠷᠢᠬᠤ ᠬᠦᠷᠲᠡᠯ᠎ᠡ᠂ ᠪᠦᠳᠦᠭᠦᠯᠢᠭ ᠲᠠᠷᠠᠬᠠᠢ ᠳᠠᠷᠢᠵᠤ ᠪᠠᠢᠬᠰᠠᠨ᠎ᠠᠴᠠ ᠪᠦᠬᠦ ᠶᠠᠪᠤᠴᠠ᠎ᠶᠢ ᠨᠠᠷᠢᠯᠢᠭ᠋ ᠣᠨᠣᠴᠠᠲᠠᠢ ᠪᠠᠷᠢᠮᠵᠢᠶᠠᠵᠢᠭᠤᠯᠤᠨ ᠬᠠᠮᠢᠶᠠᠷᠴᠤ ᠬᠠᠮᠠᠭᠠᠯᠠᠬᠤ ᠬᠦᠷᠲᠡᠯ᠎ᠡ᠂ ᠺᠠᠢᠯᠤ ᠰᠢᠶᠠᠨ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠦᠷᠭᠦᠯᠵᠢᠯᠡᠨ ᠲᠠᠷᠢᠶᠠᠨ ᠭᠠᠵᠠᠷ᠎ᠲᠤ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠎ᠪᠠᠷ ᠬᠠᠮᠢᠶᠠᠷᠴᠤ ᠬᠠᠮᠠᠭᠠᠯᠠᠬᠤ ᠪᠠ ᠴᠢᠨᠠᠷ ᠰᠠᠢᠲᠠᠢ ᠰᠠᠢᠨ ᠡᠭᠦᠯᠳᠡᠷ᠎ᠢ ᠵᠡᠷᠭᠡ ᠪᠡᠷ ᠬᠥᠭᠵᠢᠭᠦᠯᠬᠦ᠎ᠳᠦ ᠲᠦᠰᠢᠭᠯᠡᠨ᠂ ᠠᠮᠤ ᠪᠤᠳᠠᠭᠠᠨ᠎ᠤ ᠤᠨᠠᠯᠲᠠ᠎ᠶᠢ ᠲᠣᠭᠲᠠᠪᠤᠷᠢᠵᠢᠭᠤᠯᠵᠤ ᠤᠨᠠᠯᠲᠠ᠎ᠶᠢ ᠨᠡᠮᠡᠭᠳᠡᠭᠦᠯᠬᠦ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠵᠦ᠂ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃