ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-10-26 15:22:35

ᠵᠣᠬᠢᠶᠠᠭ᠍ᠴᠢ᠄ ​ᠨᠠᠪᠴᠢ ᠣᠩᠱᠢᠭ᠍ᠰᠠᠨ ᠣᠳᠠᠭ᠎ᠠ᠄ 3

《ᠣᠷᠭᠠᠨᠢᠭ᠋ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠬᠤ ᠪᠠ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠎ᠶᠢ ᠡᠷᠭᠢᠯᠳᠦᠭᠦᠯᠦᠨ ᠬᠦᠭᠵᠢᠬᠦᠯᠬᠦ》 ᠪᠡᠷ ᠭᠣᠣᠯ ᠰᠡᠳᠦᠪ ᠪᠤᠯᠭᠠᠭᠰᠠᠨ ᠬᠣᠷᠢᠳᠤᠭᠠᠷ ᠬᠤᠭᠤᠴᠠᠭᠠᠨ᠎ᠤ ᠪᠦᠬᠦ ᠤᠯᠤᠰ᠎ᠤᠨ ᠪᠣᠷᠳᠣᠭᠤᠷ ᠤᠷᠤᠭᠤᠯᠬᠤ ᠮᠡᠷᠭᠡᠵᠢᠯ ᠬᠢᠬᠡᠳ ᠢᠨᠵᠧᠨᠧᠷᠢᠩ᠎ᠦᠨ ᠰᠤᠳᠤᠯᠤᠨ ᠶᠠᠷᠢᠯᠴᠠᠬᠤ ᠬᠤᠷᠠᠯ tᠲᠦᠷᠦᠬᠦᠬᠡᠨ ᠬᠦᠬᠡᠬᠤᠳᠠ ᠳ᠋ᠤ ᠶᠠᠪᠤᠭᠳᠠᠪᠠ᠃ ᠣᠷᠣᠨ᠎ᠤ ᠳᠣᠲᠤᠨ᠎ᠠ ᠭᠠᠳᠠᠨᠠᠬᠢ ᠬᠠᠮᠢᠶ᠎ᠠ ᠪᠦᠬᠦᠢ ᠬᠦᠷᠢᠶᠡᠨ᠎ᠦ ᠨᠠᠷᠠᠲᠤ ᠲᠤᠰᠬᠠᠢ ᠮᠡᠷᠭᠡᠵᠢᠯᠲᠡᠨ ᠡᠷᠳᠡᠮᠲᠡᠳ ᠬᠦᠢᠲᠡᠨ ᠭᠠᠩ ᠬᠠᠭᠤᠷᠠᠢ ᠣᠷᠣᠨ᠎ᠤ ᠣᠷᠭᠠᠨᠢᠭ᠋ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠵᠠᠩᠭᠢᠯᠠᠭ᠎ᠠ᠎ᠶᠢᠨ ᠪᠣᠭᠣᠮᠢ᠎ᠶᠢᠨ ᠲᠣᠭᠣᠷᠢᠨ᠎ᠳᠤ ᠳᠡᠭᠡᠳᠦ ᠲᠠᠰ ᠳᠠᠪᠬᠤᠷᠭ᠎ᠠ᠎ᠶᠢᠨ᠂ ᠪᠠᠷᠠᠯᠠᠯ᠎ᠤᠨ ᠴᠢᠨᠠᠷᠲᠠᠢ ᠰᠤᠳᠤᠯᠤᠨ ᠶᠠᠷᠢᠯᠴᠠᠵᠤ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠎ᠶᠢᠨ ᠡᠷᠭᠢᠯᠲᠡᠲᠦ ᠬᠥᠭᠵᠢᠯᠲᠡ᠎ᠶᠢᠨ ᠶᠡᠬᠡ ᠪᠣᠳᠣᠯᠭ᠎ᠠ᠎ᠶᠢ ᠬᠠᠮᠲᠤ ᠪᠠᠷ ᠵᠥᠪᠳᠡᠯᠴᠡᠵᠦ᠂ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠬᠢᠭᠡᠳ ᠲᠠᠷᠢᠶᠠᠯᠠᠩ᠎ᠤᠨ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠳᠤ ᠦᠢᠯᠡᠴᠢᠯᠡᠪᠡ᠃

ᠭᠣᠣᠯ ᠵᠣᠷᠢᠯᠲᠠᠳᠤ ᠮᠡᠳᠡᠭᠦᠯᠦᠯᠲᠡ᠎ᠶᠢᠨ ᠭᠣᠭᠴᠣᠭ᠎ᠠ᠎ᠳᠤ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠯᠦ᠍ ᠵᠠᠨ ᠶᠤᠸᠠᠨ᠂ ᠵᠠᠩ ᠹᠦ ᠰᠦᠧᠸ ᠲᠣᠰ ᠲᠣᠰ 《ᠤᠮᠠᠷᠠᠲᠤ᠎ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ᠎ᠤ ᠮᠠᠭᠤᠳᠠᠭᠰᠠᠨ ᠲᠠᠷᠢᠶᠠᠨ ᠭᠠᠵᠠᠷ ᠲᠤ᠌ ᠪᠤᠷᠳᠤᠭᠤᠷ ᠤᠷᠤᠭᠤᠯᠵᠤ ᠬᠦᠷᠦᠰᠤ ᠵᠢ ᠰᠠᠢᠵᠢᠷᠠᠭᠤᠯᠬᠤ ᠵᠠᠩᠭᠢᠯᠠᠭ᠎ᠠ᠎ᠶᠢᠨ ᠮᠡᠷᠭᠡᠵᠢᠯ ᠵᠢᠴᠢ ᠬᠡᠷᠡᠭᠯᠡᠭᠡᠨ》᠂ 《ᠳᠤᠮᠳᠠᠳᠤ ᠤᠯᠤᠰ᠎ᠤᠨ ᠪᠣᠷᠳᠣᠭᠤᠷ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ》 ᠭᠡᠬᠦ ᠰᠡᠳᠦᠪ᠎ᠢᠶᠡᠷ ᠮᠡᠳᠡᠭᠦᠯᠦᠯᠲᠡ ᠬᠢᠪᠡ᠃ ᠣᠷᠣᠨ᠎ᠤ ᠲᠤᠳᠤᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠨ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠎ᠶᠢᠨ ᠡᠷᠭᠢᠯᠲᠡ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ᠂ ᠮᠠᠯᠵᠢᠯ᠎ᠤᠨ ᠲᠠᠯᠠᠪᠠᠶ᠎ᠶᠢᠨ ᠪᠠᠭᠠᠰᠤ ᠰᠢᠬᠡᠭ᠎ᠢ ᠡᠬᠢ ᠪᠠᠶᠠᠯᠢᠭ᠍ᠵᠢᠭᠤᠯᠬᠤ᠂ ᠣᠶᠤᠨᠴᠢ᠎ᠪᠠᠷ ᠪᠣᠷᠳᠣᠭᠤᠷ ᠤᠷᠤᠭᠤᠯᠬᠤ ᠵᠡᠷᠭᠡ ᠭᠣᠣᠯᠳᠠᠯᠭ᠎ᠠ ᠎ᠲᠠᠢ  ᠵᠥᠪᠯᠡᠬᠦ  ᠰᠡᠳᠦᠪ᠎ᠦᠨ ᠲᠣᠭᠣᠷᠢᠨ᠎ᠳᠤ ᠰᠤᠳᠤᠯᠤᠨ ᠶᠠᠷᠢᠯᠴᠠᠵᠦ᠂ ᠵᠥᠪᠯᠡᠬᠦ ᠰᠡᠳᠦᠪ ᠨᠢ ᠮᠡᠷᠭᠡᠵᠢᠯ᠎ᠦᠨ ᠰᠤᠳᠤᠯᠤᠨ ᠨᠡᠭᠡᠭᠡᠯᠲᠡ᠂ ᠲᠣᠨᠣᠭ ᠲᠥᠬᠦᠭᠡᠷᠦᠮᠵᠢ ᠦᠢᠯᠡᠳᠬᠦ᠎ᠡᠴᠡ ᠦᠢᠯᠡᠳᠬᠦᠨ᠎ᠦ ᠪᠠᠷᠢᠮᠵᠢᠶ᠎ᠠ᠂ ᠲᠥᠷᠥ᠎ᠶᠢᠨ ᠪᠣᠳᠣᠯᠭ᠎ᠠ᠎ᠶᠢᠨ ᠲᠣᠭᠲᠠᠴᠠ ᠬᠦᠷᠲᠡᠯᠡᠬᠢ ᠪᠥᠬᠥ ᠬᠡᠯᠬᠢᠶ᠎ᠡ᠎ᠶᠢ ᠬᠠᠮᠤᠷᠪᠠ᠃ ᠡᠲᠡᠭᠡᠷ ᠵᠥᠪᠯᠡᠬᠦ ᠰᠡᠳᠦᠪ᠎ᠦᠨ ᠲᠣᠭᠣᠷᠢᠨ᠎ᠳᠤ ᠥᠷᠨᠢᠭᠦᠯᠦᠭᠰᠡᠨ ᠦᠵᠡᠯᠳᠡ ᠳᠠᠨᠢᠯᠳᠠ ᠪᠠ ᠦᠷ᠎ᠡ ᠪᠦᠲᠦᠭᠡᠯ᠎ᠦᠨ ᠰᠣᠯᠢᠯᠴᠠᠭ᠎ᠠ ᠨᠢ ᠪᠣᠷᠳᠣᠭᠤᠷ ᠤᠷᠤᠭᠤᠯᠬᠤ ᠮᠡᠷᠭᠡᠵᠢᠯ᠎ᠦᠨ ᠳᠠᠪᠰᠢᠯᠲᠠ᠎ᠶᠢ ᠠᠬᠢᠭᠤᠯᠬᠤ ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠳᠤ ᠴᠢᠬᠤᠯᠠ ᠣᠶᠤᠨ ᠤᠬᠠᠭᠠᠨ᠎ᠤ ᠳᠤᠯᠭᠠᠭᠤᠷᠢᠯᠠᠯ ᠬᠠᠩᠭᠠᠭᠰᠠᠨ ᠪᠠᠢᠨ᠎ᠠ ᠃ ᠡᠭᠦᠨ᠎ᠡᠴᠡ ᠭᠠᠳᠠᠨ᠎ᠠ᠂ ᠶᠡᠬᠡ ᠬᠤᠷᠠᠯ᠎ᠠᠴᠠ ᠪᠠᠰᠠ ᠠᠵᠤ ᠠᠬᠤᠢᠯᠠᠯ᠎ᠤᠨ ᠰᠣᠯᠢᠯᠴᠠᠭ᠎ᠠ᠂ ᠭᠡᠰᠢᠭᠦᠳ᠎ᠦᠨ ᠬᠤᠷᠠᠯ᠂ ᠦᠨᠡᠯᠡᠨ ᠵᠢᠱ᠌ᠢᠵᠦ ᠰᠤᠳᠤᠯᠤᠨ ᠶᠠᠷᠢᠯᠴᠠᠬᠤ᠂ ᠠᠵᠤ ᠠᠬᠤᠢᠯᠠᠯ᠎ᠢ ᠲᠣᠭᠣᠷᠢᠨ ᠦᠵᠡᠬᠦ ᠵᠡᠷᠭᠡ ᠠᠵᠢᠯᠯᠠᠭ᠎ᠠ᠎ᠶᠢ ᠲᠣᠬᠢᠷᠠᠭᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面