ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-10-27 16:19:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠪᠦᠬᠦ ᠤᠯᠤᠰ᠎ᠤᠨ ᠠᠮᠤ ᠪᠤᠳᠠᠭᠠᠨ᠎ᠤ ᠭᠣᠣᠯ ᠤᠨᠠᠯᠳᠠ ᠵᠢᠨ ᠣᠷᠣᠨ᠎ᠳᠤ ᠲᠦᠷᠦᠬᠦᠯᠡᠵᠠᠢ

 10 ᠰᠠᠷ᠎ᠠ᠎ᠶᠢᠨ 26᠎ᠤ᠋ ᠡᠳᠦᠷ᠂ 2026 ᠣᠨ᠎ᠤ ᠲᠦᠩᠯᠢᠶᠣᠣ ᠬᠣᠲᠠ᠎ᠶᠢᠨ ᠪᠦᠬᠦ ᠬᠣᠲᠠ᠎ᠪᠠᠷ ᠵᠢᠠᠨ ᠡᠷᠳᠡᠨᠢ ᠰᠢᠰᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠲᠤᠬᠠᠢ᠎ᠶᠢᠨ ᠲᠠᠯᠠᠪᠠᠶ᠎ᠶᠢᠨ ᠲᠣᠭᠣᠷᠢᠨ ᠦᠵᠡᠵᠦ ᠰᠣᠯᠢᠯᠴᠠᠬᠤ ᠬᠤᠷᠠᠯ ᠡᠴᠡ ᠴᠢᠬᠤᠯᠠ ᠥᠷ᠎ᠡ ᠳ᠋ᠥᠩ᠎ᠢ ᠨᠡᠢᠲᠡᠯᠡᠪᠡ ᠄ ᠡᠨᠡ ᠵᠢᠯ᠎ᠦᠨ ᠪᠥᠬᠥ ᠬᠣᠲᠠ᠎ᠶᠢᠨ 1354 ᠲᠦᠮᠡᠨ ᠮᠦ᠍ ᠡᠷᠳᠡᠨᠢ ᠰᠢᠰᠢ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠣᠷᠣᠨ ᠳ᠋ᠤ᠂ 406.99 ᠲᠦᠮᠡᠨ ᠮᠦ᠍ ᠲᠠᠷᠢᠶᠠᠨ ᠭᠠᠵᠠᠷ ᠨᠢ  《ᠲᠣᠨ᠎ᠤ ᠬᠤᠷᠢᠶᠠᠯᠳᠠ ᠲᠡᠢ ᠲᠠᠷᠢᠶ᠎ᠠ 》 ᠵᠢᠨ ᠦᠢᠯᠡᠳᠪᠦᠷᠢᠯᠡᠯ᠎ᠦᠨ ᠬᠢᠷᠢ ᠲᠥᠪᠰᠢᠨ ᠳ᠋ᠤ ᠬᠦᠷᠴᠦ᠂ ᠨᠢᠳᠤᠨᠤᠨ᠎ᠤ ᠬᠢ᠎ᠡᠴᠡ ᠳᠠᠬᠢᠨ᠎ᠢᠶᠠᠷ ᠨᠡᠮᠡᠭᠳᠡᠬᠥ ᠵᠢ ᠪᠡᠶᠡᠯᠡᠭᠥᠯᠥᠨ᠂ ᠪᠥᠬᠥ ᠤᠯᠤᠰ᠎ᠤᠨ ᠠᠮᠤ ᠪᠤᠳᠠᠭᠠᠨ᠎ᠤ ᠭᠣᠣᠯ ᠤᠨᠠᠯᠳᠠ ᠵᠢᠨ ᠣᠷᠣᠨ᠎ᠳᠤ ᠲᠦᠷᠦᠬᠦᠯᠡᠵᠤ᠂ ᠪᠥᠬᠥ ᠬᠤᠲᠠ ᠪᠡᠷ ᠵᠢᠠᠨ ᠡᠷᠳᠡᠨᠢ ᠰᠢᠰᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ 《ᠲᠦᠩᠯᠢᠶᠣᠣ᠎ᠶᠢᠨ ᠵᠠᠭᠪᠤᠷ》  ᠰᠢᠨ᠎ᠡ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠤᠬᠰᠠᠨ ᠪᠠᠢᠨ᠎ᠠ᠃

ᠳᠡᠯᠡᠬᠡᠢ᠎ᠶᠢᠨ ᠭᠤᠷᠪᠠᠨ ᠲᠣᠮᠣ᠌ ᠰᠢᠵᠢᠷ ᠠᠯᠲᠠᠨ ᠡᠷᠳᠡᠨᠢ ᠰᠢᠰᠢ᠎ᠶᠢᠨ ᠪᠦᠰᠡ᠎ᠶᠢᠨ ᠭᠣᠣᠯ ᠣᠷᠣᠨ᠂ ᠤᠯᠤᠰ᠎ᠤᠨ ᠴᠢᠬᠤᠯᠠ ᠲᠠᠸᠠᠷ᠎ᠤᠨ ᠠᠮᠤ ᠪᠤᠳᠠᠭᠠᠨ᠎ᠤ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠣᠢᠷ᠎ᠠ᠎ᠶᠢᠨ ᠵᠢᠯ᠎ᠡᠴᠡ ᠨᠠᠭᠠᠰᠢ᠂ ᠲᠦᠩᠯᠢᠶᠣᠣ ᠬᠤᠳᠠ ᠡᠯᠡᠰᠦ ᠠᠷᠪᠢᠨ ᠤᠰᠤ ᠪᠠᠭ᠎ᠠ ᠪᠠᠢᠬᠤ ᠪᠣᠳᠠᠲᠤ ᠪᠠᠢᠳᠠᠯ᠎ᠳᠤ ᠰᠠᠭᠤᠷᠢᠯᠠᠨ᠂ 《ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠥᠢᠯᠡᠳᠪᠥᠷᠢᠯᠡᠯ᠎ᠤᠨ ᠴᠢᠳᠠᠪᠥᠷᠢ ᠵᠢ ᠪᠠᠳᠤᠯᠠᠵᠤ᠂ ᠮᠠᠷᠭᠡᠵᠢᠯ ᠵᠢᠨᠷ ᠠᠮᠤ ᠪᠤᠳᠠᠭᠠᠨ᠎ᠤ ᠤᠨᠠᠯᠲᠠ ᠵᠢ ᠨᠡᠮᠡᠭᠳᠡᠭᠥᠯᠬᠥ 》 ᠪᠠᠢᠯᠳᠤᠬᠤ ᠪᠣᠳᠣᠯᠭ᠎ᠠ᠎ᠶᠢ ᠭᠥᠨᠵᠡᠭᠡᠢ ᠨᠠᠢᠳᠠᠪᠤᠷᠢᠵᠢᠭᠤᠯᠵᠤ᠂ ᠡᠷᠳᠡᠨᠢ ᠰᠢᠰᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠎ᠶᠢ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠭᠣᠣᠯ ᠭᠠᠷᠳᠠᠴᠠ ᠪᠣᠯᠭᠠᠨ᠂ ᠡᠷᠳᠡᠨᠢ ᠰᠢᠰᠢ᠎ᠶᠢ ᠨᠢᠭ᠍ᠲᠠ ᠲᠠᠷᠢᠵᠦ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ᠎ᠢ ᠳᠡᠯᠭᠡᠷᠡᠭᠥᠯᠵᠤ᠂ 11 ᠵᠦᠢᠯ᠎ᠦᠨ ᠵᠠᠩᠭᠢᠯᠠᠭ᠎ᠠ᠎ᠶᠢᠨ ᠮᠡᠷᠭᠡᠵᠢᠯ᠎ᠢ ᠢᠵᠢ ᠪᠥᠷᠢᠳᠥᠭᠥᠯᠥᠨ᠂ 《8 ᠨᠠᠷᠢᠯᠢᠭ᠋ ᠣᠨᠣᠴᠠᠲᠠᠢ 》 ᠪᠦᠬᠦ ᠶᠠᠪᠤᠴᠠ᠎ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠎ᠦᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠠᠢ᠃ 2026 ᠣᠨ᠎ᠳᠤ᠂ ᠵᠠᠭᠤᠨ ᠮᠦ᠍᠎ᠶᠢᠨ 930 ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠂ ᠮᠢᠩᠭᠠᠨ ᠮᠦ᠍᠎ᠶᠢᠨ 139 ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠂ ᠲᠦᠮᠡᠨ ᠮᠦ᠍᠎ᠶᠢᠨ 24 ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠎ᠢ ᠪᠥᠲᠥᠭᠡᠨ ᠪᠠᠢᠭᠤᠯᠵᠤ᠂ 8 ᠬᠣᠰᠢᠭᠤ ᠰᠢᠶᠠᠨ ᠲᠣᠭᠣᠷᠢᠭ᠋᠂ 104 ᠰᠤᠮᠤ ᠪᠠᠯᠭᠠᠰᠤ ᠲᠠᠯᠠᠪᠠᠶ᠂ 1914 ᠭᠠᠴᠠᠭ᠎ᠠ ᠲᠣᠰᠬᠣᠨ᠎ᠢ ᠮᠡᠷᠭᠡᠵᠢᠯ᠎ᠢᠶᠡᠷ ᠬᠠᠮᠤᠷᠴᠤ᠂  《ᠴᠡᠭ ᠳᠡᠭᠡᠷ᠎ᠡ ᠰᠢᠪᠲᠤᠯᠤᠯᠲᠠ ᠭᠠᠷᠭᠠᠬᠤ᠂ ᠱᠤᠭᠤᠮ ᠵᠢᠠᠷ ᠬᠣᠯᠪᠣᠯᠳᠤᠭᠤᠯᠬᠤ᠂ ᠬᠡᠰᠡᠭ ᠬᠡᠰᠡᠭ ᠵᠢᠠᠷ ᠨᠥᠯᠥᠭᠡᠯᠡᠬᠦ᠂ ᠪᠥᠬᠥ ᠲᠠᠯ᠎ᠠ᠎ᠪᠠᠷ ᠠᠮᠢᠯᠠᠭᠤᠯᠬᠤ》 ᠱᠠᠲᠤᠵᠢᠭᠤᠯᠤᠨ ᠠᠬᠢᠭᠤᠯᠵᠤ ᠵᠢᠱ᠌ᠢᠶ᠎ᠡ ᠥᠵᠡᠭᠥᠯᠥᠨ ᠳᠠᠢᠴᠢᠯᠠᠬᠤ ᠪᠠᠢᠷᠢᠰᠢᠯ᠎ᠢ ᠪᠣᠶ ᠪᠣᠯᠭᠠᠪᠠ᠃

ᠤᠨᠠᠯᠲᠠ᠎ᠶᠢᠨ ᠲᠣᠭ᠎ᠠ ᠪᠠᠷᠢᠮᠲᠠ᠎ᠶᠢᠨ ᠦᠨᠡᠨ ᠪᠣᠳᠠᠲᠠᠢ ᠮᠥᠷᠳᠡᠭᠡᠨ ᠣᠨᠣᠪᠴᠢᠲᠠᠶ ᠪᠠᠢᠬᠤ᠎ᠶᠢ ᠪᠠᠲᠤᠯᠠᠬᠤ᠎ᠶᠢᠨ ᠲᠥᠯᠥᠭᠡ᠂ ᠲᠦᠩᠯᠢᠶᠣᠣ ᠬᠣᠲᠠ᠎ᠶᠢᠨ ᠬᠢᠨ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠪᠣᠯᠬᠤ ᠠᠮᠤ ᠲᠣᠰᠣᠨ᠎ᠤ ᠲᠠᠷᠢᠮᠠᠯ᠎ᠤᠨ ᠶᠡᠬᠡ ᠲᠠᠯᠠᠪᠠᠶ ᠵᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠥᠭᠰᠡᠨ ᠤᠨᠠᠯᠲᠠ᠎ᠶᠢ ᠬᠡᠮᠵᠢᠬᠦ ᠠᠵᠢᠯ᠎ᠤᠨ ᠬᠡᠷᠡᠭᠵᠢᠭᠦᠯᠬᠦ ᠲᠥᠰᠥᠯ》 ᠶᠤᠰᠤᠭᠠᠷ᠂ ᠬᠣᠰᠢᠭᠤ ᠰᠢᠶᠠᠨ᠎ᠤ ᠬᠢᠨ ᠬᠡᠰᠡᠭ ᠳᠠᠷᠠᠭᠠᠯᠠᠨ ᠪᠣᠳᠠᠲᠠᠢ ᠬᠡᠮᠵᠢᠯᠲᠡ ᠬᠢᠬᠦ᠂ ᠲᠤᠰᠬᠠᠢ ᠮᠡᠷᠭᠡᠵᠢᠯᠲᠡᠨ ᠲᠠᠷᠢᠶᠠᠨ ᠭᠠᠵᠠᠷ ᠎ᠲᠤ ᠳᠠᠬᠢᠨ ᠬᠡᠮᠵᠢᠯᠲᠡ ᠬᠢᠬᠦ᠂ ᠳᠠᠭᠠᠭᠤᠯᠢ ᠣᠳᠣᠨ᠎ᠤ ᠠᠯᠤᠰ ᠰᠡᠷᠡᠯ᠎ᠦᠨ ᠦᠨᠡᠯᠡᠨ ᠵᠢᠱ᠌ᠢᠯᠲᠡ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠋᠎ᠢᠶᠠᠷ ᠤᠨᠠᠯᠲᠠ᠎ᠶᠢ ᠬᠠᠷᠭᠤᠭᠤᠯᠤᠨ ᠪᠠᠢᠴᠠᠭᠠᠬᠤ᠎ᠶᠢ ᠥᠷᠨᠢᠭᠦᠯᠵᠦ᠂ ᠬᠠᠮᠤᠬ ᠡᠴᠦᠰ᠎ᠲᠦ ᠶᠡᠷᠦᠩᠬᠡᠢ ᠤᠨᠠᠯᠲᠠ᠎ᠶᠢᠨ ᠥᠷ᠎ᠡ ᠳ᠋ᠥᠩ᠎ᠢ ᠮᠠᠭᠠᠳᠯᠠᠨ ᠲᠣᠭᠲᠠᠭᠠᠪᠠ᠃   ᠳᠠᠭᠠᠭᠤᠯᠢ ᠣᠳᠣᠨ᠎ᠤ ᠠᠯᠤᠰ ᠰᠡᠷᠡᠯ᠎ᠦᠨ ᠦᠨᠡᠯᠡᠨ ᠵᠢᠱ᠌ᠢᠯᠲᠡ ᠵᠢᠨ ᠥᠷ᠎ᠡ ᠳ᠋ᠥᠩ ᠳ᠋ᠤ᠂ ᠬᠣᠷᠴᠢᠨ ᠲᠣᠭᠣᠷᠢᠭ᠋᠎ᠤᠨ ᠹᠧᠩ ᠲᠢᠶᠠᠨ ᠪᠠᠯᠭᠠᠰᠤ᠂ ᠴᠢᠶᠠᠨ ᠵᠢᠶᠠ ᠳ᠋ᠢᠶᠠᠨ ᠪᠠᠯᠭᠠᠰᠤ᠂ ᠺᠠᠢᠯᠤ ᠰᠢᠶᠠᠨ᠎ᠤ ᠵᠢᠶᠠᠨ ᠬᠤᠧᠠ ᠪᠠᠯᠭᠠᠰᠤ᠂ ᠰᠢᠶᠣᠣ ᠵᠢᠶᠧ ᠵᠢᠢ ᠪᠠᠯᠭᠠᠰᠤ ᠵᠡᠷᠭᠡ 5 ᠬᠣᠰᠢᠭᠤ ᠰᠢᠶᠠᠨ ᠲᠣᠭᠣᠷᠢᠭ᠋᠎ᠤᠨ 8 ᠰᠤᠮᠤ ᠰᠢᠶᠠᠩ ᠪᠠᠯᠭᠠᠰᠤ 10 ᠲᠦᠮᠡᠨ ᠮᠦ᠍ ᠵᠢᠨ 《ᠲᠣᠨ᠎ᠤ ᠬᠤᠷᠢᠶᠠᠯᠳᠠ ᠲᠡᠢ ᠲᠠᠷᠢᠶ᠎ᠠ》᠎ᠵᠢᠨ ᠬᠡᠪᠴᠢᠶᠡᠵᠢᠯ ᠳ᠋ᠤ ᠬᠥᠷᠴᠥ᠂ ᠬᠡᠪᠴᠢᠶᠡᠵᠢᠭᠦᠯᠦᠨ ᠤᠨᠠᠯᠲᠠ᠎ᠶᠢ ᠨᠡᠮᠡᠭᠳᠡᠭᠦᠯᠬᠦ ᠦᠢᠯᠡᠳᠦᠯ᠎ᠢ ᠤᠯᠠᠮ ᠨᠢᠭᠡ ᠠᠯᠬᠤᠮ ᠢᠯᠡᠷᠡᠭᠦᠯᠥᠭᠰᠡᠨ ᠪᠠᠢᠨ᠎ᠠ᠃

ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠠᠷᠢᠮᠠᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠳᠠᠷᠢᠵᠤ ᠪᠤᠢᠵᠢᠭᠤᠯᠬᠤ ᠪᠠ ᠹᠢᠽᠢᠣᠯᠣᠭᠢ ᠶ᠋ᠢᠨ ᠱᠢᠨ᠎ᠡ ᠶ᠋ᠢ ᠡᠭᠦᠳᠬᠦ᠌ ᠪᠦᠯᠬᠦᠮ ᠤ᠋ᠨ ᠨᠡᠷ᠎ᠡ ᠬᠥᠨᠳᠥᠳᠥ ᠳᠡᠷᠢᠭᠥᠨ ᠰᠤᠳᠤᠯᠤᠬᠴᠢ ᠯᠢ ᠱᠤᠤ ᠺᠥᠨ ᠄ 《ᠨᠢᠳᠤᠨᠤᠨ ᠲᠦᠩᠯᠢᠶᠣᠣ ᠬᠤᠲᠠ ᠪᠥᠬᠥ ᠤᠯᠤᠰ᠎ᠤᠨ ᠠᠮᠤ ᠪᠤᠳᠠᠭᠠᠨ᠎ᠤ ᠭᠣᠣᠯ ᠤᠨᠠᠯᠳᠠ ᠵᠢᠨ ᠣᠷᠣᠨ᠎ᠳᠤ ᠠᠩᠬ᠎ᠠ ᠤᠳᠠᠭ᠎ᠠ 200 ᠲᠦᠮᠡᠨ ᠮᠦ᠍᠎ᠶᠢᠨ 〈ᠲᠣᠨ᠎ᠤ ᠬᠤᠷᠢᠶᠠᠯᠳᠠ ᠲᠡᠢ ᠲᠠᠷᠢᠶ᠎ᠠ 〉 ᠵᠢᠨ ᠰᠢᠪᠲᠤᠯᠤᠯᠲᠠ᠎ᠶᠢ ᠪᠡᠶᠡᠯᠡᠭᠦᠯᠵᠦ᠂ ᠡᠨᠡ ᠵᠢᠯ ᠡᠷᠳᠡᠨᠢ ᠰᠢᠰᠢ᠎ᠶᠢᠨ ᠤᠷᠭᠤᠯᠲᠠ᠎ᠶᠢᠨ ᠤᠯᠠᠷᠢᠯ᠎ᠳᠤ ᠠᠳᠠᠯᠢ ᠪᠤᠰᠤ ᠬᠡᠮᠵᠢᠶᠡᠨ᠎ᠦ ᠰᠥᠷᠭᠡᠦ ᠠᠭᠤᠷ ᠠᠮᠢᠰᠬᠤᠯ᠎ᠳᠤ ᠲᠣᠬᠢᠶᠠᠯᠳᠤᠭᠰᠠᠨ ᠪᠠᠢᠳᠠᠯ ᠳᠣᠣᠷ᠎ᠠ᠂ ᠮᠥᠨ ᠬᠦ᠌ 400 ᠲᠦᠮᠡᠨ ᠮᠦ᠍᠎ᠡᠴᠡ ᠳᠡᠭᠡᠭᠰᠢᠬᠢ 〈ᠲᠣᠨ᠎ᠤ ᠬᠤᠷᠢᠶᠠᠯᠳᠠ ᠲᠡᠢ ᠲᠠᠷᠢᠶ᠎ᠠ〉᠎ᠵᠢᠨ ᠬᠡᠪᠴᠢᠶ᠎ᠡ᠎ᠶᠢ ᠪᠡᠶᠡᠯᠡᠭᠦᠯᠵᠠᠢ᠂ ᠡᠨᠡ ᠨᠢ ᠨᠢᠭ᠍ᠲᠠ ᠳᠠᠷᠢᠵᠤ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ᠎ᠦᠨ ᠰᠢᠰᠲᠧᠮ᠎ᠦᠨ ᠲᠣᠭᠲᠠᠪᠤᠷᠢᠲᠤ ᠴᠢᠨᠠᠷ᠎ᠢ ᠭᠦᠢᠴᠡᠳ ᠰᠢᠯᠭᠠᠨ ᠨᠤᠲᠠᠯᠠᠵᠤ᠂ ᠶᠡᠬᠡ ᠲᠠᠯᠠᠪᠠᠶ ᠵᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠦᠭᠰᠡᠨ ᠦᠷ᠎ᠡ ᠪᠦᠲᠦᠮᠵᠢ᠎ᠶᠢ ᠦᠨᠡᠨ ᠪᠣᠳᠠᠲᠠᠢ᠎ᠪᠠᠷ ᠢᠯᠡᠷᠡᠭᠦᠯᠤᠯ᠎ᠡ》 ᠭᠡᠵᠤ ᠬᠡᠯᠡᠵᠤ ᠪᠠᠢᠯ᠎ᠠ᠃

《ᠲᠡᠭᠷᠢ᠎ᠶᠢᠨ ᠴᠢᠷᠠᠢ᠎ᠶᠢ ᠬᠠᠷᠠᠵᠤ ᠬᠣᠭᠣᠯᠠ ᠢᠳᠡᠬᠦ 》 ᠡᠴᠡ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠠᠮᠤ ᠪᠤᠳᠠᠭ᠎ᠠ ᠲᠠᠷᠢᠬᠤ 》 ᠬᠦᠷᠲᠡᠯ᠎ᠡ᠂ ᠲᠦᠩᠯᠢᠶᠣᠣ ᠬᠤᠲᠠ ᠡᠷᠳᠡᠨᠢ ᠰᠢᠰᠢ᠎ᠶᠢ ᠨᠢᠭ᠍ᠲᠠ ᠲᠠᠷᠢᠵᠤ ᠨᠠᠷᠢᠯᠢᠬ ᠤᠨᠤᠴᠠᠳᠠᠢ ᠪᠡᠷ ᠲᠣᠬᠢᠷᠠᠭᠤᠯᠤᠨ ᠡᠵᠡᠮᠳᠡᠬᠦ ᠮᠡᠷᠭᠡᠵᠢᠯ᠎ᠢᠶᠡᠷ ᠭᠣᠣᠯ ᠪᠣᠯᠭᠠᠨ᠂ ᠰᠠᠢᠨ ᠲᠠᠷᠢᠶ᠎ᠠ᠂ ᠰᠠᠢᠨ ᠡᠭᠦᠯᠳᠡᠷ᠂ ᠰᠠᠢᠨ ᠮᠠᠰᠢᠨ᠂ ᠰᠠᠢᠨ ᠠᠷᠭ᠎ᠠ᠎ᠶᠢ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠵᠤ᠂ ᠡᠬᠢ ᠪᠠᠶᠠᠯᠢᠭ᠋᠎ᠤᠨ ᠬᠢᠵᠠᠭᠠᠷᠯᠠᠯ᠎ᠲᠠᠢ ᠭᠠᠵᠠᠷ ᠣᠷᠣᠨ᠎ᠤ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠦᠷᠭᠦᠯᠵᠢᠯᠡᠨ ᠲᠣᠭᠲᠠᠭᠤᠨ᠎ᠢᠶᠠᠷ ᠳᠡᠭᠡᠭᠰᠢᠯᠡᠭᠦᠯᠬᠦ ᠎ᠳᠦ ᠨᠠᠢᠳᠠᠪᠤᠷᠢᠵᠢᠭᠤᠯᠤᠰᠢᠳᠠᠢ ᠦᠢᠯᠡᠳᠦᠯᠭᠡ᠎ᠶᠢᠨ ᠠᠷᠭ᠎ᠠ ᠵᠠᠮ ᠎ᠢ ᠬᠠᠢᠨ ᠰᠦᠪᠡᠭᠴᠢᠯᠡᠬᠥ ᠵᠢᠨ ᠬᠠᠮᠳᠤ᠂ ᠤᠯᠤᠰ ᠎ᠤᠨ ᠰᠢᠨ᠎ᠡ ᠨᠢᠭᠡ ᠡᠭᠡᠯᠵᠢ᠎ᠶᠢᠨ ᠮᠢᠩᠭᠠᠨ ᠳ᠋ᠦᠩᠰᠢᠭᠤᠷ ᠵᠢᠩ᠎ᠦᠨ ᠠᠮᠤ ᠪᠤᠳᠠᠭᠠᠨ᠎ᠤ ᠦᠢᠯᠡᠳᠪᠦᠷᠢᠯᠡᠯ ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠠᠵᠢᠯᠯᠠᠭ᠎ᠠ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠵᠠᠭᠪᠤᠷ ᠎ᠢ ᠬᠠᠩᠭᠠᠬᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面