ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-10-29 11:52:45

ᠵᠣᠬᠢᠶᠠᠭ᠍ᠴᠢ᠄ ​ᠼᠠᠢ ᠬᠤᠡᠭ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠤᠢᠷ᠎ᠠ ᠶ᠋ᠢᠨ ᠬᠤᠭᠤᠴᠠᠭᠠᠨ ᠳ᠋ᠦ ᠮᠠᠨ ᠤ᠋ ᠤᠷᠤᠨ ᠤ᠋ ᠨᠠᠮᠤᠷ ᠤ᠋ᠨ ᠬᠤᠷᠢᠶᠠᠯᠲᠠ ᠶ᠋ᠢᠨ ᠠᠵᠢᠯ ᠲᠤᠭᠲᠠᠭᠤᠨ ᠶ᠋ᠢᠡᠷ ᠶᠠᠪᠤᠭᠳᠠᠵᠤ᠂ ᠮᠠᠰᠢᠨᠴᠢᠯᠠᠯᠲᠠ ᠨᠢ ᠮᠠᠯᠴᠢᠨ ᠲᠠᠷᠢᠶᠠᠴᠢᠨ ᠤ᠋ ᠠᠮᠤ ᠪᠤᠳᠠᠭ᠎ᠠ ᠪᠠᠨ ᠵᠠᠪᠳᠤᠨ ᠬᠤᠷᠢᠶᠠᠬᠤ ᠭᠤᠤᠯ ᠬᠦᠴᠦᠨ ᠪᠤᠯᠪᠠ᠃

ᠤᠢᠷ᠎ᠠ ᠳ᠋ᠦ ᠲᠦᠩᠯᠢᠶᠣᠤ ᠬᠣᠲᠠ ᠶ᠋ᠢᠨ 506 ᠲᠦᠮᠡᠨ ᠮᠥ᠍ ᠬᠥᠬᠡ ᠳᠠᠷᠤᠰᠢ ᠶ᠋ᠢᠨ ᠡᠷᠳᠡᠨᠢ ᠰᠢᠰᠢ ᠨᠢᠭᠡᠨᠲᠡ ᠬᠠᠮᠤᠭ ᠤ᠋ᠨ ᠰᠠᠶ᠋ᠢᠨ ᠬᠠᠳᠤᠵᠤ ᠬᠤᠷᠢᠶᠠᠬᠤ ᠬᠤᠭᠤᠴᠠᠭᠠᠨ ᠳ᠋ᠠᠭᠠᠨ ᠣᠷᠣᠵᠤ᠂ ᠵᠠᠷᠤᠳ ᠬᠣᠰᠢᠭᠤᠨ ᠤ᠋ ᠥᠯᠵᠡᠶ᠋ᠢᠮᠦ᠋ᠷᠡᠨ ᠰᠤᠮᠤ ᠶ᠋ᠢᠨ ᠴᠠᠭᠠᠨᠨᠠᠭᠤᠷ ᠭᠠᠴᠠᠭᠠᠨ ᠤ᠋ 2000 ᠮᠥ᠍ ᠬᠥᠬᠡ ᠳᠠᠷᠤᠰᠢ ᠶ᠋ᠢᠨ ᠡᠷᠳᠡᠨᠢ ᠰᠢᠰᠢ ᠶ᠋ᠢᠨ ᠲᠠᠷᠢᠶᠠᠨ ᠳ᠋ᠤ ᠲᠣᠮᠣ ᠬᠡᠯᠪᠡᠷᠢ ᠶ᠋ᠢᠨ ᠮᠠᠰᠢᠨ ᠬᠠᠳᠤᠵᠤ ᠬᠤᠷᠢᠶᠠᠬᠤ᠂ ᠡᠰᠢ ᠰᠦᠷᠡᠯ ᠢ᠋ ᠬᠡᠮᠬᠡᠯᠬᠦ᠌᠂ ᠲᠠᠭᠡᠭᠡᠪᠦᠷᠢᠯᠡᠬᠦ ᠵᠡᠷᠭᠡ ᠠᠵᠢᠯ ᠢ᠋ ᠨᠢᠭᠡ ᠯᠡ ᠤᠳᠠᠭ᠎ᠠ ᠳᠡᠭᠡᠷ᠎ᠡ ᠪᠡᠶᠡᠯᠡᠭᠦᠯᠵᠤ ᠪᠠᠢᠯ᠎ᠠ᠃ ᠣᠶ᠋ᠢᠯᠠᠭᠠᠭᠰᠠᠨ ᠵᠢᠡᠷ᠂ ᠡᠢᠮᠤᠷᠬᠦᠤ ᠲᠤᠮᠤ ᠬᠡᠯᠪᠡᠷᠢ ᠵᠢᠨ ᠮᠠᠰᠢᠨ ᠨᠢ ᠡᠳᠦᠷ ᠪᠦᠷᠢ 1000 — 1500 ᠳᠤᠨ ᠬᠦᠭᠡ ᠳᠠᠷᠤᠰᠢ ᠳᠠᠷᠤᠰᠢᠭᠤᠯᠵᠤ ᠳᠡᠢᠯᠦᠨ᠎ᠡ᠃

ᠡᠨᠡ ᠵᠢᠯ ᠲᠦᠩᠯᠢᠶᠣᠤ ᠬᠣᠲᠠ ᠶ᠋ᠢᠨ ᠲᠠᠷᠤᠰᠢᠭᠤᠯᠬᠤ ᠬᠦᠬᠡ ᠳᠠᠷᠤᠰᠢ ᠶ᠋ᠢᠨ ᠡᠷᠳᠡᠨᠢ ᠰᠢᠰᠢ ᠵᠢᠨ ᠶᠡᠷᠦᠩᠬᠡᠶ ᠬᠡᠮᠵᠢᠶ᠎ᠠ ᠵᠢᠱ᠌ᠢᠯᠲᠡ ᠪᠡᠷ 1500 ᠲᠦᠮᠡᠨ ᠲᠣᠨ ᠢ᠋ ᠲᠠᠪᠠᠵᠤ᠂ ᠮᠠᠰᠢᠨᠴᠢᠯᠠᠯᠲᠠ ᠶ᠋ᠢ ᠤᠯᠠᠮ ᠢᠯᠡᠬᠦᠤ ᠱᠠᠭᠠᠷᠳᠠᠬᠤ ᠪᠤᠯᠵᠠᠢ᠃ ᠵᠠᠷᠤᠳ ᠬᠣᠰᠢᠭᠤᠨ ᠤ᠋ ᠯᠦᠪᠸᠢ ᠪᠠᠯᠭᠠᠰᠤ ᠵᠢᠨ ᠢᠦᠶ ᠫᠤᠤ ᠽᠢ ᠲᠣᠰᠬᠣᠨ ᠤ᠋ ᠬᠥᠬᠡ ᠳᠠᠷᠤᠰᠢ ᠳᠠᠷᠤᠰᠢᠭᠤᠯᠬᠤ ᠠᠵᠢᠯ ᠤ᠋ᠨ ᠲᠤᠬᠠᠶ ᠶ᠋ᠢᠨ ᠲᠠᠯᠠᠪᠠᠶ ᠳ᠋ᠤ᠂ ᠹᠦ᠋ ᠱᠧᠩ ᠲᠠᠷᠢᠶᠠᠯᠠᠩ ᠤ᠋ᠨ ᠮᠠᠰᠢᠨ ᠤ᠋ ᠲᠤᠰᠬᠠᠶ ᠬᠣᠷᠰᠢᠶ᠎ᠠ ᠶ᠋ᠢᠨ ᠰᠢᠨ᠎ᠡ ᠪᠡᠷ ᠣᠷᠣᠭᠤᠯᠤᠭᠰᠠᠨ ᠳᠡᠭᠡᠳᠦ ᠲᠠᠰ ᠤ᠋ᠨ ᠬᠥᠬᠡ ᠲᠠᠷᠤᠰᠢ ᠳᠠᠷᠤᠰᠢᠭᠤᠯᠬᠤ 2 ᠲᠤᠮᠤ ᠮᠠᠰᠢᠨ ᠪᠥᠬᠥ᠌ ᠬᠤᠷᠳᠤᠴᠠ ᠪᠠᠷ ᠠᠵᠢᠯᠯᠠᠵᠤ᠂ ᠮᠦᠬᠦᠯᠢᠭ᠂ ᠡᠰᠢ ᠪᠠ ᠰᠦᠷᠡᠯ ᠢ᠋ ᠲᠦᠢᠯᠪᠦᠷᠢᠲᠠᠢ ᠬᠡᠮᠬᠡᠯᠤᠨ᠂ 30 ᠭᠠᠷᠤᠶ ᠲᠡᠭᠡᠭᠡᠪᠦᠷᠢ ᠶ᠋ᠢᠨ ᠮᠠᠰᠢᠨ ᠢᠵᠢ ᠪᠦᠷᠢᠳᠦᠨ ᠬᠣᠯᠪᠣᠭᠠᠯᠠᠨ ᠬᠥᠳᠡᠯᠦᠯᠴᠡᠵᠦ᠂ᠬᠡᠮᠬᠡᠯᠵᠦ ᠲᠡᠭᠡᠭᠡᠪᠦᠷᠢᠯᠡᠵᠦ ᠳᠠᠷᠤᠰᠢᠭᠤᠯᠬᠤ ᠠᠵᠢᠯ ᠡᠷᠴᠢᠮᠳᠠᠢ ᠶᠠᠪᠤᠭᠳᠠᠨ᠎ᠠ᠃

ᠤᠢᠯᠠᠭᠠᠭᠰᠠᠨ ᠵᠢᠡᠷ᠂ ᠤᠳᠤ ᠮᠠᠨ ᠤ᠋ ᠤᠷᠤᠨ ᠳ᠋ᠦ 9087 ᠲᠠᠷᠢᠶᠠᠯᠠᠩ ᠤ᠋ᠨ ᠮᠠᠰᠢᠨ ᠤ᠋ ᠲᠤᠰᠬᠠᠢ ᠬᠣᠷᠰᠢᠶ᠎ᠠ ᠲᠠᠢ ᠪᠠᠶ᠋ᠢᠵᠤ᠂ ᠵᠢᠯ ᠤ᠋ᠨ ᠦᠢᠯᠡᠴᠢᠯᠡᠭᠡᠨ ᠤ᠋ ᠲᠠᠯᠠᠪᠠᠶ ᠨᠢ 2980 ᠲᠦᠮᠡᠨ ᠮᠥ᠍᠎ᠳᠦ ᠬᠦᠷᠴᠦ᠍᠂ ᠪᠥᠬᠥ᠌ ᠣᠷᠣᠨ ᠤ᠋ ᠨᠡᠶ᠋ᠢᠭᠡᠮᠴᠢᠯᠡᠭᠰᠡᠨ ᠦᠢᠯᠡᠴᠢᠯᠡᠭᠡᠨ ᠤ᠋ ᠲᠠᠯᠠᠪᠠᠶ ᠶ᠋ᠢᠨ 71% ᠵᠢ ᠡᠵᠡᠯᠡᠨ᠂ ᠪᠠᠷᠤᠭ 58.2 ᠲᠦᠮᠡᠨ ᠲᠠᠷᠢᠶᠠᠯᠠᠬᠤ ᠡᠷᠦᠬᠡ᠎ᠳᠦ ᠦᠢᠯᠡᠴᠢᠯᠡᠵᠦ᠂ ᠪᠥᠬᠥ᠌ ᠣᠷᠣᠨ ᠤ᠋ ᠲᠠᠷᠢᠶᠠᠯᠠᠬᠤ ᠡᠷᠦᠬᠡ ᠵᠢᠨ 58.8% ᠵᠢ ᠡᠵᠡᠯᠡᠵᠤ ᠪᠤᠢ᠃ ᠡᠨᠡ ᠬᠦ᠌ ᠦᠢᠯᠡᠴᠢᠯᠡᠬᠡᠨ ᠤ᠋ ᠰᠢᠰᠲ᠋ᠧᠮ ᠤ᠋ᠨ ᠬᠦᠴᠦᠲᠡᠶ ᠲᠤᠯᠭᠠᠭᠤᠷᠢᠯᠠᠯ ᠳᠤᠤᠷ᠎ᠠ᠂ ᠪᠥᠬᠥ᠌ ᠣᠷᠣᠨ ᠤ᠋ ᠥᠷᠭᠡᠨ ᠣᠯᠠᠨ ᠲᠠᠷᠢᠶᠠᠴᠢᠨ ᠲᠤᠩᠭᠠᠯᠠᠭ ᠰᠠᠶ᠋ᠢᠬᠠᠨ ᠴᠠᠭ ᠠᠭᠤᠷ ᠢ᠋ ᠠᠮᠵᠢᠭᠤᠯᠤᠨ ᠨᠠᠮᠤᠷ ᠤ᠋ᠨ ᠬᠤᠷᠢᠶᠠᠯᠲᠠ ᠶ᠋ᠢᠨ ᠠᠵᠢᠯ ᠶ᠋ᠢᠡᠨ ᠪᠥᠬᠥ᠌ ᠬᠦᠴᠦᠨ ᠶ᠋ᠢᠡᠷ ᠶ᠋ᠢᠡᠨ ᠠᠬᠢᠭᠤᠯᠵᠤ ᠪᠠᠢᠨ᠎ᠠ᠃ ᠪᠠᠶᠠᠨᠨᠠᠭᠤᠷ ᠬᠣᠲᠠ ᠡᠷᠳᠡᠨᠢ ᠰᠢᠰᠢ ᠬᠤᠷᠢᠶᠠᠬᠤ 2000 ᠭᠠᠷᠤᠶ ᠮᠠᠰᠢᠨ ᠢ᠋ ᠵᠤᠬᠢᠴᠠᠭᠤᠯᠵᠤ᠂ ᠡᠷᠳᠡᠨᠢ ᠰᠢᠰᠢ ᠶ᠋ᠢᠨ ᠬᠤᠷᠢᠶᠠᠯᠲᠠ ᠶ᠋ᠢᠨ ᠠᠵᠢᠯ ᠶ᠋ᠢᠡᠨ ᠡᠷᠴᠢᠮᠲᠡᠢ ᠶᠠᠪᠤᠭᠳᠠᠭᠤᠯᠤᠨ᠎ᠠ᠃ ᠤᠯᠠᠭᠠᠨᠴᠠᠪ ᠬᠣᠲᠠ ᠶ᠋ᠢᠨ 275 ᠲᠦᠮᠡᠨ ᠮᠥ᠍ ᠡᠷᠳᠡᠨᠢ ᠰᠢᠰᠢ ᠪᠠᠨ ᠪᠦᠬᠦ ᠲᠠᠯ᠎ᠠ ᠪᠡᠷ ᠬᠤᠷᠢᠶᠠᠵᠤ᠂ ᠡᠬᠦᠨ ᠳ᠋ᠤ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ ᠤ᠋ ᠪᠠᠶᠠᠨᠲᠠᠯ᠎ᠠ ᠪᠠᠯᠭᠠᠰᠤ ᠵᠢᠨ ᠬᠢᠨ 10 ᠲᠦᠮᠡᠨ ᠮᠥ᠍ ᠡᠷᠳᠡᠨᠢ ᠰᠢᠰᠢ ᠪᠠᠨ ᠨᠢᠬᠡᠨᠳᠡ ᠬᠤᠷᠢᠶᠠᠵᠤ ᠲᠠᠭᠤᠰᠬᠠᠪᠠ᠃

ᠤᠳᠤ ᠪᠥᠬᠥ᠌ ᠣᠷᠣᠨ ᠤ᠋ ᠨᠠᠮᠤᠷ ᠤ᠋ᠨ ᠬᠤᠷᠢᠶᠠᠯᠲᠠ ᠶ᠋ᠢᠨ ᠠᠵᠢᠯ ᠳ᠋ᠤ ᠤᠷᠤᠯᠴᠠᠵᠤ ᠪᠠᠢᠭ᠎ᠠ ᠦᠢᠯᠡᠴᠢᠯᠡᠭᠡᠨ ᠤ᠋ ᠵᠣᠬᠢᠶᠠᠨ ᠪᠠᠶ᠋ᠢᠭᠤᠯᠤᠯᠲᠠ 1800 ᠰᠢᠬᠠᠮ ᠪᠠᠶ᠋ᠢᠵᠤ᠂ 24.5 ᠲᠦᠮᠡᠨ ᠮᠡᠷᠭᠡᠵᠢᠯ ᠤ᠋ᠨ ᠠᠵᠢᠯᠴᠢᠨ ᠦᠨᠳᠦᠰᠦᠨ ᠱᠠᠳᠤᠨ ᠳ᠋ᠦ ᠭᠦᠨᠵᠡᠭᠡᠶ᠋ᠢᠷᠡᠨ ᠪᠠᠲᠤᠯᠠᠭ᠎ᠠ ᠬᠠᠩᠭᠠᠵᠤ᠂ ᠨᠢᠭᠡᠨᠲᠡ ᠬᠤᠷᠢᠶᠠᠭᠰᠠᠨ ᠡᠷᠳᠡᠨᠢ ᠰᠢᠰᠢ ᠶ᠋ᠢᠨ ᠲᠠᠯᠠᠪᠠᠢ 80 ᠲᠦᠮᠡᠨ ᠮᠥ᠍ ᠬᠦᠷᠪᠡ᠃ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤ᠋ᠨ ᠬᠢᠨ ᠴᠠᠭ ᠠᠭᠤᠷ ᠤ᠋ᠨ ᠪᠠᠶ᠋ᠢᠳᠠᠯ ᠪᠣᠯᠤᠨ ᠲᠠᠷᠢᠮᠠᠯ ᠤ᠋ᠨ ᠪᠣᠯᠪᠠᠰᠤᠷᠠᠬᠤ ᠠᠬᠢᠴᠠ᠎ᠶᠢ ᠴᠢᠩᠭ᠎ᠠ ᠠᠩᠬᠠᠷᠴᠤ᠌᠂ ᠨᠠᠮᠤᠷ ᠤ᠋ᠨ ᠠᠮᠤ ᠪᠤᠳᠠᠭ᠎ᠠ ᠵᠢ ᠬᠥᠮᠥᠷᠭᠡ ᠳ᠋ᠦ ᠣᠷᠣᠭᠤᠯᠬᠤ ᠵᠢ ᠪᠦᠬᠦ᠌ ᠬᠦᠴᠦᠨ ᠶ᠋ᠢᠡᠷ ᠶ᠋ᠢᠡᠨ ᠳᠡᠮᠵᠢᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面