2026-10-29 20:27:42
ᠣᠢᠷ᠎ᠠ᠎ᠶᠢᠨ ᠵᠢᠯ᠎ᠡᠴᠡ ᠪᠠᠭᠠᠷᠢᠨ ᠵᠡᠭᠦᠨ ᠬᠣᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩᠦᠢᠯᠡᠳᠪᠦᠷᠢᠯᠡᠯᠦᠨ ᠨᠥᠬᠥᠴᠡᠯ᠎ᠢ ᠰᠠᠢᠵᠢᠷᠠᠭᠤᠯᠬᠤ᠎ᠶᠢᠨ ᠬᠠᠮᠲᠤ ᠪᠦᠲᠦᠭᠡᠨ ᠪᠠᠢᠭᠤᠯᠤᠭᠰᠠᠨ᠎ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ᠎ᠶᠢ ᠴᠢᠬᠤᠯᠠᠴᠢᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 《 ᠪᠦᠲᠦᠭᠡᠨ ᠪᠠᠢᠭᠤᠯᠵᠤ ᠡᠬᠢᠯᠡᠭᠰᠡᠨ》 ᠡᠴᠡ 《ᠰᠠᠢᠲᠤᠷ ᠬᠠᠮᠢᠶᠠᠷᠤᠨ᠂ ᠰᠠᠢᠲᠤᠷ ᠠᠰᠢᠬᠯᠠᠬᠤ》 ᠲᠡᠢᠰᠢ ᠬᠤᠪᠢᠷᠠᠭᠤᠯᠬᠤ᠎ᠶᠢ ᠠᠬᠢᠭᠤᠯᠵᠤ᠂ ᠠᠮᠤ ᠪᠤᠳᠠᠭᠠᠨ᠎ᠤ ᠤᠨᠠᠯᠲᠠ᠎ᠶᠢ ᠲᠣᠭᠲᠠᠭᠤᠨ᠎ᠢᠶᠡᠷ ᠨᠡᠮᠡᠭᠳᠡᠭᠦᠯᠬᠦ᠎ᠳᠦ ᠪᠠᠲᠤ ᠰᠠᠭᠤᠷᠢ ᠲᠠᠯᠪᠢᠵᠠᠢ᠃
ᠰᠤᠷᠪᠤᠯᠵᠢᠯᠠᠭᠴᠢ ᠲᠦᠷᠦᠭᠦᠬᠡᠨ ᠪᠢᠯᠡᠬᠦᠳᠡᠢ ᠪᠠᠯᠭᠠᠰᠤᠨ᠎ᠤ ᠡᠯ ᠪᠠ ᠳᠢ ᠲᠣᠰᠬᠣᠨ᠎ᠳᠤ ᠬᠦᠷᠬᠦ᠎ᠳ᠋ᠤ᠂ᠲᠠᠷᠢᠶᠠᠨ ᠭᠠᠵᠠᠷ᠎ᠢ ᠲᠡᠭᠰᠢᠯᠡᠵᠦ᠂ ᠮᠠᠰᠢᠨ᠎ᠢᠶᠠᠷ ᠲᠠᠷᠢᠶᠠᠯᠠᠬᠤ ᠵᠠᠮ᠎ᠢ ᠲᠠᠷᠢᠶᠠᠨ ᠵᠠᠬ᠎ᠠ᠎ᠳ᠋ᠤ ᠰᠢᠭᠤᠳ ᠨᠠᠪᠲᠠᠷᠡᠭᠦᠯᠵᠦ᠂ ᠤᠰᠤᠯᠠᠯᠲᠠ᠎ᠶᠢᠨ ᠬᠣᠭᠣᠯᠠᠢ ᠲᠣᠣᠷ᠂ ᠴᠠᠬᠢᠯᠭᠠᠨ ᠬᠦᠴᠦᠨ᠎ᠦ ᠲᠥᠬᠦᠭᠡᠷᠦᠮᠵᠢ᠎ᠶᠢ ᠢᠵᠢ ᠲᠦᠬᠦᠷᠵᠢᠬᠦᠯᠦᠭᠰᠡᠨ ᠪᠠᠢᠯ᠎ᠠ᠃ ᠡᠯ ᠪᠠ ᠳᠢ ᠲᠣᠰᠬᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 1243 ᠲᠦᠮᠡᠨ ᠲᠥᠭᠥᠷᠢᠭ᠎ᠲᠤ᠌ ᠬᠦᠷᠴᠦ᠂ 10580 ᠮᠦ᠍ ᠭᠠᠵᠠᠷ ᠰᠢᠷᠣᠢ᠎ᠶᠢ ᠥᠭᠡᠷᠡᠴᠢᠯᠡᠨ ᠰᠠᠢᠵᠢᠷᠠᠭᠤᠯᠵᠤ᠂ ᠲᠠᠷᠢᠶᠠᠨ ᠭᠠᠵᠠᠷ᠎ᠤᠨ ᠵᠠᠮ᠂ ᠲᠠᠷᠢᠶᠠᠨ ᠭᠠᠵᠠᠷ ᠤᠨ ᠴᠠᠬᠢᠯᠭᠠᠨ ᠬᠦᠴᠦᠨ ᠵᠡᠷᠭᠡ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠪᠡ᠃ ᠰᠢᠰᠲᠧᠮ᠎ᠲᠠᠢ ᠥᠭᠡᠷᠡᠴᠢᠯᠡᠨ ᠰᠠᠢᠵᠢᠷᠠᠭᠤᠯᠬᠤ᠎ᠪᠠᠷ ᠳᠡᠮᠵᠢᠵᠤ᠂ ᠪᠥᠬᠥ ᠬᠣᠰᠢᠭᠤᠨ᠎ᠤ ᠡᠯ᠎ᠡ ᠲᠥᠷᠥᠯ ᠵᠦᠢᠯ᠎ᠦᠨ ᠳᠤᠭᠤᠷᠢᠭ ᠲᠤ᠌ 《ᠲᠠᠷᠢᠶᠠᠨ ᠭᠠᠵᠠᠷ᠎ᠢ ᠲᠡᠭᠰᠢᠯᠡᠬᠦ᠂ ᠵᠠᠮ ᠨᠡᠪᠲᠡᠷᠡᠭᠦᠯᠬᠦ᠂ ᠭᠠᠩ ᠬᠠᠭᠰᠠᠷᠠᠭᠠᠨᠳᠤᠤᠰᠤᠯᠠᠬᠤ᠂ ᠴᠠᠬᠢᠯᠭᠠᠨ᠎ᠢ ᠢᠵᠢ ᠲᠦᠬᠦᠷᠵᠢᠬᠦᠯᠬᠦ》 ᠪᠦᠲᠦᠭᠡᠨ ᠪᠠᠢᠭᠤᠯᠤᠯᠲᠠ᠎ᠶᠢᠨ ᠬᠠᠷᠠᠯᠲᠠ᠎ᠶᠢ ᠪᠦᠬᠦᠨ᠎ᠢ ᠪᠡᠶᠡᠯᠡᠭᠦᠯᠵᠦ᠂ ᠲᠠᠷᠢᠶᠠᠯᠠᠭ᠎ᠠ ᠵᠢᠨ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠠᠢ᠃
ᠠᠷᠪᠠᠨ ᠭᠤᠷᠪᠠᠨ ᠣᠪᠣᠭ᠎ᠠ ᠪᠠᠯᠭᠠᠰᠤᠨ᠎ᠤ ᠵᠢᠶᠸ ᠹᠠᠩ ᠲᠣᠰᠬᠣᠨ᠎ᠳᠤ ᠬᠡᠷᠡᠭᠵᠢᠭᠦᠯᠦᠭᠰᠡᠨ 6146 ᠮᠦ᠍᠎ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠥᠭᠡᠷᠡᠴᠢᠯᠡᠨ ᠰᠠᠢᠵᠢᠷᠠᠭᠤᠯᠬᠤ ᠲᠦᠷᠦᠯ ᠵᠦᠢᠯ ᠵᠢᠡᠷ ᠳᠠᠮᠵᠢᠨ᠂ ᠥᠩᠭᠡᠷᠡᠭᠰᠡᠨ᠎ᠦ ᠠᠰᠠᠭᠤᠳᠠᠯ ᠭᠠᠷᠳᠠᠭ ᠲᠠᠷᠢᠶᠠᠨ ᠭᠠᠵᠠᠷᠴᠤ᠋ ᠰᠢᠨ᠎ᠡ ᠪᠤᠯᠵᠤ ᠬᠤᠪᠢᠷᠠᠵᠠᠢ᠃ ᠲᠤᠬᠠᠢ᠎ᠶᠢᠨ ᠭᠠᠵᠠᠷ᠎ᠦᠨ ᠬᠢᠨ ᠲᠠᠷᠢᠶᠠᠨ ᠭᠠᠵᠠᠷ᠎ᠢ ᠴᠡᠭᠴᠡᠯᠡᠨ ᠵᠠᠰᠠᠬᠤ᠂ ᠤᠰᠤ ᠠᠷᠪᠢᠯᠠᠬᠤ ᠤᠰᠤᠯᠠᠯᠲᠠ ᠵᠢᠴᠢ ᠲᠠᠷᠢᠶᠠᠨ ᠭᠠᠵᠠᠷ᠂ ᠵᠠᠮ᠂ ᠣᠶ ᠰᠢᠭᠤᠢ᠂ ᠴᠠᠬᠢᠯᠭᠠᠨ ᠬᠦᠴᠤᠨᠵᠡᠷᠭᠡ ᠵᠢ ᠶᠡᠷᠦᠩᠬᠡᠢᠯᠡᠨ ᠲᠥᠬᠥᠷᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠢᠶᠠᠯᠠᠩᠦᠢᠯᠡᠳᠪᠦᠷᠢᠯᠡᠯᠦᠨ ᠨᠥᠬᠥᠴᠡᠯ᠎ᠢ ᠤᠯᠠᠮ ᠴᠢᠨᠠᠭᠰᠢᠳᠠ ᠰᠠᠢᠵᠢᠷᠠᠭᠤᠯᠤᠭᠰᠠᠨ ᠪᠠᠢᠨ᠎ᠠ᠃ ᠵᠢᠶᠸ ᠹᠠᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠸᠠᠩ ᠵᠠᠨ ᠸᠧᠢ᠄ 《ᠥᠭᠡᠷᠡᠴᠢᠯᠡᠨ ᠰᠠᠢᠵᠢᠷᠠᠭᠤᠯᠬᠤ᠎ᠪᠡᠷ ᠳᠡᠮᠵᠢᠵᠤ᠂ ᠲᠠᠷᠢᠶᠠᠨ ᠭᠠᠵᠠᠷ᠎ᠢ ᠬᠡᠪᠴᠢᠶᠡᠵᠢᠭᠦᠯᠦᠨ ᠡᠵᠡᠩᠨᠡᠬᠦ᠎ᠳᠦ ᠨᠠᠩ ᠲᠣᠬᠢᠷᠠᠮᠵᠢᠲᠠᠢ ᠪᠤᠯᠭᠠᠵᠤ᠂ ᠣᠯᠠᠨ ᠲᠦᠮᠡᠨ᠎ᠤ ᠳᠠᠷᠢᠶᠠᠯᠠᠩ ᠤᠢᠯᠡᠳᠪᠤᠷᠢᠯᠡᠯ᠎ᠳ᠋ᠤ ᠤᠷᠤᠭᠤᠯᠬᠤ ᠴᠠᠭ ᠪᠠ ᠬᠦᠳᠡᠯᠮᠦᠷᠢ ᠬᠦᠴᠦ ᠵᠢ ᠠᠷᠪᠢᠯᠠᠵᠤ᠂ ᠠᠮᠤ ᠪᠤᠳᠠᠭᠠᠨ᠎ᠤ ᠤᠨᠠᠯᠲᠠ ᠲᠣᠭᠲᠠᠭᠤᠨ᠎ᠢᠶᠠᠷ ᠨᠡᠮᠡᠭᠳᠡᠵᠡᠢ》 ᠬᠡᠵᠦ ᠰᠤᠷᠪᠤᠯᠵᠢᠯᠠᠭᠴᠢ᠎ᠳᠤ ᠲᠠᠨᠢᠯᠴᠠᠭᠤᠯᠪᠠ᠃ ᠢᠵᠢ ᠪᠦᠷᠢᠨ ᠰᠠᠭᠤᠷᠢ ᠲᠥᠬᠦᠭᠡᠷᠦᠮᠵᠢ ᠂ ᠵᠢᠷᠤᠮᠵᠢᠭ᠍ᠰᠠᠨ ᠬᠠᠮᠢᠶᠠᠷᠴᠤ ᠬᠠᠮᠠᠭᠠᠯᠠᠬᠤ ᠵᠠᠭᠪᠤᠷ ᠲᠤ᠌ ᠳᠦᠰᠢᠭᠯᠡᠵᠤ᠂ ᠵᠢᠶᠸ ᠹᠠᠩ ᠲᠣᠰᠬᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠤᠷᠮᠠᠰᠢᠭᠤᠯᠤᠯ᠎ᠤᠨ ᠲᠣᠰᠬᠣᠨ᠎ᠢᠶᠠᠷ ᠦᠨᠡᠯᠡᠭᠳᠡᠪᠡ᠃ ᠪᠠᠭᠠᠷᠢᠨ ᠵᠡᠭᠦᠨ ᠬᠣᠰᠢᠭᠤ ᠨᠡᠢᠲᠡᠯᠢᠭ ᠵᠢᠱ᠌ᠢᠶ᠎ᠡ ᠦᠵᠡᠭᠦᠯᠬᠦ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠡᠭ᠎ᠢᠶᠡᠷ ᠨᠡᠢᠳᠡᠮ᠎ᠢ ᠳᠠᠶ᠋ᠢᠴᠢᠯᠠᠨ᠂ ᠰᠠᠢᠨ ᠲᠤᠷᠰᠢᠯᠭ᠎ᠠ᠂ ᠰᠠᠢᠨ ᠠᠷᠭ᠎ᠠ ᠬᠢᠳᠡᠯ᠎ᠢ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠶᠠᠰᠤ ᠴᠢᠨᠠᠷ ᠪᠠ ᠬᠠᠮᠢᠶᠠᠷᠴᠤ ᠬᠠᠮᠠᠭᠠᠯᠠᠬᠤ ᠲᠦᠪᠰᠢᠨ᠎ᠢ ᠪᠦᠬᠦᠯᠢ ᠴᠣᠭᠴᠠ᠎ᠪᠠᠷ ᠨᠢ ᠳᠡᠭᠡᠭᠰᠢᠯᠡᠭᠦᠯᠬᠦ᠎ᠶᠢ ᠠᠬᠢᠭᠤᠯᠵᠠᠢ᠃
ᠹᠦ ᠾᠧ ᠪᠠᠯᠭᠠᠰᠤᠨ᠎ᠤ ᠱᠠ ᠨᠠ ᠲᠣᠰᠬᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠡᠮᠦᠨᠡᠬᠢ ᠬᠤᠭᠤᠴᠠᠭᠠᠨ᠎ᠤ ᠲᠥᠯᠦᠪᠵᠢᠭᠦᠯᠭᠡ᠎ᠡᠴᠡ ᠲᠤᠬᠠᠢ ᠵᠢᠨ ᠳᠠᠯᠠᠪᠠᠢ ᠵᠢᠨ ᠪᠠᠷᠢᠯᠭ᠎ᠠ᠎ᠶᠢᠨ ᠠᠵᠢᠯ ᠶᠠᠪᠤᠭᠳᠠᠬᠤ ᠬᠦᠷᠲᠡᠯ᠎ᠡ᠂ ᠲᠣᠰᠬᠣᠨ᠎ᠤ ᠠᠷᠠᠳ᠎ᠤᠨ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠬᠤᠷᠢᠶᠠᠵᠤ᠂ ᠲᠥᠷᠥᠯ ᠵᠦᠢᠯ᠎ᠦᠨ ᠪᠠᠷᠢᠯᠭ᠎ᠠ ᠳᠠᠭᠤᠰᠤᠭᠰᠠᠨ᠎ᠤ ᠳᠠᠷᠠᠭ᠎ᠠ ᠲᠣᠰᠬᠣᠨ᠎ᠤ ᠠᠷᠠᠳ᠎ᠤᠨ ᠲᠥᠯᠥᠭᠡᠯᠡᠭᠴᠢ᠎ᠶᠢ ᠡᠳᠦᠷ ᠲᠤᠲᠤᠮ᠎ᠤᠨ ᠬᠠᠮᠢᠶᠠᠷᠴᠤ ᠬᠠᠮᠠᠭᠠᠯᠠᠬᠤ ᠠᠵᠢᠯ᠎ᠳᠤ ᠣᠷᠣᠯᠴᠠᠭᠤᠯᠪᠠ᠃ ᠲᠤᠬᠠᠢ᠎ᠶᠢᠨ ᠭᠠᠵᠠᠷ ᠦᠨ ᠬᠢᠨ《ᠤᠯᠠᠨ ᠲᠦᠮᠡᠨ ᠵᠠᠬᠢᠶᠠᠯᠠᠭ᠎ᠠ ᠠᠪᠬᠤ᠂ ᠰᠠᠯᠠᠭ᠎ᠠ ᠮᠥᠴᠢᠷ ᠵᠠᠬᠢᠶᠠᠯᠠᠭ᠎ᠠ ᠵᠢ ᠬᠤᠪᠢᠶᠠᠷᠢᠯᠠᠬᠤ᠂ ᠪᠠᠷᠢᠯᠭ᠎ᠠ᠎ᠶᠢᠨ ᠲᠠᠯ᠎ᠠ᠎ᠶᠢᠨ ᠬᠢᠨ ᠵᠠᠬᠢᠶᠠᠯᠠᠭ᠎ᠠ ᠬᠦᠯᠢᠶᠡᠬᠦ᠂ ᠤᠯᠠᠨ ᠲᠦᠮᠡᠨ ᠵᠠᠬᠢᠶᠠᠯᠠᠭ᠎ᠠ ᠵᠢ ᠦᠨᠡᠯᠡᠨᠳ᠋ᠦᠩᠨᠡᠬᠦ》 ᠪᠢᠲᠡᠭᠦᠮᠵᠢ᠎ᠳᠦ ᠠᠵᠢᠯ᠎ᠤᠨ ᠲᠣᠭᠲᠠᠴᠠ᠎ᠶᠢᠨ ᠰᠢᠨ᠎ᠡ᠎ᠶᠢ ᠡᠭᠦᠳᠦᠨ ᠬᠡᠷᠡᠭᠵᠢᠭᠦᠯᠵᠦ᠂ ᠲᠠᠷᠢᠶᠠᠯᠠᠩ ᠦᠢᠯᠡᠳᠪᠦᠷᠢᠯᠡᠯ᠎ᠦᠨ ᠪᠣᠳᠠᠲᠠᠢ ᠬᠡᠷᠡᠭᠴᠡᠭᠡ᠎ᠶᠢ ᠣᠨᠣᠪᠴᠢᠲᠠᠢ ᠵᠤᠯᠭᠠᠭᠤᠯᠵᠤ ᠂ ᠲᠦᠷᠦᠯ ᠵᠦᠢᠯ᠎ᠢ ᠤᠯᠠᠨ ᠲᠦᠮᠡᠨ᠎ᠦ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠬᠡᠷᠡᠭᠵᠢᠭᠦᠯᠦᠭᠰᠡᠨ ᠪᠠᠢᠨ᠎ᠠ᠃ ᠡᠨᠡ ᠬᠦ᠌ ᠪᠦᠷᠢᠨ ᠪᠦᠲᠦᠨ ᠪᠢᠲᠡᠭᠦᠮᠵᠢ᠎ᠳᠦ ᠠᠵᠢᠯ᠎ᠤᠨ ᠵᠠᠭᠪᠤᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠨᠡᠨ ᠬᠦ᠌ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠂ ᠣᠷᠣᠯᠭ᠎ᠠ᠎ᠶᠢ ᠨᠡᠮᠡᠭᠳᠡᠭᠦᠯᠬᠦ 《ᠬᠠᠨᠤᠮᠵᠢᠲᠠᠶ ᠲᠠᠷᠢᠶᠠᠨ ᠭᠠᠵᠠᠷ》 ᠂ 《 ᠪᠠᠶᠠᠵᠢᠯ᠎ᠤᠨ ᠲᠠᠷᠢᠶᠠᠨ ᠭᠠᠵᠠᠷ》 ᠪᠣᠯᠭᠠᠨ ᠬᠤᠪᠢᠷᠠᠭᠤᠯᠪᠠ᠃
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ ᠪᠣᠯ ᠡᠴᠦᠰ᠎ᠦᠨ ᠴᠡᠭ ᠪᠢᠰᠢ᠂ ᠤᠷᠲᠤ ᠬᠤᠭᠤᠴᠠᠭ᠎ᠠ ᠪᠦᠲᠦᠮᠵᠢᠲᠡᠶ ᠬᠠᠮᠢᠶᠠᠷᠴᠤ ᠬᠠᠮᠠᠭᠠᠯᠠᠪᠠᠯ ᠰᠠᠶᠢ ᠦᠷ᠎ᠡ ᠠᠰᠢᠭ᠋᠎ᠢ ᠦᠷᠭᠦᠯᠵᠢᠯᠡᠨ ᠪᠠᠲᠤᠯᠠᠵᠤ ᠳᠡᠢᠯᠦᠨ᠎ᠡ᠃ ᠬᠠᠷᠠᠬᠠᠳᠠ ᠪᠠᠯᠭᠠᠰᠤᠨ᠎ᠤ ᠰᠢᠶᠣᠣ ᠴᠧᠩᠽᠢ ᠲᠣᠰᠬᠣᠨ ᠪᠣᠷᠣᠭᠠᠨ᠎ᠠᠴᠠ ᠪᠣᠯᠵᠤ ᠤᠰᠤᠨ ᠬᠣᠭᠣᠯᠠᠢ᠎ᠵᠢᠨ ᠲᠣᠣᠷ ᠴᠥᠮᠥᠷᠡᠭᠰᠡᠨ᠂ ᠵᠠᠮ ᠳᠤᠷᠤᠭᠰᠢ ᠰᠠᠭᠤᠭᠰᠠᠨ ᠵᠡᠷᠭᠡ ᠠᠰᠠᠭᠤᠳᠠᠯ᠎ᠳᠤ ᠴᠢᠭᠯᠡᠭᠦᠯᠵᠤ᠂ ᠲᠤᠬᠠᠢ᠎ᠶᠢᠨ ᠭᠠᠵᠠᠷ᠎ᠤᠨ ᠵᠣᠬᠢᠶᠠᠨ ᠪᠠᠶ᠋ᠢᠭᠤᠯᠬᠤ ᠠᠵᠢᠯ᠎ᠤᠨ ᠲᠤᠰᠬᠠᠢ ᠠᠩᠭᠢ ᠵᠢᠭ᠍ᠰᠠᠭᠠᠨ ᠪᠠᠢᠴᠠᠭᠠᠵᠤ᠂ 《 ᠨᠢᠭᠡ ᠠᠰᠠᠭᠤᠳᠠᠯ᠎ᠳᠤ ᠨᠢᠭᠡ ᠲᠥᠰᠥᠯ》 ᠬᠡᠷᠡᠭᠵᠢᠭᠦᠯᠦᠨ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ᠎ᠤᠨ ᠬᠢᠵᠠᠭᠠᠷ᠎ᠢ ᠲᠦᠷᠦᠯ ᠳᠠᠷᠠᠭᠠᠯᠠᠨ ᠲᠣᠳᠣᠷᠬᠠᠢᠯᠠᠵᠤ᠂ ᠠᠰᠠᠭᠤᠳᠠᠯ᠎ᠢ ᠪᠢᠲᠡᠭᠦᠮᠵᠢᠯᠡᠨ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠪᠠ᠃ ᠡᠭᠦᠨ᠎ᠦ ᠬᠠᠮᠲᠤ ᠨᠢᠭᠡ᠎ᠡᠴᠡ ᠨᠥᠭᠥᠭᠡ᠎ᠶᠢ ᠵᠤᠢᠴᠢᠯᠠᠨ ᠮᠡᠳᠡᠵᠦ᠂ 《ᠡᠷᠬᠢᠨ ᠬᠠᠷᠠᠬᠤ》 ᠠᠵᠢᠯᠯᠠᠭ᠎ᠠ ᠥᠷᠨᠢᠭᠦᠯᠵᠤ᠂ ᠬᠠᠮᠢᠶᠠᠷᠴᠤ ᠬᠠᠮᠠᠭᠠᠯᠠᠬᠤ ᠳᠤᠲᠠᠭᠤᠳᠠᠯ ᠢ ᠨᠥᠬᠥᠪᠦᠷᠢᠯᠡᠵᠦ᠂ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠳᠦᠮᠵᠢ ᠵᠢ ᠦᠨᠡᠨ ᠬᠦ᠌ ᠰᠠᠢᠲᠤᠷ ᠰᠠᠬᠢᠨ ᠬᠠᠮᠠᠭᠠᠯᠠᠵᠠᠢ᠃ 2019 ᠣᠨ᠎ᠠᠴᠠ 2025 ᠣᠨ ᠪᠣᠯᠲᠠᠯ᠎ᠠ᠂ ᠪᠠᠭᠠᠷᠢᠨ ᠵᠡᠭᠦᠨ ᠬᠣᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠶ᠋ᠢᠲᠡ 60.35 ᠲᠦᠮᠡᠨ ᠮᠦ᠍ ᠪᠦᠲᠦᠭᠡᠨ ᠪᠠᠢᠭᠤᠯᠪᠠ᠃ ᠡᠭᠦᠨ᠎ᠳᠦ 52.71 ᠲᠦᠮᠡᠨ ᠮᠦ᠍᠎ᠶᠢ ᠰᠢᠨ᠎ᠡ᠎ᠪᠡᠷ ᠪᠦᠲᠦᠭᠡᠨ ᠪᠠᠢᠭᠤᠯᠵᠤ᠂ 8 ᠲᠦᠮᠡᠨ ᠮᠦ᠍᠎ᠶᠢ ᠥᠭᠡᠷᠡᠴᠢᠯᠡᠨ ᠰᠠᠢᠵᠢᠷᠠᠭᠤᠯᠵᠤ᠂ ᠲᠠᠷᠢᠶᠠᠨ ᠭᠠᠵᠠᠷ᠎ᠤᠨ ᠰᠠᠭᠤᠷᠢ ᠲᠦᠬᠦᠬᠡᠷᠤᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠠᠷᠢᠶᠠᠯᠠᠩ᠎ᠤᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠲᠠᠰᠤᠷᠠᠯᠲᠠ ᠦᠭᠡᠢ ᠴᠢᠩᠭᠠᠳᠬᠠᠪᠠ᠃
ᠪᠠᠭᠠᠷᠢᠨ ᠵᠡᠭᠦᠨ ᠬᠣᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ《 ᠡᠷᠬᠢᠨ ᠬᠠᠷᠠᠬᠤ 》 ᠲᠤᠰᠬᠠᠢ ᠠᠵᠢᠯᠯᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠪᠦᠲᠦᠭᠡᠨ ᠪᠠᠢᠭᠤᠯᠤᠭᠰᠠᠨ᠎ᠤ ᠳᠠᠷᠠᠭᠠᠬᠢ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠢ 《ᠥᠨᠳᠥᠷ ᠤᠨᠠᠯᠲᠠ᠎ᠲᠠᠢ ᠲᠠᠷᠢᠶᠠᠨ ᠭᠠᠵᠠᠷ》᠂ 《 ᠪᠠᠶᠠᠵᠢᠯ᠎ᠤᠨ ᠲᠠᠷᠢᠶᠠᠨ ᠭᠠᠵᠠᠷ》 ᠪᠣᠯᠭᠠᠨ ᠬᠤᠪᠢᠷᠠᠭᠤᠯᠵᠤ᠂ ᠠᠮᠤ ᠪᠤᠳᠠᠭᠠᠨ᠎ᠤ ᠠᠮᠤᠷ ᠲᠦᠪᠰᠢᠨ ᠪᠠ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠵᠢᠨ ᠰᠠᠭᠤᠷᠢ᠎ᠶᠢ ᠪᠡᠬᠢᠵᠢᠭᠦᠯᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃