ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-11-04 11:20:48

ᠵᠣᠬᠢᠶᠠᠭ᠍ᠴᠢ᠄ ᠬᠠᠢ ᠵᠢᠶᠦ᠋ᠨ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠰᠤᠷᠪᠤᠯᠵᠢᠯᠠᠭᠴᠢ ᠵᠢᠨᠢᠩ ᠪᠣᠭᠣᠮᠲᠠ᠎ᠠᠴᠠ ᠣᠶ᠋ᠢᠯᠠᠭᠠᠭᠰᠠᠨ᠎ᠢᠶᠠᠷ᠂ 2026 ᠣᠨ᠎ᠤ ᠲᠦᠷᠦᠭᠦᠦ ᠭᠤᠷᠪᠠᠨ ᠤᠯᠠᠷᠢᠯ᠎ᠳᠤ ᠤᠯᠠᠭᠠᠨᠴᠠᠪ ᠬᠤᠳᠠ᠎ᠶᠢᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ᠎ᠦ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠬᠡᠮᠵᠢᠶ᠎ᠡ 11.3 ᠲᠦᠮᠡᠨ ᠲᠣᠨ᠂ ᠪᠠᠷᠠᠭᠠᠨ᠎ᠤ ᠦᠷᠳᠡᠭ 9.96 ᠳ᠋ᠦᠩᠰᠢᠭᠤᠷ ᠲᠥᠭᠥᠷᠢᠭ᠎ᠲᠦ᠍ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 33.57% ᠪᠠ 25.76% ᠨᠡᠮᠡᠭᠳᠡᠵᠦ᠍᠂ ᠲᠠᠪᠤᠨ ᠵᠢᠯ ᠳᠠᠷᠠᠭᠠᠯᠠᠨ ᠲᠣᠭᠲᠠᠭᠤᠨ᠎ᠢᠶᠠᠷ ᠨᠡᠮᠡᠭᠳᠡᠵᠡᠢ᠃

ᠡᠨᠡ ᠬᠦ᠌ ᠨᠡᠮᠡᠭᠳᠡᠯ ᠤ᠋ᠨ ᠠᠷᠤ᠎ᠳᠤ ᠵᠢᠨᠢᠩ ᠪᠣᠭᠣᠮᠲᠠ ᠮᠡᠳᠡᠭᠡ ᠵᠠᠩᠭᠢᠵᠢᠯᠲᠠ᠎ᠶᠢᠨ ᠠᠷᠭ᠎ᠠ ᠪᠠᠷᠢᠯ᠎ᠢᠶᠠᠷ ᠡᠳᠦᠷ ᠳᠤᠳᠤᠮ ᠤ᠋ᠨ ᠬᠢᠨᠠᠨ ᠬᠠᠮᠢᠶᠠᠷᠬᠤ ᠦᠢᠯᠡᠴᠢᠯᠡᠭᠡ ᠬᠠᠡᠭᠭᠠᠨ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠌᠎ᠡᠴᠡ ᠪᠣᠭᠣᠮᠲᠠ᠎ᠪᠠᠷ ᠥᠩᠭᠡᠷᠡᠬᠦ᠌ ᠬᠤᠷᠳᠤᠴᠠ᠎ᠶᠢ ᠲᠦᠷᠭᠡᠳᠬᠡᠬᠦ᠌ ᠬᠦᠷᠲᠡᠯ᠎ᠡ᠂ ᠳᠠᠬᠢᠭᠠᠳ ᠵᠠᠬ᠎ᠠ ᠳᠡᠯᠭᠡᠭᠦᠷ᠎ᠢ ᠥᠷᠭᠡᠳᠬᠡᠬᠦ᠌ ᠪᠦᠬᠦ᠌ ᠬᠡᠯᠬᠢᠶᠡᠠ᠎ᠳᠦ ᠬᠦᠴᠦᠯᠡᠬᠦ ᠬᠦᠷᠳᠡᠯ᠎ᠠ ᠬᠦᠴᠦᠨ ᠨᠡᠮᠡᠷᠢᠯᠡᠭᠰᠡᠨ ᠶᠠᠪᠤᠳᠠᠯ ᠨᠢᠭᠤᠬᠳᠠᠵᠥ ᠪᠠᠢᠨ᠎ᠠ᠃

ᠤᠯᠠᠭᠠᠨᠴᠠᠪ᠎ᠬᠤᠲᠠ ᠥᠪᠥᠷ ᠮᠣᠩᠭᠣᠯ᠎ᠤᠨ ᠳᠤᠮᠳᠠ ᠬᠡᠰᠡᠭ᠎ᠲᠦ᠍ ᠪᠠᠢᠷᠢᠰᠢᠨ᠂ ᠮᠠᠯ ᠠᠵᠤ ᠠᠬᠤᠶ᠎ᠲᠠᠷᠢᠶᠠᠯᠠᠩ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠶ ᠪᠠᠶ᠋ᠢᠵᠤ᠂ ᠶᠤᠤᠮᠠᠶ᠎ᠶᠢᠨ ᠭᠤᠯᠢᠷ᠂ ᠲᠥᠮᠥᠰᠥ᠍᠂ ᠦᠬᠡᠷ ᠬᠣᠨᠢᠨ ᠮᠢᠬ᠎ᠠ ᠵᠡᠷᠭᠡ ᠴᠢᠨᠠᠷ ᠰᠠᠢᠲᠠᠢ ᠣᠨᠴᠠᠯᠢᠭᠲᠤ᠌ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ᠎ᠲᠠᠢ᠃ ᠭᠡᠲᠡᠯ᠎ᠡ᠂ ᠶᠠᠫᠣᠨ᠂ ᠺᠣᠷᠢᠶᠠ᠂ ᠧᠦ᠋ᠷᠣᠫᠠ᠂ ᠠᠮᠧᠷᠢᠺᠠ ᠵᠡᠷᠭᠡ ᠤᠯᠤᠰ᠎ᠤᠨ ᠭᠠᠳᠠᠭᠠᠳᠤ᠎ᠵᠢᠨ ᠵᠠᠬ᠎ᠠ ᠳᠡᠯᠭᠡᠭᠦᠷ᠎ᠦᠨ ᠮᠡᠷᠭᠡᠵᠢᠯ᠎ᠦᠨ ᠬᠠᠤᠯᠢ ᠲᠦᠷᠢᠮ ᠪᠣᠯᠤᠨ ᠵᠠᠬ᠎ᠠ ᠳᠡᠯᠭᠡᠭᠦᠷ᠎ᠲᠦ᠍ ᠣᠷᠣᠬᠤ᠎ᠶᠢ ᠵᠥᠪᠰᠢᠶᠡᠷᠡᠬᠦ᠌ ᠪᠠᠷᠢᠮᠵᠢᠶ᠎ᠠ᠎ᠡᠴᠡ ᠰᠢᠯᠲᠠᠭᠠᠯᠠᠭᠳᠠᠵᠤ᠂ ᠠᠷᠪᠢᠨ ᠠᠵᠤ ᠠᠬᠤᠶ᠋ᠢᠯᠠᠯ ᠭᠠᠳᠠᠭᠠᠳᠤ ᠳ᠋ᠤ ᠭᠠᠷᠭᠠᠬᠤ ᠰᠠᠨᠠᠭ᠎ᠠ ᠪᠠᠢᠪᠠᠴᠤ ᠤᠨᠤᠭ᠎ᠠ ᠬᠦᠷᠬᠦ ᠦᠭᠡᠢ ᠤᠷᠳᠤ ᠬᠤᠭᠤᠴᠠᠭ᠎ᠠ ᠤᠬᠤᠷᠢᠨ ᠰᠠᠭᠤᠵᠤ ᠪᠠᠢᠵᠠᠢ᠃《ᠰᠠᠢ᠌ᠨ ᠪᠦᠲᠦᠭᠡᠭᠳᠡᠭᠦᠨ᠎ᠳᠦ ᠵᠠᠬ᠎ᠠ ᠳᠡᠯᠭᠡᠭᠦᠷ ᠳᠤᠲᠠᠬᠤ ᠦᠭᠡᠢ᠂ ᠬᠠᠷᠢᠨ ᠭᠠᠳᠠᠭᠠᠳᠤ ᠳ᠋ᠤ ᠭᠠᠷᠭᠠᠬᠤ ᠢᠳᠡ ᠬᠦᠴᠦᠨ ᠪᠠ ᠠᠷᠭ᠎ᠠ ᠵᠠᠮ ᠳᠤᠲᠠᠭᠳᠠᠨ᠎ᠠ》 ᠭᠡᠵᠦ᠍ ᠳᠥᠷᠪᠡᠳ ᠬᠣᠰᠢᠭᠤᠨ᠎ᠤ ᠦᠨᠳᠦᠰᠦᠲᠡᠨ᠎ᠦ ᠠᠷᠠᠯᠵᠢᠶᠠᠨ᠎ᠤ ᠬᠢᠵᠠᠭᠠᠷᠲᠤ᠌ ᠺᠣᠮᠫᠠᠨᠢ᠎ᠶᠢᠨ ᠵᠠᠰᠠᠭ ᠵᠠᠬᠢᠷᠭᠠᠨ᠎ᠤ ᠳᠠᠭᠠᠭᠠᠮᠠᠯ ᠴᠧᠩ ᠰᠢᠶᠤᠤ ᠮᠢᠨ ᠶᠠᠷᠢᠯ᠎ᠠ᠃

ᠠᠵᠤ ᠠᠬᠤᠶ᠋ᠢᠯᠠᠯ᠎ᠤᠨ ᠬᠦᠰᠡᠯ ᠬᠡᠷᠡᠭᠴᠡᠭᠡ᠎ᠶᠢ ᠣᠶ᠋ᠢᠯᠠᠭᠠᠭᠰᠠᠨ᠎ᠤ ᠳᠠᠷᠠᠭ᠎ᠠ᠂ ᠵᠢᠨᠢᠩ ᠪᠣᠭᠣᠮᠲᠠ《ᠨᠢᠭᠡ ᠪᠦᠲᠦᠭᠡᠭᠳᠡᠭᠦᠨ᠎ᠳᠦ ᠨᠢᠭᠡ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠌》᠂ 《ᠨᠢᠭᠡ ᠠᠵᠤ ᠠᠬᠤᠶ᠋ᠢᠯᠠᠯ᠎ᠳᠤ ᠨᠢᠭᠡ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠌》 ᠤᠢᠯᠡᠴᠢᠯᠡᠭᠡᠨ ᠤ᠋ ᠲᠥᠰᠦᠯ ᠲᠣᠭᠲᠠᠭᠠᠵᠤ᠂ ᠭᠤᠤᠯᠳᠠᠯᠭ᠎ᠠ᠎ᠲᠠᠶ ᠠᠵᠤ ᠠᠬᠤᠶ᠋ᠢᠯᠠᠯ᠎ᠳᠤ 《ᠨᠢᠭᠡ ᠥᠷᠲᠡᠭᠡᠴᠢᠯᠡᠭᠰᠡᠨ ᠮᠠᠶᠢᠭ ᠤ᠋ᠨ ᠤᠢᠯᠡᠴᠢᠯᠡᠭᠡ》 ᠬᠠᠩᠭᠠᠬᠤ ᠪᠠ 《ᠪᠣᠭᠣᠮᠲᠠ᠎ᠶᠢᠨ ᠳᠠᠷᠤᠭ᠎ᠠ ᠲᠥᠷᠥ᠎ᠶᠢᠨ ᠪᠣᠳᠣᠯᠭ᠎ᠠ᠎ᠶᠢ ᠬᠡᠷ᠎ᠲᠦᠨᠢ ᠬᠦᠷᠭᠡᠬᠦ᠌》 ᠤᠢᠯᠡᠴᠢᠯᠡᠭᠡ ᠬᠠᠩᠭᠠᠵᠤ᠂ ᠪᠦᠲᠦᠭᠡᠭᠳᠡᠭᠦᠨ᠎ᠢ ᠳᠠᠩᠰᠠᠯᠠᠭᠤᠯᠬᠤ᠂ ᠰᠢᠯᠭᠠᠨ ᠪᠠᠶ᠋ᠢᠴᠠᠭᠠᠬᠤ ᠱᠠᠭᠠᠷᠳᠠᠯᠭ᠎ᠠ᠎ᠠᠴᠠ ᠭᠠᠳᠠᠭᠠᠳᠤ᠎ᠳᠤ ᠭᠠᠷᠭᠠᠬᠤ ᠵᠢ ᠭᠤᠶᠤᠴᠢᠯᠠᠨ ᠮᠡᠳᠡᠭᠦᠯᠬᠦ᠌ ᠬᠦᠷᠲᠡᠯᠡᠬᠢ ᠪᠥᠬᠥ᠌ ᠶᠠᠪᠤᠴᠠ᠎ᠳᠤ ᠵᠢᠯᠣᠭᠣᠳᠣᠯᠭ᠎ᠠ ᠬᠠᠩᠭᠠᠵᠤ᠂ ᠠᠵᠤ ᠠᠬᠤᠶ᠋ᠢᠯᠠᠯ᠎ᠢ ᠬᠠᠪᠰᠤᠷᠤᠨ ᠭᠠᠳᠠᠭᠠᠳᠤ᠎ᠳᠤ ᠭᠠᠷᠭᠠᠬᠤ᠎ᠠᠴᠠ ᠡᠮᠦᠨᠡᠬᠢ 《ᠡᠴᠦᠰ᠎ᠤᠨ ᠨᠢᠭᠡ ᠺᠢᠯᠣᠮᠧᠲ᠋ᠷ》  ᠢ᠋ ᠨᠡᠪᠲᠡᠷᠡᠭᠦᠯᠪᠡ᠃ ᠡᠭᠦᠨ᠎ᠦ ᠬᠠᠮᠲᠤ᠌ 《ᠤᠯᠠᠭᠠᠨᠴᠠᠪ ᠬᠣᠲᠠ᠎ᠶᠢᠨ ᠭᠠᠳᠠᠭᠠᠳᠤ᠎ᠳᠤ ᠭᠠᠷᠭᠠᠬᠤ ᠠᠵᠤ ᠠᠬᠤᠶ᠋ᠢᠯᠠᠯ ᠵᠢᠴᠢ ᠳᠠᠷᠢᠶᠠᠯᠠᠩ ᠲᠡᠵᠢᠭᠡᠪᠦᠷᠢ ᠵᠢᠨ ᠰᠠᠭᠤᠷᠢᠨ᠎ᠤ ᠪᠥᠬᠥ᠌ ᠦᠵᠡᠭᠳᠡᠯ ᠤ᠋ᠨ ᠲᠠᠪᠴᠠᠩ》 ᠭᠡᠬᠦ᠌ ᠲᠣᠭᠠᠴᠢᠯᠠᠭᠰᠠᠨ ᠰᠢᠰᠲ᠋ᠧᠮ᠎ᠢ ᠪᠠᠢᠭᠤᠯᠵᠤ᠂ ᠬᠠᠷᠢᠶ᠎ᠠ ᠣᠷᠣᠨ᠎ᠤ ᠭᠠᠳᠠᠭᠠᠳᠤ᠎ᠳᠤ ᠭᠠᠷᠭᠠᠬᠤ ᠢᠳᠡᠭᠡᠨ ᠤᠢᠯᠡᠳᠪᠤᠷᠢᠯᠡᠬᠦ 60 ᠠᠵᠤ ᠠᠬᠤᠶ᠋ᠢᠯᠠᠯ ᠵᠢᠴᠢ ᠳᠠᠷᠢᠶᠠᠯᠠᠩ ᠲᠡᠵᠢᠭᠡᠪᠦᠷᠢ ᠵᠢᠨ ᠰᠠᠭᠤᠷᠢᠨ᠎ᠢ ᠠᠵᠤ ᠠᠬᠤᠶ᠋ᠢᠯᠠᠯ᠎ᠤᠨ ᠲᠥᠷᠥᠯ ᠬᠡᠯᠪᠡᠷᠢ᠂ ᠪᠦᠲᠦᠭᠡᠭᠳᠡᠭᠦᠨ᠎ᠦ ᠲᠥᠷᠥᠯ ᠢᠯᠭᠠᠯ᠂ ᠭᠠᠳᠠᠭᠠᠳᠤ᠎ᠳᠤ ᠭᠠᠷᠭᠠᠬᠤ ᠬᠡᠪᠴᠢᠶ᠎ᠡ ᠵᠡᠷᠭᠡ ᠲᠠᠯ᠎ᠠ᠎ᠪᠠᠷ ᠲᠣᠳᠣᠷᠬᠠᠢ ᠪᠤᠯᠭᠠᠨ᠂ ᠬᠠᠪᠰᠤᠷᠤᠨ ᠲᠡᠳᠬᠦᠬᠦ᠌ ᠰᠠᠭᠤᠷᠢ ᠲᠣᠭ᠎ᠠ ᠪᠠᠷᠢᠮᠲᠠ᠎ᠶᠢ ᠣᠨᠣᠪᠴᠢᠲᠠᠶ᠎ᠪᠣᠯᠭᠠᠵᠤ᠂ ᠬᠢᠨᠠᠯᠲᠠ ᠬᠠᠮᠢᠶᠠᠷᠤᠯᠲᠠ ᠤᠢᠯᠡᠴᠢᠯᠡᠭᠡ᠎ᠶᠢ 《ᠰᠠᠨᠠᠭᠠᠴᠢᠯᠠᠭ᠎ᠠ ᠥᠬᠡᠶ᠎ᠪᠡᠷ ᠴᠤᠤᠷᠢᠶᠠᠲᠤᠨ ᠳᠠᠭᠠᠵᠤ》 ᠪᠠᠶ᠋ᠢᠭᠰᠠᠨ᠎ᠠᠴᠠ 《ᠰᠠᠨᠠᠭᠠᠴᠢᠯᠠᠭ᠎ᠠ᠎ᠠᠴᠠ᠎ᠪᠠᠨ ᠲᠦᠷᠦᠭᠦᠯᠡᠵᠤ ᠬᠢᠬᠦ》 ᠲᠡᠶ᠋ᠢᠰᠢ ᠬᠤᠪᠢᠷᠠᠭᠤᠯᠤᠭᠰᠠᠨ ᠪᠠᠢᠨ᠎ᠠ᠃

ᠥᠪᠥᠷ ᠮᠣᠩᠭᠣᠯ᠎ᠤᠨ ᠱᠤ᠌ ᠳ᠋ᠦ᠋ ᠺᠠᠶ ᠳ᠋ᠠ ᠢᠳᠡᠭᠡᠨ᠎ᠦ ᠬᠢᠵᠠᠭᠠᠷᠲᠤ᠌ ᠺᠣᠮᠫᠠᠨᠢ᠎ᠶᠢᠨ ᠬᠠᠷᠢᠭᠤᠴᠠᠯᠭᠠᠲᠠᠨ ᠵᠢᠨ ᠶᠠ ᠯᠢ᠄《ᠪᠣᠭᠣᠮᠲᠠ᠎ᠡᠴᠡ ᠪᠠᠰᠠ ᠶᠠᠫᠣᠨ᠂ ᠺᠣᠷᠢᠶᠠ᠂ ᠧᠦ᠋ᠷᠣᠫᠠ᠂ ᠠᠮᠧᠷᠢᠺᠠ ᠵᠡᠷᠭᠡ ᠭᠣᠣᠯ ᠬᠠᠷᠠᠯᠳᠡᠳᠤ ᠵᠠᠬ᠎ᠠ ᠳᠡᠯᠭᠡᠭᠦᠷ᠎ᠦᠨ ᠮᠡᠷᠭᠡᠵᠢᠯ᠎ᠦᠨ ᠬᠠᠤᠯᠢ ᠲᠦᠷᠢᠮ ᠪᠣᠯᠤᠨ ᠵᠠᠬ᠎ᠠ ᠳᠡᠯᠭᠡᠭᠦᠷ᠎ᠲᠦ᠍ ᠣᠷᠣᠬᠤ᠎ᠶᠢ ᠵᠥᠪᠰᠢᠶᠡᠷᠡᠬᠦ᠌ ᠪᠠᠷᠢᠮᠵᠢᠶ᠎ᠠ᠎ᠶᠢ ᠡᠮᠬᠢᠯᠡᠵᠦ᠍ ᠨᠠᠶ᠋ᠢᠷᠠᠭᠤᠯᠤᠭᠰᠠᠨ 〈ᠨᠢᠭᠡ ᠵᠠᠬ᠎ᠠ ᠳᠡᠯᠭᠡᠭᠦᠷ᠎ᠲᠦ᠍ ᠨᠢᠭᠡ ᠨᠠᠷᠢᠨ ᠲᠠᠩᠰᠠ〉 ᠭᠡᠬᠦ ᠪᠠᠷᠢᠮᠵᠢᠶ᠎ᠠ᠎ᠶᠢᠨ ᠵᠦᠭᠯᠡᠭᠦᠷ᠎ᠢ ᠮᠠᠨ᠎ᠤ ᠠᠵᠤ ᠠᠬᠤᠶ᠋ᠢᠯᠠᠯ᠎ᠳᠤ ᠬᠦᠷᠭᠡᠵᠦ᠂ ᠮᠠᠨ᠎ᠢ ᠬᠠᠪᠰᠤᠷᠤᠨ ᠭᠠᠳᠠᠭᠠᠳᠤ᠎ᠶᠢᠨ ᠮᠡᠷᠭᠡᠵᠢᠯ᠎ᠦᠨ ᠪᠡᠬᠢᠯᠡᠯᠲᠡ᠎ᠶᠢ ᠠᠷᠭᠠᠴᠠᠭᠠᠬᠤ ᠴᠢᠳᠠᠪᠤᠷᠢ᠎ᠶᠢ ᠶᠡᠬᠡ᠎ᠪᠡᠷ ᠳᠡᠭᠡᠭᠰᠢᠯᠡᠭᠦᠯᠵᠦ᠍᠂ ᠨᠡᠩ ᠴᠤ᠌ ᠭᠠᠳᠠᠭᠠᠳᠤ᠎ᠳᠤ ᠭᠠᠷᠭᠠᠬᠤ ᠲᠣᠭᠲᠠᠭᠠᠯ᠎ᠳᠤ ᠨᠡᠢᠴᠡᠭᠦᠯᠬᠦ ᠠᠵᠢᠯ ᠤ᠋ᠨ ᠥᠪᠡᠷ᠎ᠦᠨ ᠦᠷᠳᠡᠭ᠎ᠢ ᠪᠠᠭᠤᠷᠠᠭᠤᠯᠵᠠᠢ》 ᠭᠡᠵᠦ᠍ ᠰᠤᠷᠪᠤᠯᠵᠢᠯᠠᠭᠴᠢ᠎ᠳᠤ ᠲᠠᠨᠢᠯᠴᠠᠭᠤᠯᠪᠠ᠃

《ᠨᠢᠭᠡ ᠠᠵᠤ ᠠᠬᠤᠶ᠋ᠢᠯᠠᠯ᠎ᠳᠤ ᠨᠢᠭᠡ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠌》 ᠬᠢᠨᠠᠯᠲᠠ ᠬᠠᠮᠢᠶᠠᠷᠤᠯᠲᠠ ᠤᠢᠯᠡᠴᠢᠯᠡᠭᠡ᠎ᠡᠴᠡ ᠭᠠᠳᠠᠨ᠎ᠠ᠂ ᠵᠢᠨᠢᠩ ᠪᠣᠭᠣᠮᠲᠠ 《ᠤᠷᠢᠳᠴᠢᠯᠠᠨ ᠪᠣᠯᠵᠣᠬᠤ》᠂ 《ᠴᠠᠭ ᠲᠤᠬᠠᠶ᠎ᠳᠤᠨᠢ ᠦᠨᠡᠮᠯᠡᠯ ᠭᠠᠷᠭᠠᠬᠤ》 ᠵᠡᠷᠭᠡ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠪᠠᠶ᠋ᠢᠴᠠᠭᠠᠯᠲᠠ᠎ᠶᠢ 《ᠬᠣᠶ᠋ᠢᠰᠢᠯᠠᠭᠤᠯᠬᠤ ᠥᠬᠡᠶ》 ᠪᠠᠶ᠋ᠢᠬᠤ᠎ᠶᠢ ᠪᠠᠲᠤᠯᠠᠵᠤ᠂ ᠠᠵᠤ ᠠᠬᠤᠶ᠋ᠢᠯᠠᠯ᠎ᠤᠨ ᠬᠥᠮᠥᠷᠭᠡᠯᠡᠨ ᠬᠠᠳᠠᠭᠠᠯᠠᠬᠤ ᠪᠠ ᠬᠦᠯᠢᠶᠡᠬᠦ᠌ ᠴᠠᠭ᠎ᠢ ᠦᠨᠡᠨ ᠬᠦ᠌ ᠪᠤᠭᠤᠨᠢᠰᠬᠠᠵᠠᠢ; ᠠᠵᠤ ᠠᠬᠤᠶ᠋ᠢᠯᠠᠯ᠎ᠤᠨ ᠠᠷᠠᠯᠵᠢᠶᠠᠨ᠎ᠤ ᠬᠠᠨᠳᠤᠰᠢ᠎ᠶᠢ ᠪᠠᠶ᠋ᠢᠩᠭᠤ ᠮᠥᠷᠳᠡᠵᠦ᠍᠂ ᠵᠠᠬ᠎ᠠ ᠳᠡᠯᠭᠡᠭᠦᠷ᠎ᠢ ᠨᠡᠭᠡᠭᠡᠬᠦ᠌ ᠳᠠᠯᠳᠠ ᠬᠦᠴᠦᠨ᠎ᠪᠦᠬᠦᠢ ᠰᠢᠨ᠎ᠡ᠎ᠠᠵᠤ ᠠᠬᠤᠶ᠋ᠢᠯᠠᠯ᠎ᠤᠨ ᠪᠠᠶ᠋ᠢᠷᠢ ᠵᠢ ᠣᠨᠣᠪᠴᠢᠲᠠᠶ ᠲᠣᠭᠲᠠᠭᠠᠨ᠂ ᠬᠠᠪᠰᠤᠷᠤᠨ ᠲᠡᠳᠬᠦᠬᠦ᠌ ᠡᠭᠦᠷᠭᠡ᠎ᠶᠢᠨ ᠨᠠᠷᠢᠨ ᠬᠠᠭᠤᠳᠠᠰᠤ᠎ᠶᠢ ᠭᠠᠷᠭᠠᠵᠤ᠂ ᠨᠠᠩ ᠠᠷᠪᠢᠨ ᠠᠵᠤ ᠠᠬᠤᠶ᠋ᠢᠯᠠᠯ᠎ᠤᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ᠎ᠵᠢᠡᠨ ᠭᠠᠳᠠᠭᠠᠳᠤ᠎ᠳᠤ ᠭᠠᠷᠭᠠᠬᠤ᠎ᠶᠢ ᠠᠬᠢᠭᠤᠯᠵᠠᠢ᠃

ᠣᠶ᠋ᠢᠯᠠᠭᠠᠭᠰᠠᠨ᠎ᠢᠶᠠᠷ᠂ ᠲᠦᠷᠦᠭᠦᠦ ᠭᠤᠷᠪᠠᠨ ᠤᠯᠠᠷᠢᠯ᠎ᠳᠤ ᠤᠯᠠᠭᠠᠨᠴᠠᠪ ᠬᠣᠲᠠ᠎ᠶᠢᠨ ᠡᠷᠳᠡᠨᠢ ᠰᠢᠰᠢ᠎ᠶᠢᠨ ᠭᠤᠸᠠᠨᠲ᠋ᠸᠦ᠂ ᠰᠢᠷᠠᠭᠰᠠᠨ ᠯᠣᠬᠠᠱᠧᠩ ᠵᠡᠷᠭᠡ 5 ᠵᠤᠢᠯ᠎ᠦᠨ ᠣᠨᠴᠠᠯᠢᠭᠲᠤ᠌ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠢ᠋ ᠠᠩᠬ᠎ᠠ ᠤᠳᠠᠭ᠎ᠠ ᠭᠠᠳᠠᠭᠠᠳᠤ᠎ᠳᠤ ᠭᠠᠷᠭᠠᠵᠤ᠂ ᠭᠠᠳᠠᠭᠠᠳᠤ᠎ᠳᠤ ᠭᠠᠷᠭᠠᠬᠤ ᠢᠳᠡᠭᠡᠨ᠎ᠦ ᠵᠤᠢᠯ᠎ᠢ ᠳᠠᠩᠰᠠᠯᠠᠭᠤᠯᠤᠭᠰᠠᠨ ᠠᠵᠤ ᠠᠬᠤᠶ᠋ᠢᠯᠠᠯ 11 ᠨᠡᠮᠡᠭᠳᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面