2026-11-06 12:18:02
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠲᠦᠷᠦᠭᠦᠬᠡᠨ ᠨᠠᠢ᠍ᠮᠠᠳᠤᠭᠠᠷ ᠪᠦᠯᠦᠭ ᠤ᠋ᠨ 《ᠳᠤᠮᠳᠠᠳᠤ ᠤᠯᠤᠰ ᠤ᠋ᠨ ᠴᠢᠬᠤᠯᠠ ᠬᠦᠳᠡᠬᠡ ᠠᠵᠤ ᠠᠬᠤᠢ ᠵᠢᠨ ᠰᠤᠶᠤᠯ ᠤ᠋ᠨ ᠦᠪ》 ᠤ᠋ᠨ ᠨᠡᠷᠡᠰ ᠢ᠋ ᠨᠡᠢᠲᠡᠯᠡᠭᠰᠡᠨ ᠳ᠋ᠤ ᠮᠠᠨ ᠤ᠋ ᠤᠷᠤᠨ ᠤ᠋ ᠬᠢᠡᠭᠭᠠᠨ ᠤ᠋ ᠬᠦᠢᠲᠡᠨ ᠤᠷᠤᠨ ᠤ᠋ ᠤᠰᠤᠨ ᠳᠤᠲᠤᠷᠭ᠎ᠠ ᠶ᠋ᠢᠨ ᠲᠠᠷᠢᠮᠠᠯ ᠤ᠋ᠨ ᠰᠢᠰᠲᠸᠮ᠂ ᠵᠠᠷᠤᠳ ᠤ᠋ᠨ ᠲᠠᠯ᠎ᠠ ᠨᠤᠲᠤᠭ ᠤ᠋ᠨ ᠨᠡᠭᠦᠳᠡᠯ ᠮᠠᠯᠵᠢᠯ ᠤ᠋ᠨ ᠰᠢᠰᠲᠸᠮ ᠵᠡᠷᠭᠡ 2 ᠲᠦᠷᠦᠯ ᠵᠦᠢᠯ ᠰᠤᠡᠭᠭᠤᠭᠳᠠᠨ ᠤᠷᠤᠵᠤ᠂ ᠤᠳᠤ ᠪᠦᠬᠦ ᠤᠷᠤᠨ ᠳ᠋ᠤ 《ᠳᠤᠮᠳᠠᠳᠤ ᠤᠯᠤᠰ ᠤ᠋ᠨ ᠴᠢᠬᠤᠯᠠ ᠬᠦᠳᠡᠬᠡ ᠠᠵᠤ ᠠᠬᠤᠢ ᠵᠢᠨ ᠰᠤᠶᠤᠯ ᠤ᠋ᠨ ᠦᠪ》 ᠵᠢᠡᠷ ᠪᠦᠷᠢᠳᠭᠡᠭᠳᠡᠭᠰᠡᠨ ᠲᠦᠷᠦᠯ ᠵᠦᠢᠯ 9 ᠪᠤᠯᠵᠤ ᠨᠡᠮᠡᠭᠳᠡᠪᠡ᠃
ᠳᠤᠮᠳᠠᠳᠤ ᠤᠯᠤᠰ ᠤ᠋ᠨ ᠴᠢᠬᠤᠯᠠ ᠬᠦᠳᠡᠬᠡ ᠠᠵᠤ ᠠᠬᠤᠢ ᠵᠢᠨ ᠰᠣᠶᠣᠯ ᠤ᠋ᠨ ᠥᠪ ᠪᠣᠯ ᠬᠥᠮᠦᠨ ᠬᠢᠭᠡᠳ ᠪᠠᠶ᠋ᠢᠭᠠᠯᠢ ᠶ᠋ᠢᠨ ᠣᠷᠳᠣ ᠬᠤᠭᠤᠴᠠᠭᠠᠨ ᠤ᠋ ᠬᠠᠮᠵᠢᠯᠴᠠᠭᠠᠨ ᠤ᠋ ᠳᠤᠮᠳᠠ ᠤᠯᠠᠷᠢᠵᠤ ᠪᠦᠷᠢᠯᠳᠦᠭᠰᠡᠨ ᠮᠠᠯ ᠠᠵᠤ ᠠᠬᠤᠢ ᠲᠠᠷᠢᠶᠠᠯᠠᠡᠭ ᠤ᠋ᠨ ᠰᠢᠰᠲᠸᠮ ᠪᠤᠯᠤᠨ᠎ᠠ᠃ ᠲᠡᠷᠡ ᠨᠢ ᠦᠷ᠎ᠡ ᠡᠳ᠋ ᠤ᠋ᠨ ᠡᠬᠢ ᠪᠠᠶᠠᠯᠢᠭ᠂ ᠤᠯᠠᠮᠵᠢᠯᠠᠯᠲᠤ᠌ ᠤᠷ᠎ᠠ ᠮᠡᠷᠭᠡᠵᠢᠯ᠂ ᠠᠷᠠᠳ ᠤ᠋ᠨ ᠵᠠᠩ ᠦᠢᠯᠡ ᠶ᠋ᠢᠨ ᠰᠣᠶᠣᠯ ᠢ᠋ ᠠᠴᠢᠶᠠᠯᠠᠵᠤ᠂ ᠠᠮᠢ ᠠᠬᠤᠶ᠂ ᠠᠵᠤ ᠠᠬᠤᠶ ᠪᠠ ᠨᠡᠶ᠋ᠢᠭᠡᠮ ᠵᠡᠷᠭᠡ ᠣᠯᠠᠨ ᠲᠠᠯ᠎ᠠ ᠶ᠋ᠢᠨ ᠦᠨ᠎ᠡ ᠥᠷᠲᠡᠭ ᠲᠡᠶ ᠪᠠᠶ᠋ᠢᠳᠠᠭ᠃ ᠮᠠᠨ ᠤ᠋ ᠣᠷᠣᠨ ᠤ᠋ ᠲᠣᠰ ᠤᠳᠠᠭ᠎ᠠ ᠶ᠋ᠢᠨ ᠰᠣᠩᠭᠣᠭᠳᠠᠭᠰᠠᠨ 2 ᠲᠥᠷᠥᠯ ᠵᠦᠢᠯ ᠪᠣᠯ ᠥᠪᠥᠷ ᠮᠣᠩᠭᠣᠯ ᠤ᠋ᠨ ᠮᠠᠯ ᠠᠵᠤ ᠠᠬᠤᠢ ᠲᠠᠷᠢᠶᠠᠯᠠᠡᠭ ᠰᠤᠯᠪᠢᠯᠴᠠᠭᠰᠠᠨ ᠤᠷᠤᠨ ᠪᠦᠰᠡ ᠶ᠋ᠢᠨ ᠤᠯᠠᠨ ᠶᠠᠡᠭᠵᠤᠳᠤ ᠠᠮᠢ ᠠᠬᠤᠢ ᠪᠤᠯᠤᠨ ᠡᠷᠲᠡ ᠳᠡᠭᠡᠳᠦ ᠡᠴᠡ ᠤᠯᠠᠮᠵᠢᠯᠠᠭᠳᠠᠵᠤ ᠢᠷᠡᠭᠰᠡᠨ ᠮᠠᠯᠴᠢᠨ ᠲᠠᠷᠢᠶᠠᠴᠢᠨ ᠤ᠋ ᠡᠬᠡ ᠪᠠᠢᠭᠠᠯᠢ ᠲᠠᠢ ᠪᠠᠨ ᠵᠤᠬᠢᠴᠠᠯᠳᠤᠬᠤ ᠤᠶᠤᠨ ᠤᠬᠠᠭᠠᠨ ᠤ᠋ ᠬᠤᠷᠢᠶᠠᠡᠭᠭᠤᠢ ᠳᠦᠷᠰᠦ ᠪᠤᠯᠤᠨ᠎ᠠ᠃
ᠬᠢᠩᠭᠠᠨ ᠤ᠋ ᠬᠦᠢᠲᠡᠨ ᠤᠷᠤᠨ ᠤ᠋ ᠤᠰᠤᠨ ᠳᠤᠳᠤᠷᠭ᠎ᠠ ᠶ᠋ᠢᠨ ᠲᠠᠷᠢᠮᠠᠯ ᠤ᠋ᠨ ᠰᠢᠰᠲᠸᠮ ᠨᠢ ᠤᠮᠠᠷᠠᠲᠤ᠌ ᠥᠷᠭᠡᠷᠢᠭ ᠤ᠋ᠨ 46 ᠭᠷᠠᠳᠦ᠋ᠰ ᠤ᠋ᠨ ᠬᠦᠢᠲᠡᠨ ᠤᠷᠤᠨ ᠤ᠋ ᠤᠰᠤᠨ ᠲᠤᠲᠤᠷᠭ᠎ᠠ ᠶ᠋ᠢᠨ ᠰᠢᠵᠢᠷ ᠠᠯᠲᠠᠨ ᠪᠦᠰᠡ ᠳ᠋ᠤ ᠪᠠᠢᠷᠢᠯᠠᠵᠤ᠂ ᠬᠢᠩᠭᠠᠨ ᠠᠶ᠋ᠢᠮᠠᠭ ᠤ᠋ᠨ ᠤᠯᠠᠭᠠᠨᠬᠣᠲᠠ᠂ ᠵᠠᠯᠠᠶ᠋ᠢᠳ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ᠍ ᠬᠣᠰᠢᠭᠤᠨ ᠤ᠋ 40 ᠵᠠᠰᠠᠭ ᠵᠠᠬᠢᠷᠭᠠᠨ ᠤ᠋ ᠭᠠᠴᠠᠭ᠎ᠠ ᠲᠣᠰᠬᠣᠨ ᠢ᠋ ᠬᠠᠮᠤᠷᠴᠤ᠂ 6 ᠭᠠᠴᠠᠭ᠎ᠠ ᠲᠤᠰᠬᠤᠨ ᠢ᠋ ᠭᠤᠤᠯ ᠬᠠᠮᠠᠭᠠᠯᠠᠯᠲᠠ ᠶ᠋ᠢᠨ ᠤᠷᠤᠨ ᠶ᠋ᠢᠡᠷ ᠵᠠᠭᠠᠭᠯᠠᠨ ᠲᠤᠭᠲᠠᠭᠠᠪᠠ᠃ ᠶᠡᠬᠡ ᠬᠢᠩᠭᠠᠨ ᠳᠠᠪᠠᠭ᠎ᠠ ᠶ᠋ᠢᠨ ᠡᠮᠦᠨ᠎ᠡ ᠬᠣᠷᠮᠣᠶ ᠶ᠋ᠢᠨ ᠲᠤᠭᠤᠷ ᠤ᠋ᠨ ᠭᠤᠤᠯ᠂ ᠴᠤᠤᠯ ᠭᠤᠤᠯ ᠵᠡᠷᠭᠡ ᠭᠤᠤᠯ ᠮᠥᠷᠡᠨ ᠤ᠋ ᠲᠠᠨᠵᠢᠨ ᠳ᠋ᠤ ᠠᠷᠢᠭᠤᠨ ᠴᠡᠪᠡᠷ ᠤᠰᠤᠨ ᠤ᠋ ᠡᠬᠢ ᠪᠠᠶᠠᠯᠢᠭ᠂ ᠡᠳᠦᠷ ᠰᠥᠨᠢ ᠶ᠋ᠢᠨ ᠳᠤᠯᠠᠭᠠᠨ ᠤ᠋ ᠵᠥᠷᠢᠶ᠎ᠡ ᠶᠡᠬᠡ ᠵᠡᠷᠬᠡ ᠦᠪᠡᠷᠮᠢᠴᠠ ᠪᠠᠢᠭᠠᠯᠢ ᠶ᠋ᠢᠨ ᠳᠠᠪᠠᠭᠤᠯᠢᠭ ᠲᠠᠢ ᠪᠠᠢᠵᠤ᠂ ᠡᠨᠳᠡᠬᠢ ᠵᠢᠨ ᠤᠯᠤᠰ ᠤ᠋ᠨ ᠭᠠᠵᠠᠷ ᠵᠦᠶ ᠶ᠋ᠢᠨ ᠢᠯᠡᠷᠬᠡᠢᠯᠡᠯᠲᠦ ᠪᠦᠲᠦᠭᠡᠭᠳᠡᠭᠦᠨ — ᠣᠯᠠᠨ ᠵᠦᠢᠯ ᠤ᠋ᠨ ᠪᠢᠴᠢᠯ ᠡᠯᠧᠮᠧᠨ᠋ᠲ ᠢ᠋ ᠡᠯᠪᠡᠭ ᠠᠭᠤᠯᠤᠭᠰᠠᠨ ᠬᠢᠩᠭᠠᠨ ᠠᠶ᠋ᠢᠮᠠᠭ ᠤ᠋ᠨ ᠲᠤᠲᠤᠷᠭ᠎ᠠ ᠤᠯᠤᠰ ᠲᠠᠶᠠᠭᠠᠷ ᠲᠦ᠍ ᠠᠯᠳᠠᠷᠰᠢᠪᠠ᠃ ᠲᠤᠬᠠᠶ ᠶ᠋ᠢᠨ ᠭᠠᠵᠠᠷ ᠤ᠋ᠨ ᠬᠢᠨ 《ᠡᠷᠳᠡ ᠴᠢᠬᠢ ᠪᠤᠢᠵᠢᠭᠤᠯᠵᠤ ᠡᠷᠲᠡ ᠰᠠᠭᠤᠯᠭᠠᠬᠤ᠂ ᠬᠦᠢᠭᠡᠨ ᠤᠰᠤᠯᠠᠵᠤ ᠦᠷᠬᠦᠯᠵᠢ ᠤᠰᠤᠯᠠᠬᠤ᠂ ᠴᠠᠭ ᠲᠤᠨᠢ ᠲᠤᠬᠢᠷᠠᠭᠤᠯᠤᠨ ᠲᠠᠷᠢᠶ᠎ᠠ ᠪᠠᠨ ᠬᠠᠲᠠᠭᠠᠬᠤ》 ᠬᠦᠢᠲᠡᠨ ᠤᠷᠤᠨ ᠤ᠋ ᠤᠰᠤᠨ ᠳᠤᠲᠤᠷᠭ᠎ᠠ ᠶ᠋ᠢᠨ ᠲᠠᠷᠢᠶᠠᠯᠠᠭ᠎ᠠ ᠶ᠋ᠢᠨ ᠲᠤᠷᠰᠢᠯᠭ᠎ᠠ ᠵᠢ ᠳ᠋ᠦᠡᠭᠨᠡᠨ ᠭᠠᠷᠭᠠᠵᠤ᠂ 8 ᠵᠦᠢᠯ ᠤ᠋ᠨ ᠤᠯᠠᠮᠵᠢᠯᠠᠯᠲᠤ᠌ ᠣᠷᠣᠨ ᠨᠤᠲᠤᠭ ᠤ᠋ᠨ ᠤᠰᠤᠨ ᠲᠤᠲᠤᠷᠭ᠎ᠠ ᠶ᠋ᠢᠨ ᠦᠷ᠎ᠡ ᠪᠤᠯᠤᠨ 53 ᠵᠦᠢᠯ ᠤ᠋ᠨ ᠰᠣᠩᠭᠣᠨ ᠪᠤᠢᠵᠢᠭᠤᠯᠤᠭᠰᠠᠨ ᠰᠢᠨ᠎ᠡ ᠡᠭᠦᠯᠳᠡᠷ ᠢ᠋ ᠬᠠᠳᠠᠭᠠᠯᠠᠵᠤ᠂ ᠡᠰᠢ ᠰᠦᠷᠡᠯ ᠢ᠋ ᠲᠠᠷᠢᠶᠠᠨ ᠳ᠋ᠤ ᠪᠤᠴᠠᠭᠠᠬᠤ ᠵᠡᠷᠭᠡ ᠬᠠᠷ᠎ᠠ ᠬᠦᠷᠦᠰᠦᠲᠦ ᠭᠠᠵᠠᠷ ᠤ᠋ᠨ ᠬᠠᠮᠠᠭᠠᠯᠠᠯᠲᠠ ᠶ᠋ᠢᠨ ᠴᠢᠨᠠᠷᠲᠠᠶ ᠲᠠᠷᠢᠶᠠᠯᠠᠭ᠎ᠠ ᠶ᠋ᠢᠨ ᠵᠠᠭᠪᠤᠷ ᠢ᠋ ᠦᠷᠭᠦᠯᠵᠢᠯᠡᠨ ᠳᠡᠯᠭᠡᠷᠡᠭᠦᠯᠵᠦ ᠪᠠᠢᠨ᠎ᠠ᠃ ᠬᠢᠲᠠᠳ᠂ ᠮᠣᠩᠭᠣᠯ᠂ ᠰᠣᠯᠣᠩᠭᠣᠰ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠰᠠᠨ ᠾᠧ ᠲᠣᠰᠬᠣᠨ ᠪᠤᠯᠤᠨ ᠰᠢᠶᠠᠨ ᠭᠤᠸᠠᠩ ᠭᠠᠴᠠᠭ᠎ᠠ ᠵᠢᠨ ᠬᠢᠨ ᠪᠠᠰᠠ ᠡᠯᠪᠡᠭ ᠬᠤᠷᠢᠶᠠᠯᠲᠠ ᠶ᠋ᠢᠨ ᠪᠥᠵᠢᠭ᠂ ᠪᠣᠭᠣᠷᠰᠣᠭ ᠬᠢᠬᠦ᠌ ᠵᠡᠷᠭᠡ ᠣᠨᠴᠠᠯᠢᠭᠲᠤ᠌ ᠵᠠᠩ ᠦᠢᠯᠡ ᠵᠢ ᠦᠯᠡᠳᠡᠭᠡᠨ ᠬᠠᠳᠠᠭᠠᠯᠠᠵᠤ᠂ ᠤᠰᠤᠨ ᠲᠤᠲᠤᠷᠭ᠎ᠠ ᠶ᠋ᠢᠨ ᠮᠦᠽᠧᠶ᠂ ᠰᠣᠯᠣᠩᠭᠣᠰ ᠦᠨᠳᠦᠰᠦᠲᠡᠨ ᠤ᠋ ᠵᠠᠩ ᠦᠢᠯᠡ ᠶ᠋ᠢᠨ ᠣᠷᠳᠣᠨ ᠢ᠋ ᠪᠠᠢᠭᠤᠯᠪᠠ᠃
ᠵᠠᠷᠤᠳ ᠤ᠋ᠨ ᠲᠠᠯ᠎ᠠ ᠨᠤᠲᠤᠭ ᠤ᠋ᠨ ᠨᠡᠭᠦᠳᠡᠯ ᠮᠠᠯᠵᠢᠯ ᠤ᠋ᠨ ᠰᠢᠰᠲ᠋ᠧᠮ ᠨᠢ ᠮᠣᠩᠭᠣᠯ ᠦᠨᠳᠦᠰᠦᠲᠡᠨ ᠤ᠋ ᠨᠡᠭᠦᠳᠡᠯ ᠮᠠᠯᠵᠢᠯ ᠤ᠋ᠨ ᠵᠠᠭᠪᠤᠷ ᠢ᠋ ᠠᠮᠢᠳᠤᠯᠢᠭ ᠶ᠋ᠢᠡᠷ ᠤᠯᠠᠮᠵᠢᠯᠠᠨ ᠵᠠᠯᠭᠠᠮᠵᠢᠯᠠᠵᠤ᠂ ᠪᠠᠶ᠋ᠢᠭᠠᠯᠢ ᠵᠢ ᠡᠷᠬᠢᠮᠯᠡᠬᠦ᠌᠂ ᠮᠠᠯ ᠪᠡᠯᠴᠢᠭᠡᠷ ᠬᠠᠮᠲᠤ ᠪᠠᠷ ᠣᠷᠣᠰᠢᠬᠤ ᠤᠯᠠᠮᠵᠢᠯᠠᠯᠲᠤ᠌ ᠠᠮᠢ ᠠᠬᠤᠶ ᠶ᠋ᠢᠨ ᠣᠶᠤᠨ ᠤᠬᠠᠭᠠᠨ ᠢ᠋ ᠠᠴᠢᠶᠠᠯᠠᠵᠤ ᠪᠠᠶ᠋ᠢᠳᠠᠭ᠃ ᠰᠤᠶᠤᠯ ᠤ᠋ᠨ ᠦᠪ ᠤ᠋ᠨ ᠭᠤᠤᠯ ᠪᠠᠢᠷᠢᠰᠢᠯ ᠨᠢ ᠲᠦᠩᠯᠢᠶᠣᠤ ᠬᠣᠲᠠ ᠶ᠋ᠢᠨ ᠵᠠᠷᠤᠳ ᠬᠣᠰᠢᠭᠤᠨ ᠤ᠋ ᠬᠡᠷᠴᠢᠯᠠᠭᠤ ᠰᠤᠮᠤ ᠳ᠋ᠦ ᠪᠠᠢᠷᠢᠯᠠᠨ᠂ ᠬᠠᠷᠢᠶᠠᠲᠤ᠌ ᠣᠷᠣᠨ ᠤ᠋ ᠶᠡᠷᠦᠩᠬᠡᠶ ᠲᠠᠯᠠᠪᠠᠶ ᠨᠢ 2320 ᠲᠡᠭᠰᠢ ᠳᠥᠷᠪᠡᠯᠵᠢᠨ ᠺᠢᠯᠣᠮᠧᠲ᠋ᠷ ᠪᠠᠶ᠋ᠢᠵᠤ᠂16 ᠭᠠᠴᠠᠭ᠎ᠠ ᠪᠤᠯᠤᠨ 1ᠨᠡᠶ᠋ᠢᠭᠡᠮ ᠲᠣᠭᠣᠷᠢᠭ ᠢ᠋ ᠬᠠᠮᠤᠷᠴᠤ᠌᠂ ᠬᠡᠷᠴᠢᠯᠠᠭᠤ ᠰᠤᠮᠤ ᠶ᠋ᠢᠨ ᠤᠮᠠᠷᠠᠲᠤ᠌ ᠬᠡᠰᠡᠭ ᠤ᠋ᠨ ᠵᠤᠰᠠᠯᠠᠩ ᠶ᠋ᠢᠡᠷ ᠭᠤᠤᠯ ᠬᠠᠮᠠᠭᠠᠯᠠᠯᠲᠠ ᠶ᠋ᠢᠨ ᠣᠷᠣᠨ ᠶ᠋ᠢᠡᠨ ᠪᠣᠯᠭᠠᠪᠠ᠃ ᠵᠢᠯ ᠪᠦᠷᠢ 500 ᠭᠠᠷᠤᠶ ᠮᠠᠯᠵᠢᠬᠤ ᠡᠷᠦᠬᠡ ᠵᠢᠨ ᠬᠢᠨ ᠡᠨᠳᠡ ᠨᠡᠬᠦᠳᠡᠯᠯᠡᠵᠤ ᠢᠷᠡᠬᠡᠳ ᠤᠯᠠᠷᠢᠯ ᠤ᠋ᠨ ᠴᠢᠨᠠᠷᠲᠠᠶ ᠪᠠᠷ ᠮᠠᠯ ᠮᠠᠯᠵᠢᠵᠤ᠂ ᠰᠡᠯᠭᠦᠨ ᠮᠠᠯᠵᠢᠬᠤ ᠳ᠋ᠤ ᠲᠦᠰᠢᠭᠯᠡᠨ ᠨᠤᠲᠤᠭ ᠪᠡᠯᠴᠢᠭᠡᠷ ᠵᠢᠡᠨ ᠬᠠᠮᠠᠭᠠᠯᠠᠵᠤ᠂ ᠮᠠᠯ ᠪᠡᠯᠴᠢᠭᠡᠷ ᠤ᠋ᠨ ᠲᠡᠩᠴᠡᠭᠦᠷᠢ ᠵᠢ ᠬᠦᠳᠡᠯᠦᠡᠭᠭᠦᠢ ᠪᠡᠷ ᠪᠠᠲᠤᠯᠠᠵᠤ ᠪᠠᠶ᠋ᠢᠨ᠎ᠠ᠃ ᠬᠠᠮᠠᠭᠠᠯᠠᠯᠲᠠ ᠶ᠋ᠢᠨ ᠣᠷᠣᠨ ᠳ᠋ᠦ ᠵᠠᠷᠤᠳ ᠤ᠋ᠨ ᠲᠠᠯ᠎ᠠ ᠨᠤᠲᠤᠭ ᠤ᠋ᠨ ᠦᠬᠡᠷ᠂ ᠮᠣᠩᠭᠣᠯ ᠮᠣᠷᠢ᠂ ᠵᠠᠷᠤᠳ ᠤ᠋ᠨ ᠲᠠᠯ᠎ᠠ ᠨᠤᠲᠤᠭ ᠤ᠋ᠨ ᠬᠣᠨᠢ ᠵᠡᠷᠭᠡ ᠲᠤᠬᠠᠶ ᠶ᠋ᠢᠨ ᠭᠠᠵᠠᠷ ᠤ᠋ᠨ ᠮᠠᠯ ᠵᠢᠭᠦᠷᠲᠡᠨ ᠤ᠋ ᠡᠭᠦᠯᠳᠡᠷ ᠤ᠋ᠨ ᠡᠬᠢ ᠪᠠᠶᠠᠯᠢᠭ ᠬᠠᠳᠠᠭᠠᠯᠠᠭᠳᠠᠵᠤ᠂ ᠮᠠᠯᠵᠢᠯ ᠤ᠋ᠨ ᠲᠠᠯᠠᠪᠠᠢ ᠶ᠋ᠢᠨ ᠬᠤᠪᠢᠶᠠᠷᠢᠯᠠᠯ᠂ ᠲᠥᠯ ᠲᠤᠰᠴᠤ᠌ ᠪᠣᠶ᠋ᠢᠵᠢᠭᠤᠯᠬᠤ᠂ ᠮᠣᠩᠭᠣᠯ ᠭᠡᠷ ᠪᠤᠰᠬᠠᠬᠤ᠂ ᠬᠠᠰᠠᠭ ᠲᠡᠷᠭᠡ ᠬᠢᠬᠦ᠂ ᠴᠠᠭᠠᠨ ᠢᠳᠡᠭᠡᠨ ᠤᠯᠠᠭᠠᠨ ᠢᠳᠡᠭᠡᠨ ᠪᠣᠯᠪᠠᠰᠤᠷᠠᠭᠤᠯᠬᠤ ᠵᠡᠷᠭᠡ ᠢᠵᠢ ᠪᠦᠷᠢᠨ ᠨᠡᠭᠦᠳᠡᠯᠮᠠᠯᠵᠢᠯ ᠤ᠋ᠨ ᠤᠷ᠎ᠠ ᠮᠡᠷᠭᠡᠵᠢᠯ ᠢ᠋ ᠤᠯᠠᠮᠵᠢᠯᠠᠨ ᠬᠠᠳᠠᠭᠠᠯᠠᠵᠤ ᠪᠤᠢ᠃ ᠪᠠᠰᠠ ᠤᠪᠤᠭᠠᠨ ᠨᠠᠢᠷ᠂ ᠨᠠᠭᠠᠳᠤᠮ ᠤ᠋ᠨ ᠬᠤᠷᠠᠯ ᠵᠡᠷᠭᠡ ᠵᠠᠩ ᠥᠢᠯᠨ ᠨᠢ ᠦᠶ᠎ᠡ ᠶ᠋ᠢᠨ ᠦᠶ᠎ᠡ ᠳ᠋ᠤ ᠤᠯᠠᠮᠵᠢᠯᠠᠭᠳᠠᠵᠤ᠂ ᠦᠯᠢᠭᠡᠷ᠂ ᠵᠠᠷᠤᠳ ᠬᠠᠳᠬᠤᠮᠠᠯ᠂ ᠪᠠᠷ ᠵᠢᠷᠤᠭ᠂ ᠪᠥᠭᠡ ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠢ᠋ ᠠᠮᠢᠳᠤᠯᠢᠭ ᠶ᠋ᠢᠡᠷ ᠤᠯᠠᠮᠵᠢᠯᠠᠵᠤ ᠢᠷᠡᠵᠡᠢ; ᠦᠯᠢᠭᠡᠷ ᠤ᠋ᠨ ᠮᠦᠽᠧᠢ᠂ ᠪᠣᠷᠣ ᠬᠣᠰᠢᠭᠤ ᠭᠠᠴᠠᠭᠠᠨ ᠤ᠋ ᠨᠡᠭᠦᠳᠡᠯ ᠮᠠᠯᠵᠢᠯ ᠤ᠋ᠨ ᠰᠣᠶᠣᠯ ᠤ᠋ᠨ ᠮᠦᠽᠧᠢ ᠶ᠋ᠢᠨ ᠣᠷᠳᠣᠨ ᠳ᠋ᠤ ᠶᠡᠬᠡ ᠬᠡᠮᠵᠢᠶᠡᠨ ᠤ᠋ ᠨᠡᠭᠦᠳᠡᠯ ᠮᠠᠯᠵᠢᠯ ᠤ᠋ᠨ ᠦᠢᠯᠡᠳᠪᠦᠷᠢᠯᠡᠯ ᠠᠮᠢᠳᠤᠷᠠᠯ ᠤ᠋ᠨ ᠪᠣᠳᠠᠲᠤ᠌ ᠪᠣᠳᠠᠰ ᠢ᠋ ᠨᠠᠨᠳᠢᠩᠨᠠᠨ ᠬᠠᠳᠠᠭᠠᠯᠠᠵᠤ ᠪᠠᠢᠨ᠎ᠠ᠃
ᠤᠢᠯᠠᠭᠠᠭᠰᠠᠨ ᠵᠢᠡᠷ᠂ ᠮᠠᠨ ᠤ᠋ ᠤᠷᠤᠨ ᠤ᠋ ᠠᠤᠬᠠᠨ ᠤ᠋ ᠬᠠᠭᠤᠷᠠᠢ ᠲᠠᠷᠢᠶᠠᠯᠠᠭ᠎ᠠ ᠶ᠋ᠢᠨ ᠲᠠᠷᠢᠶᠠᠯᠠᠡᠭ ᠤ᠋ᠨ ᠰᠢᠰᠲᠸᠮ (ᠤᠯᠠᠭᠠᠨᠬᠠᠳᠠ)᠂ ᠠᠷᠤ ᠬᠤᠷᠴᠢᠨ ᠤ᠋ ᠲᠠᠯ᠎ᠠ ᠨᠤᠳᠤᠭ ᠤ᠋ᠨ ᠨᠡᠭᠦᠳᠡᠯ ᠮᠠᠯᠵᠢᠯ ᠤ᠋ᠨ ᠰᠢᠰᠲᠸᠮ (ᠤᠯᠠᠭᠠᠨᠬᠠᠳᠠ)᠂ ᠡᠵᠡᠨ ᠬᠤᠷᠤᠭ᠎ᠠ ᠶ᠋ᠢᠨ ᠲᠠᠷᠢᠶᠠᠯᠠᠡᠭ ᠮᠠᠯ ᠠᠵᠤ ᠠᠬᠤᠢ ᠶ᠋ᠢᠨ ᠦᠢᠯᠡᠳᠪᠦᠷᠢᠯᠡᠯ ᠤ᠋ᠨ ᠰᠢᠰᠲᠸᠮ (ᠤᠷᠳᠤᠰ)᠂ ᠤᠷᠠᠳ ᠤ᠋ᠨ ᠬᠣᠶ᠋ᠢᠲᠤ᠌ ᠬᠣᠰᠢᠭᠤᠨ ᠤ᠋ ᠭᠣᠪᠢ ᠶ᠋ᠢᠨ ᠤᠯᠠᠭᠠᠨ ᠲᠡᠮᠡᠭᠡ ᠮᠠᠯᠵᠢᠬᠤ ᠰᠢᠰᠲ᠋ᠧᠮ (ᠪᠠᠶᠠᠨᠨᠠᠭᠤᠷ)᠂ ᠦᠴᠦᠸᠠᠨ ᠤ᠋ ᠨᠣᠬᠠᠶ ᠶ᠋ᠢᠨ ᠬᠣᠰᠢᠭᠤ ᠶ᠋ᠢᠨ ᠤᠯᠠᠮᠵᠢᠯᠠᠯᠲᠤ᠌ ᠬᠠᠭᠤᠷᠠᠶ ᠲᠠᠷᠢᠶᠠᠯᠠᠭ᠎ᠠ ᠵᠢᠨ ᠰᠢᠰᠲ᠋ᠧᠮ (ᠬᠥᠬᠡᠬᠣᠲᠠ)᠂ ᠵᠡᠭᠦᠨ ᠦᠵᠦᠮᠦᠴᠢᠨ ᠬᠣᠰᠢᠭᠤᠨ ᠤ᠋ ᠨᠡᠭᠦᠳᠡᠯ ᠮᠠᠯᠵᠢᠯ ᠤ᠋ᠨ ᠦᠢᠯᠡᠳᠪᠦᠷᠢᠯᠡᠯ ᠤ᠋ᠨ ᠰᠢᠰᠲ᠋ᠧᠮ (ᠰᠢᠯᠢ ᠶ᠋ᠢᠨ ᠭᠤᠤᠯ)᠂ ᠬᠦᠷᠢᠶ᠎ᠡ ᠶ᠋ᠢᠨ ᠰᠠᠭᠠᠭ ᠤ᠋ᠨ ᠬᠠᠭᠤᠷᠠᠢ ᠲᠠᠷᠢᠶᠠᠯᠠᠭ᠎ᠠ ᠵᠢᠨ ᠰᠢᠰᠲ᠋ᠧᠮ᠂ ᠬᠢᠩᠭᠠᠨ ᠤ᠋ ᠬᠦᠢᠲᠡᠨ ᠤᠷᠤᠨ ᠤ᠋ ᠤᠰᠤᠨ ᠳᠤᠳᠤᠷᠭ᠎ᠠ ᠶ᠋ᠢᠨ ᠲᠠᠷᠢᠮᠠᠯ ᠤ᠋ᠨ ᠰᠢᠰᠲ᠋ᠧᠮ (ᠬᠢᠩᠭᠠᠨ ᠠᠶ᠋ᠢᠮᠠᠭ)᠂ ᠵᠠᠷᠤᠳ ᠤ᠋ᠨ ᠲᠠᠯ᠎ᠠ ᠨᠤᠲᠤᠭ ᠤ᠋ᠨ ᠨᠡᠭᠦᠳᠡᠯ ᠮᠠᠯᠵᠢᠯ ᠤ᠋ᠨ ᠰᠢᠰᠲ᠋ᠧᠮ (ᠲᠦᠡᠭᠯᠢᠶᠤᠤ) ᠵᠡᠷᠭᠡ 9 ᠵᠦᠢᠯ ᠤ᠋ᠨ ᠤᠯᠠᠮᠵᠢᠯᠠᠯᠲᠤ᠌ ᠮᠠᠯ ᠠᠵᠤ ᠠᠬᠤᠶ ᠲᠠᠷᠢᠶᠠᠯᠠᠡᠭ ᠤ᠋ᠨ ᠰᠢᠰᠲ᠋ᠧᠮ 《ᠳᠤᠮᠳᠠᠳᠤ ᠤᠯᠤᠰ ᠤ᠋ᠨ ᠴᠢᠬᠤᠯᠠ ᠬᠦᠳᠡᠬᠡ ᠠᠵᠤ ᠠᠬᠤᠢ ᠵᠢᠨ ᠰᠤᠶᠤᠯ ᠤ᠋ᠨ ᠦᠪ》 ᠤ᠋ᠨ ᠨᠡᠷᠡᠰ ᠲᠦ᠍ ᠪᠦᠷᠢᠳᠭᠡᠭᠳᠡᠵᠦ᠂ ᠬᠦᠢᠲᠡᠨ ᠤᠷᠤᠨ ᠤ᠋ ᠤᠰᠤᠨ ᠲᠤᠲᠤᠷᠭ᠎ᠠ ᠶ᠋ᠢᠨ ᠲᠠᠷᠢᠮᠠᠯ᠂ ᠬᠠᠭᠤᠷᠠᠶ ᠲᠠᠷᠢᠶᠠᠯᠠᠭ᠎ᠠ᠂ ᠲᠠᠯ᠎ᠠ ᠨᠤᠲᠤᠭ ᠤ᠋ᠨ ᠨᠡᠭᠦᠳᠡᠯ ᠮᠠᠯᠵᠢᠯ᠂ ᠡᠯᠡᠰᠦᠨ ᠴᠦᠯ ᠤ᠋ᠨ ᠮᠠᠯ ᠮᠠᠯᠵᠢᠯ ᠢ᠋ ᠪᠠᠭᠲᠠᠭᠠᠭᠰᠠᠨ ᠤᠯᠠᠨ ᠡᠰᠢᠲᠦ ᠬᠦᠳᠡᠬᠡ ᠠᠵᠤ ᠠᠬᠤᠢ ᠵᠢᠨ ᠰᠤᠶᠤᠯ ᠤ᠋ᠨ ᠦᠪ ᠤ᠋ᠨ ᠰᠢᠰᠲᠸᠮ ᠢ᠋ ᠪᠦᠷᠢᠯᠳᠦᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃