2026-11-06 12:15:33
ᠡᠯᠪᠡᠭ ᠬᠤᠷᠢᠶᠠᠯᠳᠠ ᠵᠢᠨ ᠠᠯᠲᠠᠨ ᠨᠠᠮᠤᠷ ᠵᠢᠨᠷ ᠲᠦᠩᠯᠢᠶᠣᠣ ᠬᠤᠳᠠ ᠶᠢᠨ 2000 ᠲᠦᠮᠡᠨ ᠮᠦ᠍ ᠡᠷᠳᠡᠨᠢ ᠰᠢᠰᠢ ᠲᠥᠪᠯᠡᠷᠡᠭᠦᠯᠦᠨ ᠬᠠᠳᠤᠵᠤ ᠬᠤᠷᠢᠶᠠᠬᠤ ᠬᠤᠭᠤᠴᠠᠭᠠᠨ᠎ᠳᠤ ᠣᠷᠣᠵᠤ᠂ ᠥᠷᠭᠡᠨ ᠤᠯᠠᠨ ᠲᠠᠷᠢᠶᠠᠴᠢᠨ ᠡᠷᠦᠭᠡ ᠲᠤᠩᠭᠠᠯᠠᠭ ᠰᠠᠢᠬᠠᠨ ᠡᠳᠦᠷ᠎ᠢ ᠠᠮᠵᠢᠨ ᠠᠮᠤ ᠪᠤᠳᠠᠭ᠎ᠠ᠎ᠪᠠᠨ ᠱᠠᠯᠠᠪᠳᠠᠨ ᠬᠤᠷᠢᠶᠠᠵᠤ ᠬᠥᠮᠥᠷᠭᠡᠯᠡᠨ᠂ ᠥᠷᠭᠡᠨ ᠠᠭᠤᠳᠠᠮ ᠥᠩ ᠰᠢᠮᠡᠯᠢᠭ ᠬᠤᠷᠴᠢᠨ ᠨᠤᠲᠤᠬ᠎ᠲᠦ ᠨᠠᠮᠤᠷ᠎ᠤᠨ ᠬᠤᠷᠢᠶᠠᠯᠲᠠ᠎ᠶᠢᠨ ᠶᠠᠭᠠᠷᠠᠯᠲᠠᠢ ᠪᠠᠢᠳᠠᠯ ᠭᠠᠵᠠᠷ ᠪᠤᠯᠭᠠᠨ ᠳ᠋ᠤ ᠬᠠᠷᠠᠬᠳᠠᠨ᠎ᠠ᠃
ᠲᠦᠷᠦᠬᠦᠬᠡᠨ᠂ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠴᠢᠶᠠᠨ ᠵᠢᠶᠠ ᠳ᠋ᠢᠶᠠᠨ ᠪᠠᠯᠭᠠᠰᠤᠨ᠎ᠤ ᠤᠷᠢᠳᠥ ᠰᠢᠨ᠎ᠡ ᠠᠢᠯ ᠲᠣᠰᠬᠣᠨ᠎ᠤ ᠲᠦᠮᠡᠨ ᠮᠦ᠍ ᠲᠤᠭᠠᠴᠢᠯᠠᠬᠰᠠᠨ ᠤᠶᠤᠨᠴᠢ ᠲᠠᠷᠢᠶᠠᠯᠠᠩ᠎ᠤᠨ ᠲᠠᠯᠠᠪᠠᠶ᠎ᠶᠢᠨ ᠲᠥᠷᠥᠯ ᠵᠦᠢᠯ᠎ᠦᠨ ᠤᠷᠤᠨ ᠳ᠋ᠤ ᠬᠡᠳᠦᠨ ᠲᠣᠮᠣ᠌ ᠬᠡᠯᠪᠡᠷᠢ᠎ᠶᠢᠨ ᠡᠷᠳᠡᠨᠢ ᠰᠢᠰᠢ᠎ᠶᠢᠨ ᠦᠷ᠎ᠡ ᠵᠢ ᠮᠥᠬᠥᠯᠢᠭᠵᠢᠭᠥᠯᠥᠨ ᠬᠤᠷᠢᠶᠠᠬᠤ ᠬᠠᠮ ᠮᠠᠰᠢᠨ ᠬᠥᠷᠴᠢᠭᠢᠨᠡᠨ ᠰᠥᠯᠵᠢᠯᠳᠥᠵᠤ᠂ ᠬᠠᠳᠤᠵᠤ ᠬᠤᠷᠢᠶᠠᠬᠤ᠂ ᠮᠥᠯᠢᠬᠦ᠂ ᠠᠮᠤ ᠪᠤᠳᠠᠭ᠎ᠠ᠎ᠶᠢ ᠠᠴᠢᠶᠠᠨ ᠮᠠᠰᠢᠨ ᠳ᠋ᠤ ᠪᠠᠭᠤᠯᠭᠠᠬᠤ ᠵᠡᠷᠭᠡ ᠠᠵᠢᠯ᠎ᠢ ᠨᠢᠭᠡ ᠯᠡ ᠠᠮᠢᠰᠬᠤᠭ᠎ᠠ᠎ᠪᠠᠷ ᠬᠥᠢᠴᠡᠳᠭᠡᠨ᠂ ᠠᠯᠲᠠᠨ ᠰᠢᠷᠭᠠᠯ ᠡᠷᠳᠡᠨᠢ ᠰᠢᠰᠢ᠎ᠶᠢᠨ ᠮᠥᠬᠥᠯᠢᠭ᠎ᠢ ᠰᠢᠭᠤᠳ ᠠᠴᠢᠶᠠᠨ ᠮᠠᠰᠢᠨ ᠵᠢᠨᠷ 《ᠠᠮᠤ ᠪᠤᠳᠠᠭᠠᠨ᠎ᠤ ᠪᠠᠩᠬᠢ》 ᠳ᠋ᠤ ᠰᠢᠯᠵᠢᠭᠦᠯᠦᠨ ᠬᠦᠷᠭᠡᠵᠦ᠂ ᠪᠥᠬᠥ ᠶᠠᠪᠤᠴᠠ᠎ᠳᠤ ᠠᠮᠤ ᠵᠢ ᠰᠢᠷᠥᠢᠳᠠᠭᠤᠯᠬᠤ ᠥᠭᠡᠢ᠂ ᠬᠠᠲᠠᠭᠠᠬᠤ ᠦᠭᠡᠢ᠂ ᠰᠢᠭᠤᠳ ᠬᠥᠮᠥᠷᠭᠡ᠎ᠳᠦ ᠣᠷᠣᠭᠤᠯᠵᠤ ᠬᠠᠳᠠᠭᠠᠯᠠᠨ᠂ ᠠᠮᠤ ᠪᠤᠳᠠᠭᠠᠨ᠎ᠤ ᠬᠣᠷᠣᠭᠳᠠᠯ᠎ᠢ ᠪᠥᠲᠥᠮᠵᠢᠳᠠᠢ ᠪᠠᠭᠠᠰᠬᠠᠵᠤ ᠪᠠᠢᠪᠠ᠃
《ᠮᠠᠨ᠎ᠤ ᠬᠣᠷᠰᠢᠶᠠᠨ᠎ᠤ ᠡᠷᠳᠡᠨᠢ ᠰᠢᠰᠢ᠎ᠶᠢᠨ ᠲᠠᠷᠢᠬᠰᠠᠨ ᠲᠠᠯᠠᠪᠠᠶ 2 ᠲᠦᠮᠡᠨ ᠮᠦ᠍᠂ ᠨᠡᠢᠭᠡᠮᠴᠢᠯᠡᠭᠰᠡᠨ ᠦᠢᠯᠡᠴᠢᠯᠡᠭᠡᠨ᠎ᠦ ᠪᠦᠷᠬᠦᠴᠡ 10 ᠲᠦᠮᠡᠨ ᠮᠦ᠍ ᠳ᠋ᠤ ᠬᠥᠷᠴᠥ᠂ 10 ᠰᠠᠷ᠎ᠠ᠎ᠶᠢᠨ 11᠎ᠪ ᠡᠳᠦᠷ᠎ᠡᠴᠡ ᠡᠬᠢᠯᠡᠨ ᠬᠠᠳᠤᠵᠤ᠂ 8 ᠮᠥᠬᠥᠯᠢᠭᠵᠢᠭᠥᠯᠥᠨ ᠰᠢᠭᠤᠳ ᠬᠤᠷᠢᠶᠠᠬᠤ ᠬᠠᠮ ᠮᠠᠰᠢᠨ᠎ᠢ ᠬᠡᠷᠡᠭᠯᠡᠨ᠂ ᠣᠳᠣᠬᠠᠨ᠎ᠳᠤ 1 ᠲᠥᠮᠡ ᠭᠠᠷᠤᠢ ᠮᠸ᠋ ᠵᠢ ᠨᠢᠭᠡᠨᠳᠡ ᠬᠤᠷᠢᠶᠠᠨ ᠬᠥᠮᠥᠷᠭᠡᠯᠡᠵᠤ᠂ ᠠᠩᠬ᠎ᠠ ᠠᠯᠬᠤᠮ᠎ᠤᠨ ᠵᠢᠱ᠌ᠢᠯᠲᠠ ᠪᠡᠷ ᠮᠦ᠍ ᠨᠢᠭᠡᠴᠢ᠎ᠶᠢᠨ ᠤᠨᠠᠯᠲᠠ 1100 ᠺᠢᠯᠣᠭ᠌ᠷᠠᠮ᠎ᠠᠴᠠ ᠳᠡᠭᠡᠭᠰᠢ ᠳ᠋ᠤ ᠬᠥᠷᠥᠨ᠎ᠡ》 ᠭᠡᠵᠤ ᠲᠦᠩᠯᠢᠶᠣᠣ ᠬᠤᠳᠠ᠎ᠶᠢᠨ ᠬᠤᠢ ᠮᠢᠨ ᠱᠧᠩ ᠹᠧᠩ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶ᠎ᠠ ᠵᠢᠨ ᠬᠣᠯᠪᠣᠭᠠᠲᠤ ᠬᠣᠷᠰᠢᠶᠠᠨ᠎ᠤ ᠬᠡᠷᠡᠭ ᠡᠷᠬᠢᠯᠡᠭᠴᠢᠳ᠎ᠦᠨ ᠳᠠᠷᠤᠭ᠎ᠠ ᠮᠠ ᠵᠦᠩ ᠴᠧᠨᠬᠡᠯᠡᠬᠦ ᠳᠦ ᠴᠢᠷᠠᠢ᠎ᠳᠤᠨᠢ ᠪᠠᠶᠠᠷ ᠪᠠᠬᠠᠳᠤᠯ᠎ᠢᠶᠠᠷ ᠪᠢᠯᠬᠠᠵᠤ ᠪᠠᠢᠯ᠎ᠠ᠃
ᠠᠯᠳᠠᠨ ᠨᠠᠮᠤᠷ᠎ᠤᠨ ᠡᠯᠪᠡᠭ ᠬᠤᠷᠢᠶᠠᠯᠲᠠ᠎ᠶᠢᠨ ᠬᠢᠷᠢ ᠪᠦᠲᠦᠮᠵᠢ᠎ᠶᠢᠨ ᠬᠠᠭᠤᠳᠠᠰᠤ᠎ᠶᠢᠨ ᠠᠷᠤ᠎ᠳᠤ᠂ ᠪᠦᠬᠦ ᠬᠡᠯᠬᠢᠶ᠎ᠡ᠎ᠶᠢᠨ ᠲᠠᠷᠢᠶᠠᠯᠠᠩ᠎ᠤᠨ ᠮᠡᠷᠭᠡᠵᠢᠯ᠎ᠦᠨ ᠰᠢᠰᠲ᠋ᠧᠮ ᠬᠦᠴᠦᠲᠡᠢ ᠲᠤᠯᠭᠠᠭᠤᠷᠢᠯᠠᠯ ᠬᠠᠩᠭᠠᠪᠠ᠃ ᠬᠣᠷᠴᠢᠨ ᠲᠣᠭᠣᠷᠢᠭ᠋ ᠨᠢ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠯᠢ ᠱᠤᠤ ᠺᠦᠨ ᠲᠤᠰᠬᠠᠢ ᠮᠡᠷᠭᠡᠵᠢᠯᠲᠡᠨ᠎ᠦ ᠪᠦᠯᠬᠦᠮ᠎ᠢᠶᠡᠷ ᠮᠡᠷᠭᠡᠵᠢᠯ᠎ᠦᠨ ᠭᠤᠤᠯᠯᠠᠬᠤ ᠬᠥᠴᠥᠨ ᠪᠣᠯᠭᠠᠵᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠵᠠᠮ ᠬᠠᠷᠢᠯᠴᠠᠭᠠᠨ᠎ᠤ ᠪᠦᠳᠦᠭᠡᠨ ᠪᠠᠢᠭᠤᠯᠤᠯᠳᠠ ᠵᠢᠨ ᠬᠢᠵᠠᠭᠠᠷᠳᠤ ᠺᠤᠮᠫᠠᠨᠢ ᠵᠢᠨ ᠨᠢᠭᠡᠳᠦᠭᠡᠷ ᠵᠠᠰᠠᠮᠠᠯ ᠵᠠᠮ᠎ᠤᠨ ᠢᠨᠵᠸᠨ᠋ᠸᠷᠢᠩ᠎ᠤᠨ ᠲᠤᠪᠴᠢᠶ᠎ᠠ ᠵᠢᠨ ᠭᠢᠵᠠᠭᠠᠷᠳᠤ ᠺᠤᠮᠫᠠᠨᠢ᠎ᠳᠤ ᠲᠦᠰᠢᠭᠯᠡᠨ᠂ ᠲᠦᠩᠯᠢᠶᠣᠣ ᠬᠤᠳᠠ᠎ᠶᠢᠨ ᠬᠤᠢ ᠮᠢᠨ ᠱᠧᠩ ᠹᠧᠩ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶ᠎ᠠ ᠵᠢᠨ ᠬᠣᠯᠪᠣᠭᠠᠲᠤ ᠬᠤᠷᠰᠢᠶ᠎ᠠ᠎ᠪᠠᠷ ᠪᠦᠲᠦᠭᠡᠨ ᠪᠠᠢᠭᠤᠯᠤᠯᠲᠠ᠎ᠶᠢᠨ ᠭᠣᠣᠯ ᠴᠣᠭᠴᠠ ᠪᠣᠯᠭᠠᠵᠤ᠂ ᠤᠷᠢᠳᠥ ᠰᠢᠨ᠎ᠡ ᠠᠢᠯ ᠲᠣᠰᠬᠣᠨ᠎ᠤ ᠲᠦᠮᠡᠨ ᠮᠦ᠍ ᠲᠣᠭᠠᠴᠢᠯᠠᠬᠰᠠᠨ ᠤᠶᠤᠨᠴᠢ ᠲᠠᠷᠢᠶᠠᠯᠠᠩ᠎ᠤᠨ ᠲᠠᠯᠠᠪᠠᠢ᠎ᠶᠢᠨ ᠵᠢᠱ᠌ᠢᠶ᠎ᠡ ᠦᠵᠡᠭᠦᠯᠬᠦ ᠰᠠᠭᠤᠷᠢᠨ᠎ᠢ ᠪᠠᠢᠭᠤᠯᠵᠠᠢ᠃ ᠲᠣᠰ ᠰᠠᠭᠤᠷᠢᠨ ᠨᠢ ᠪᠤᠰᠤᠭ᠎ᠠ ᠴᠤᠬᠴᠠᠳᠥ ᠬᠢᠨᠠᠨ ᠬᠡᠮᠵᠢᠵᠦ ᠮᠡᠳᠡᠷᠡᠬᠦ᠂ ᠣᠶᠤᠨᠲᠤ ᠲᠠᠷᠢᠶᠠᠯᠠᠩ᠎ᠤᠨ ᠮᠠᠰᠢᠨ ᠲᠣᠨᠣᠭᠯᠠᠯ᠂ ᠲᠠᠷᠢᠶᠠᠨ ᠭᠠᠵᠠᠷ᠎ᠤᠨ ᠣᠶᠤᠨᠲᠤ ᠤᠰᠤᠯᠠᠯᠲᠠ ᠵᠡᠷᠭᠡ ᠰᠢᠰᠲᠧᠮ᠎ᠢ ᠲᠣᠬᠢᠷᠠᠭᠤᠯᠵᠤ ᠤᠬᠰᠠᠷᠠᠬᠤ ᠪᠠᠷ ᠳᠡᠮᠵᠢᠨ᠂ ᠪᠦᠬᠦᠶ᠋ᠢᠯᠡ ᠦᠢᠯᠡᠳᠪᠦᠷᠢᠯᠡᠯ ᠳ᠋ᠡᠬᠢ ᠬᠠᠭᠠᠯᠪᠥᠷᠢᠯᠡᠬᠤ᠂ ᠳᠠᠷᠢᠬᠤ᠂ ᠰᠡᠷᠭᠡᠢᠯᠡᠬᠦ᠂ ᠬᠤᠷᠢᠶᠠᠬᠤ ᠪᠥᠬᠥ ᠶᠠᠪᠤᠴᠠ᠎ᠶᠢᠨ ᠣᠶᠤᠨᠴᠢᠯᠠᠵᠤ ᠲᠣᠭᠠᠴᠢᠯᠠᠭᠰᠠᠨ ᠬᠠᠮᠢᠶᠠᠷᠤᠯᠲᠠ᠎ᠶᠢ ᠪᠡᠶᠡᠯᠡᠭᠦᠯᠵᠤ᠂ ᠡᠷᠳᠡᠨᠢ ᠰᠢᠰᠢ᠎ᠶᠢᠨ ᠦᠢᠯᠡᠳᠪᠦᠷᠢᠯᠡᠯ᠎ᠦᠨ ᠭᠣᠭᠴᠣᠭ᠎ᠠ ᠨᠢᠭᠡᠪᠦᠷᠢ᠎ᠶᠢ ᠴᠥᠮ ᠲᠣᠭ᠎ᠠ ᠪᠠᠷᠢᠮᠲᠠ ᠳᠠᠢ᠂ ᠤᠨᠤᠴᠠᠳᠠᠢ ᠲᠣᠬᠢᠷᠠᠭᠤᠯᠤᠯ ᠡᠵᠡᠮᠳᠡᠯ ᠲᠠᠢ ᠪᠣᠯᠭᠠᠬᠰᠠᠨ ᠪᠠᠢᠨ᠎ᠠ᠃
ᠤᠯᠤᠰ᠎ᠤᠨ ᠴᠢᠬᠤᠯᠠ ᠲᠠᠸᠠᠷ᠎ᠤᠨ ᠠᠮᠤ ᠪᠤᠳᠠᠭᠠᠨ᠎ᠤ ᠰᠠᠭᠤᠷᠢᠨ ᠪᠠ ᠡᠷᠳᠡᠨᠢ ᠰᠢᠰᠢ᠎ᠶᠢᠨ ᠦᠢᠯᠡᠳᠪᠦᠷᠢᠯᠡᠯ᠎ᠦᠨ ᠰᠠᠭᠤᠷᠢᠨ ᠪᠣᠯᠤᠭᠰᠠᠨ᠎ᠤ ᠬᠤᠪᠢ᠎ᠳᠤ᠂ ᠡᠨᠡ ᠵᠢᠯ ᠲᠦᠩᠯᠢᠶᠣᠣ ᠬᠤᠲᠠ ᠨᠢ 《ᠮᠢᠩᠭᠠᠨ ᠲᠦᠮᠡᠨ ᠮᠦ᠍ ᠳᠤᠮᠳᠠᠳᠤ ᠤᠯᠤᠰ᠎ᠤᠨ ᠤᠮᠠᠷᠠᠲᠤ᠎ᠶᠢᠨ ᠡᠷᠳᠡᠨᠢ ᠰᠢᠰᠢ᠎ᠶᠢᠨ ᠳᠠᠩ ᠤᠯᠠᠷᠢᠯ᠎ᠤᠨ 〈ᠲᠣᠨ᠎ᠤ ᠬᠤᠷᠢᠶᠠᠯᠳᠠ ᠲᠠᠢ ᠲᠠᠷᠢᠶ᠎ᠠ〉 ᠵᠢᠨ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ》 ᠬᠠᠷᠠᠯᠲᠠ᠎ᠶᠢ ᠲᠣᠭᠲᠠᠭᠠᠵᠤ᠂ ᠪᠥᠬᠥ ᠵᠢᠯ᠎ᠳᠦ ᠡᠷᠳᠡᠨᠢ ᠰᠢᠰᠢ᠎ᠶᠢ ᠨᠢᠭ᠍ᠲᠠ ᠳᠠᠷᠢᠵᠤ ᠡᠯᠪᠡᠭ ᠬᠤᠷᠢᠶᠠᠨ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ᠎ᠦᠨ ᠵᠠᠭᠪᠤᠷ᠎ᠢ 1200 ᠲᠦᠮᠡᠨ ᠮᠦ᠍ ᠳᠡᠯᠭᠡᠷᠡᠭᠦᠯᠥᠨ᠂ ᠨᠡᠶ᠋ᠢᠲᠡ 400 ᠲᠦᠮᠡᠨ ᠮᠦ᠍ 《ᠲᠣᠨ᠎ᠤ ᠬᠤᠷᠢᠶᠠᠯᠳᠠ ᠲᠠᠢ ᠲᠠᠷᠢᠶ᠎ᠠ》 ᠵᠢᠨ ᠭᠣᠣᠯ ᠣᠷᠣᠨ᠎ᠤ ᠰᠠᠭᠤᠷᠢ᠎ᠶᠢ ᠪᠠᠲᠤᠯᠠᠨ ᠪᠡᠶᠡᠯᠡᠭᠦᠯᠵᠦ᠂ 《ᠰᠠᠢᠨ ᠲᠠᠷᠢᠶᠠᠨ ᠭᠠᠵᠠᠷ + ᠰᠢᠯᠢᠳᠡᠭ ᠮᠡᠷᠭᠡᠵᠢᠯ》 ᠦ᠋ᠨ ᠬᠠᠮᠲᠤᠷᠠᠯ ᠬᠥᠴᠥᠨ᠎ᠢᠶᠠᠷ ᠠᠮᠤ ᠪᠤᠳᠠᠭᠠᠨ᠎ᠤ ᠤᠨᠠᠯᠲᠠ᠎ᠶᠢ ᠲᠣᠭᠲᠠᠪᠤᠷᠢᠵᠢᠭᠤᠯᠬᠤ ᠰᠠᠭᠤᠷᠢ᠎ᠶᠢ ᠥᠷᠬᠥᠯᠵᠢᠯᠠᠨ ᠪᠡᠬᠢᠵᠢᠭᠥᠯᠵᠠᠢ᠃
ᠲᠦᠩᠯᠢᠶᠣᠣ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ᠂ ᠲᠠᠷᠢᠮᠠᠯ᠎ᠤᠨ ᠦᠢᠯᠡᠰ᠎ᠦᠨ ᠬᠠᠮᠢᠶᠠᠷᠤᠯᠲᠠ᠎ᠶᠢᠨ ᠰᠠᠯᠠᠭᠠᠨ᠎ᠤ ᠳᠠᠷᠤᠭ᠎ᠠ ᠶᠢᠨ ᠹᠧᠩ ᠵᠧᠨ᠄ 《ᠣᠳᠣᠬᠠᠨ᠎ᠳᠤ ᠪᠥᠬᠥ ᠬᠣᠲᠠ᠎ᠶᠢᠨ 2000 ᠲᠦᠮᠡ ᠰᠢᠬᠠᠮ ᠮᠦ᠍ ᠡᠷᠳᠡᠨᠢ ᠰᠢᠰᠢ᠎ᠶᠢ ᠬᠠᠳᠤᠵᠤ ᠬᠤᠷᠢᠶᠠᠬᠤ ᠠᠵᠢᠯ ᠲᠦᠷᠭᠡᠨ ᠵᠢᠨᠷ ᠠᠬᠢᠵᠤ ᠪᠤᠢ᠂ ᠡᠨᠡ ᠵᠢᠯ᠎ᠦᠨ ᠲᠦᠩᠯᠢᠶᠣᠣ᠎ᠶᠢᠨ ᠡᠷᠳᠡᠨᠢ ᠰᠢᠰᠢ᠎ᠶᠢᠨ ᠦᠢᠯᠡᠳᠪᠦᠷᠢᠯᠡᠯ ᠨᠢ ᠡᠮᠦᠨᠡᠬᠢ ᠬᠤᠭᠤᠴᠠᠭᠠᠨ᠎ᠤ ᠬᠦᠢᠲᠡᠨ ᠠᠭᠤᠷ ᠠᠮᠢᠰᠬᠤᠯ ᠪᠠ ᠬᠤᠷ᠎ᠠ ᠲᠤᠨᠳᠠᠰᠤ ᠡᠯᠪᠡᠭ᠂ ᠰᠡᠭᠦᠯᠴᠢ᠎ᠶᠢᠨ ᠬᠤᠭᠤᠴᠠᠭᠠᠨ᠎ᠤ ᠥᠨᠳᠥᠷ ᠳᠤᠯᠠᠭᠠᠨ ᠪᠠ ᠭᠠᠩ ᠬᠠᠭᠰᠠᠷᠠᠭᠠᠨ ᠵᠡᠷᠭᠡ ᠤᠯᠠᠨ ᠰᠢᠯᠭᠠᠯᠲᠠ᠎ᠳᠤ ᠤᠴᠠᠷᠠᠬᠰᠠᠨ ᠪᠤᠯᠪᠠᠴᠥ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠪᠣᠯᠣᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠮᠡᠷᠭᠡᠵᠢᠯ᠎ᠦᠨ ᠲᠤᠯᠭᠠᠭᠤᠷᠢᠯᠠᠯ ᠳᠣᠣᠷ᠎ᠠ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠶᠡᠷᠦᠩᠬᠡᠢ ᠪᠠᠢᠳᠠᠯ ᠨᠡᠯᠢᠶᠡᠳ ᠲᠣᠭᠲᠠᠭᠤᠨ ᠪᠠᠢᠨ᠎ᠠ》 ᠭᠡᠵᠦ ᠳᠠᠨᠢᠯᠴᠠᠭᠤᠯᠵᠤ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃