2026-11-12 11:51:59
11 ᠰᠠᠷ᠎ᠠ ᠶ᠋ᠢᠨ 10 ᠤ᠋ ᠡᠳᠦᠷ᠂ ᠥᠪᠥᠷ ᠮᠣᠩᠭᠣᠯ ᠤ᠋ᠨ ᠬᠣᠶᠠᠳᠤᠭᠠᠷ ᠬᠤᠭᠤᠴᠠᠭᠠᠨ ᠤ᠋ ᠮᠠᠯ ᠤ᠋ᠨ ᠠᠰᠢᠭ ᠰᠢᠮᠡᠲᠠᠷᠢᠶᠠᠯᠠᠡᠭ ᠤ᠋ᠨ ᠪᠦᠲᠦᠭᠡᠭᠳᠡᠬᠦᠨ ᠤ᠋ ᠪᠣᠭᠣᠳᠠᠯ ᠪᠠᠭᠯᠠᠭ᠎ᠠ ᠶ᠋ᠢᠨ ᠵᠢᠷᠤᠭ ᠲᠥᠯᠥᠪᠯᠡᠭᠡ ᠶ᠋ᠢᠨ ᠤᠷᠤᠯᠳᠤᠭᠠᠨ ᠤ᠋ ᠦᠷ᠎ᠡ ᠪᠦᠲᠦᠭᠡᠯ ᠢ᠋ ᠳᠡᠯᠭᠡᠨ ᠦᠵᠡᠭᠦᠯᠵᠦ᠂ ᠡᠴᠦᠰ ᠤ᠋ᠨ ᠳ᠋ᠦᠡᠭ ᠢ᠋ ᠰᠢᠯᠭᠠᠷᠠᠭᠤᠯᠬᠤ ᠠᠵᠢᠯᠯᠠᠭ᠎ᠠ ᠬᠥᠬᠡᠬᠣᠲᠠ ᠳ᠋ᠤ ᠶᠠᠪᠤᠭᠳᠠᠪᠠ᠃
ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠢ᠋ ᠲᠦᠷᠭᠡᠳᠬᠡᠨ ᠪᠠᠶ᠋ᠢᠭᠤᠯᠬᠤ ᠶ᠋ᠢᠨ ᠲᠥᠯᠥᠭᠡ᠂ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠬᠣᠶᠠᠷ ᠵᠢᠯ ᠳᠠᠷᠠᠭᠠᠯᠠᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠣᠭᠣᠳᠠᠯ ᠪᠠᠭᠯᠠᠭ᠎ᠠ ᠶ᠋ᠢᠨ ᠵᠢᠷᠤᠭ ᠲᠥᠯᠥᠪᠯᠡᠭᠡ ᠶ᠋ᠢᠨ ᠤᠷᠤᠯᠳᠤᠭᠠᠨ ᠢ᠋ ᠡᠷᠬᠢᠯᠡᠨ ᠶᠠᠪᠤᠭᠳᠠᠭᠤᠯᠵᠤ ᠪᠤᠢ᠃ ᠤᠷᠤᠯᠳᠤᠭᠠᠨ ᠨᠢ《ᠵᠢᠷᠤᠭ ᠲᠥᠯᠥᠪᠯᠡᠭᠡ ᠪᠡᠷ ᠠᠵᠤ ᠦᠢᠯᠡᠰ ᠲᠦ᠍ ᠡᠨ᠋ᠸᠷᠬᠢ ᠤᠯᠭᠤᠨ᠂ ᠰᠣᠶᠣᠯ ᠵᠢᠡᠷ ᠲᠥᠷᠥᠯ ᠲᠡᠮᠳᠡᠭ ᠤ᠋ᠨ ᠨᠡᠷ᠎ᠡ ᠠᠯᠳᠠᠷᠰᠢᠯ ᠢ᠋ ᠦᠷᠭᠡᠳᠬᠡᠵᠦ᠂ ᠪᠣᠬᠢᠷᠲᠤᠯ ᠥᠬᠡᠶ ᠪᠡᠷ ᠢᠷᠡᠭᠡᠳᠦᠶ ᠵᠢ ᠬᠦᠲᠦᠯᠦᠨ ᠳᠠᠭᠠᠭᠤᠯᠬᠤ》ᠪᠡᠷ ᠬᠠᠷᠠᠯᠲᠠ ᠪᠣᠯᠭᠠᠵᠤ᠂ ᠦᠬᠡᠷ ᠬᠣᠨᠢᠨ ᠮᠢᠬ᠎ᠠ᠂ ᠪᠢᠰᠢᠯᠠᠭ ᠵᠢᠴᠢ ᠴᠠᠭᠠᠨ ᠢᠳᠡᠭᠡᠨ᠂ ᠡᠯᠳᠡᠪ ᠠᠮᠤ ᠵᠢᠴᠢ ᠤᠨᠴᠠᠯᠢᠬᠳᠤ ᠲᠠᠷᠢᠶᠠᠯᠠᠩ ᠤ᠋ᠨ ᠪᠦᠲᠦᠭᠡᠭᠳᠡᠬᠦᠨ᠂ ᠬᠢᠲᠠᠳ ᠮᠣᠩᠭᠣᠯ ᠡᠮ ᠤ᠋ᠨ ᠮᠠᠲ᠋ᠧᠷᠢᠶᠠᠯ ᠵᠡᠷᠭᠡ 4 ᠶᠡᠬᠡ ᠳᠠᠪᠠᠭᠤᠯᠢᠭᠲᠦ ᠠᠵᠤ ᠦᠢᠯᠡᠰ ᠲᠦ᠍ ᠠᠩᠬᠠᠷᠤᠯ ᠵᠢᠡᠨ ᠲᠦᠪᠯᠡᠷᠡᠭᠦᠯᠦᠨ᠂ ᠪᠥᠬᠥ᠌ ᠤᠯᠤᠰ ᠤ᠋ᠨ ᠬᠡᠪᠴᠢᠶ᠎ᠡ ᠡᠴᠡ ᠵᠢᠷᠤᠭ ᠲᠥᠯᠥᠪᠯᠡᠭᠡ ᠶ᠋ᠢᠨ ᠪᠦᠲᠦᠭᠡᠯ ᠡᠯᠰᠡᠨ ᠴᠤᠭᠯᠠᠭᠤᠯᠵᠠᠢ᠃
ᠬᠣᠶᠠᠳᠤᠭᠠᠷ ᠬᠤᠭᠤᠴᠠᠭᠠᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠣᠭᠣᠳᠠᠯ ᠪᠠᠭᠯᠠᠭ᠎ᠠ ᠶ᠋ᠢᠨ ᠵᠢᠷᠤᠭ ᠲᠥᠯᠥᠪᠯᠡᠭᠡ ᠶ᠋ᠢᠨ ᠤᠷᠤᠯᠳᠤᠭᠠᠨ ᠡᠬᠢᠯᠡᠭᠰᠡᠨ ᠡᠴᠡ ᠨᠠᠭᠠᠰᠢ ᠨᠡᠶ᠋ᠢᠲᠡ 643 ᠬᠤᠪᠢ ᠬᠦᠴᠦᠨ ᠪᠥᠬᠥᠶ ᠪᠦᠲᠦᠭᠡᠯ ᠡᠯᠰᠡᠪᠠ᠃ ᠠᠵᠤ ᠠᠬᠤᠶ᠋ᠢᠯᠠᠯ ᠤ᠋ᠨ ᠬᠡᠷᠡᠭᠴᠡᠭᠡ ᠱᠠᠭᠠᠷᠳᠠᠯᠭ᠎ᠠ ᠶ᠋ᠢᠨ ᠪᠠᠶ᠋ᠢᠴᠠᠭᠠᠨ ᠰᠤᠳᠤᠯᠤᠯᠲᠠ᠂ ᠲᠤᠰᠬᠠᠶ ᠮᠡᠷᠭᠡᠵᠢᠯᠲᠡᠨ ᠤ᠋ ᠰᠦᠯᠵᠢᠶᠡᠨ ᠳᠡᠭᠡᠷᠡᠬᠢ ᠬᠢᠨᠠᠨ ᠲᠣᠭᠲᠠᠭᠠᠯᠲᠠ ᠪᠠ ᠲᠤᠬᠠᠶ ᠶ᠋ᠢᠨ ᠲᠠᠯᠠᠪᠠᠶ ᠶ᠋ᠢᠨ ᠣᠯᠠᠨ ᠨᠡᠶ᠋ᠢᠲᠡ ᠶ᠋ᠢᠨ ᠬᠢᠨᠠᠨ ᠲᠣᠭᠲᠠᠭᠠᠯᠲᠠᠵᠡᠷᠭᠡ ᠣᠯᠠᠨ ᠡᠭᠡᠯᠵᠢ ᠶ᠋ᠢᠨ ᠰᠢᠯᠢᠨ ᠰᠣᠩᠭᠣᠯᠲᠠ ᠪᠠᠷ ᠳᠡᠮᠵᠢᠨ ᠬᠠᠮᠤᠭ ᠤ᠋ᠨ ᠰᠡᠬᠦᠯ ᠳ᠋ᠤ 24 ᠪᠦᠲᠦᠭᠡᠯ ᠠᠯᠲᠠᠠ ᠮᠸᠳᠠᠯ᠂ ᠮᠦᠡᠭᠬᠦᠨ ᠮᠸᠳᠠᠯ ᠪᠠ ᠬᠦᠷᠡᠯ ᠮᠸᠳᠠᠯ ᠢ᠋ ᠬᠦᠷᠳᠡᠵᠠᠢ᠃ ᠱᠠᠩᠨᠠᠯ ᠣᠯᠤᠭᠰᠠᠨ ᠡᠳᠡᠬᠡᠷ ᠪᠦᠲᠦᠭᠡᠯ ᠳ᠋ᠤ ᠰᠢᠨ᠎ᠠ ᠵᠢ ᠡᠬᠦᠳᠦᠭᠰᠡᠨ ᠪᠦᠲᠦᠭᠡᠯᠴᠢ ᠰᠡᠳᠬᠢᠮᠵᠢ ᠲᠠᠢ ᠪᠦᠬᠡᠳ ᠪᠤᠬᠢᠷᠳᠤᠯ ᠦᠭᠡᠢ ᠮᠠᠲᠸᠷᠢᠶᠠᠯ ᠢ᠋ ᠬᠡᠷᠡᠭᠯᠡᠵᠦ᠂ ᠵᠠᠬ᠎ᠠ ᠳᠡᠯᠭᠡᠭᠦᠷ ᠤ᠋ᠨ ᠦᠨ᠎ᠡ ᠦᠷᠳᠡᠭ ᠶ᠋ᠢᠡᠷ ᠴᠦ᠍ ᠮᠠᠰᠢ ᠦᠨᠳᠦᠷ ᠶᠤᠮ᠃ ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ ᠳ᠋ᠤ ᠨᠢᠭᠡᠳᠦᠭᠡᠷ ᠬᠤᠭᠤᠴᠠᠭ᠎ᠠ᠂ ᠬᠣᠶᠠᠳᠤᠭᠠᠷ ᠬᠤᠭᠤᠴᠠᠭᠠᠨ ᠤ᠋《ᠥᠪᠥᠷ ᠮᠣᠩᠭᠣᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠤᠭᠤᠳᠠᠯ ᠪᠠᠭᠯᠠᠭ᠎ᠠ ᠶ᠋ᠢᠨ ᠵᠢᠷᠤᠭ ᠲᠦᠯᠦᠪᠯᠡᠭᠡ ᠶ᠋ᠢᠨ ᠤᠷᠤᠯᠳᠤᠭᠠᠨ ᠤ᠋ ᠰᠢᠯᠢᠳᠡᠭ ᠪᠦᠲᠦᠭᠡᠯ ᠤ᠋ᠨ ᠲᠡᠭᠦᠪᠦᠷᠢ》 ᠵᠢ ᠨᠡᠢᠲᠡᠯᠡᠵᠦ᠂ ᠰᠢᠯᠢᠳᠡᠭ ᠪᠦᠲᠦᠭᠡᠯ ᠤ᠋ᠨ ᠦᠵᠡᠭᠦᠯᠭᠡ ᠭᠠᠷᠭᠠᠵᠠᠢ᠃
ᠤᠢᠯᠠᠭᠠᠭᠰᠠᠨ ᠵᠢᠡᠷ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠤᠷᠤᠯᠳᠤᠭᠠᠨ ᠤ᠋ ᠦᠷ᠎ᠡ ᠪᠦᠲᠦᠭᠡᠯ ᠢ᠋ ᠢᠳᠡᠪᠬᠢᠲᠡᠢ ᠬᠤᠪᠢᠷᠠᠭᠤᠯᠤᠨ ᠤᠯᠠᠷᠢᠭᠤᠯᠵᠤ᠂ ᠰᠢᠯᠢᠳᠡᠭ ᠰᠠᠢᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠳ᠋ᠦ ᠭᠤᠶᠤ ᠰᠠᠢᠬᠠᠨ ᠪᠤᠭᠤᠳᠠᠯ ᠪᠠᠭᠯᠠᠭ᠎ᠠ ᠬᠡᠷᠡᠭᠯᠡᠬᠦ ᠵᠢ ᠠᠬᠢᠭᠤᠯᠵᠤ᠂ ᠦᠪᠤᠷ ᠮᠤᠩᠭᠤᠯ ᠤ᠋ᠨ ᠲᠠᠯ᠎ᠠ ᠨᠤᠲᠤᠭ ᠤ᠋ᠨ ᠪᠤᠬᠢᠷᠳᠤᠯ ᠦᠭᠡᠢ ᠪᠦᠲᠦᠭᠡᠭᠳᠡᠭᠦᠨ ᠤ᠋ ᠨᠡᠡᠭ ᠦᠷᠭᠡᠨ ᠵᠠᠬ᠎ᠠ ᠳᠡᠯᠭᠡᠭᠦᠷ ᠲᠦ᠍ ᠪᠤᠷᠤᠯᠠᠭᠤᠯᠤᠭᠳᠠᠬᠤ ᠳ᠋ᠦ ᠬᠦᠴᠦᠨ ᠨᠡᠮᠡᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃