ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-11-16 10:36:45

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠤ᠋ ᠠᠵᠢᠯᠲᠠᠳ ᠲᠦᠷᠦᠭᠦᠬᠡᠨ ᠶᠠᠪᠤᠭᠳᠠᠭᠰᠠᠨ ᠳᠤᠯᠤᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠲᠠᠷᠢᠶᠠᠯᠠᠡᠭ ᠤ᠋ᠨ ᠠᠵᠢᠯ ᠲᠦᠷᠦᠯ ᠤ᠋ᠨ ᠠᠵᠢᠯ ᠮᠡᠷᠭᠡᠵᠢᠯ ᠤ᠋ᠨ ᠤᠷ᠎ᠡ ᠴᠢᠳᠠᠪᠤᠷᠢ ᠶ᠋ᠢᠨ ᠤᠷᠤᠯᠳᠤᠭᠠᠨ ᠤ᠋ ᠰᠢᠢᠳᠪᠦᠷᠢᠲᠦ ᠤᠷᠤᠯᠳᠤᠭᠠᠨ ᠳ᠋ᠦ ᠦᠨᠳᠤᠷ ᠬᠢᠷᠢ ᠪᠦᠲᠦᠮᠵᠢ ᠤᠯᠵᠤ᠂ ᠲᠡᠤᠬᠡᠲᠦ ᠴᠢᠨᠠᠷᠲᠠᠢ ᠰᠢᠪᠲᠤᠯᠤᠯᠲᠠ ᠭᠠᠷᠭᠠᠪᠠ᠃

ᠤᠢᠯᠠᠭᠠᠭᠰᠠᠨ ᠶ᠋ᠢᠡᠷ᠂ ᠲᠤᠰ ᠬᠤᠭᠤᠴᠠᠭᠠᠨ ᠤ᠋ ᠤᠷᠤᠯᠳᠤᠭᠠᠨ ᠳ᠋ᠦ ᠮᠠᠨ ᠤ᠋ ᠤᠷᠤᠨ 19 ᠠᠵᠢᠯᠲᠠᠨ ᠢ᠋ ᠵᠤᠬᠢᠶᠠᠨ ᠪᠠᠢᠭᠤᠯᠤᠨ ᠤᠷᠤᠯᠴᠠᠭᠤᠯᠵᠤ᠂ 12 ᠠᠵᠢᠯᠲᠠᠨ ᠨᠢ ᠲᠠᠷᠢᠶᠠᠯᠠᠡᠭ ᠦᠢᠯᠡᠳᠪᠦᠷᠢᠯᠡᠯ᠂ ᠮᠠᠯ ᠡᠮᠨᠡᠯᠬᠡ᠂ ᠮᠠᠰᠢᠨ ᠲᠦᠬᠦᠭᠡᠷᠦᠮᠵᠢ ᠵᠢ ᠰᠠᠯᠪᠢᠨ ᠵᠠᠰᠠᠬᠤ᠂ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠶᠠᠰᠤ ᠴᠢᠨᠠᠷ ᠢ᠋ ᠬᠢᠨᠠᠨ ᠰᠢᠯᠭᠠᠬᠤ᠂ ᠤᠰᠤᠨ ᠤ᠋ ᠠᠮᠢᠳᠤ ᠪᠤᠳᠠᠰ ᠤ᠋ᠨ ᠡᠪᠡᠳᠴᠢᠨ ᠤ᠋ ᠬᠦᠨᠦᠭᠡᠯ ᠢ᠋ ᠰᠡᠷᠭᠡᠢᠯᠡᠨ ᠵᠠᠰᠠᠬᠤ᠂ ᠲᠠᠷᠢᠮᠠᠯ ᠤ᠋ᠨ ᠵᠦᠢᠯᠡᠰ ᠤ᠋ᠨ ᠤᠷᠭᠤᠮᠠᠯ ᠤ᠋ᠨ ᠬᠠᠮᠠᠭᠠᠯᠠᠯᠳᠠ ᠵᠡᠷᠭᠡ 6 ᠶᠡᠬᠡ ᠲᠦᠷᠦᠯ ᠤ᠋ᠨ ᠤᠷᠤᠯᠳᠤᠭᠠᠨ ᠳ᠋ᠦ ᠴᠦᠮ ᠱᠠᠡᠭᠨᠠᠯ ᠭᠠᠷᠳᠠᠪᠠ᠃ ᠡᠭᠦᠨ ᠳ᠋ᠦ ᠨᠢᠭᠡᠳᠦᠭᠡᠷ ᠳᠡᠰ ᠤ᠋ᠨ ᠱᠠᠡᠭᠨᠠᠯ 1᠂ ᠬᠤᠶᠠᠳᠤᠭᠠᠷ ᠳᠡᠰ ᠤ᠋ᠨ ᠱᠠᠡᠭᠨᠠᠯ 2᠂ ᠭᠤᠷᠪᠠᠳᠤᠭᠠᠷ ᠳᠡᠰ ᠤ᠋ᠨ ᠱᠠᠡᠭᠨᠠᠯ 9 ᠪᠤᠢ᠃ ᠲᠤᠰ ᠤᠷᠤᠯᠳᠤᠭᠠᠨ ᠳ᠋ᠦ ᠰᠢᠯᠢᠳᠡᠭ ᠬᠢᠷᠢ ᠪᠦᠲᠦᠮᠵᠢ ᠤᠯᠬᠤ ᠶ᠋ᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠪᠦᠬᠦ ᠤᠷᠤᠨ ᠤ᠋ ᠬᠡᠪᠴᠢᠶᠡᠨ ᠳ᠋ᠦ ᠤᠷᠤᠯᠳᠤᠭᠠᠨ ᠦᠷᠨᠢᠭᠦᠯᠵᠦ᠂ ᠰᠢᠯᠢᠳᠡᠭ ᠡᠴᠡ ᠰᠢᠯᠢᠳᠡᠭ ᠢ᠋ ᠰᠤᠡᠭᠭᠤᠨ ᠳᠠᠪᠳᠠᠨ ᠪᠤᠯᠪᠠᠰᠤᠷᠠᠭᠤᠯᠵᠤ᠂ ᠤᠷᠤᠯᠳᠤᠭᠠᠨ ᠳ᠋ᠦ ᠤᠷᠤᠯᠴᠠᠭᠰᠠᠳ ᠤ᠋ᠨ ᠤᠨᠤᠯ ᠤ᠋ᠨ ᠬᠡᠪ ᠪᠤᠯᠪᠠᠰᠤᠷᠠᠯ ᠪᠠ ᠪᠤᠳᠠᠳᠤ ᠠᠵᠢᠯᠯᠠᠭᠠᠨ ᠤ᠋ ᠴᠢᠳᠠᠪᠤᠷᠢ ᠵᠢ ᠪᠦᠬᠦ ᠲᠠᠯ᠎ᠠ ᠪᠡᠷ ᠳᠡᠭᠡᠭᠰᠢᠯᠡᠭᠦᠯᠪᠡ᠃

ᠤᠢᠷ᠎ᠠ ᠶ᠋ᠢᠨ ᠵᠢᠯ ᠳ᠋ᠦ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠮᠠᠯ ᠠᠵᠤ ᠠᠬᠤᠢ ᠲᠠᠷᠢᠶᠠᠯᠠᠡᠭ ᠤ᠋ᠨ ᠤᠷ᠎ᠠ ᠮᠡᠷᠭᠡᠰᠢᠯ ᠤ᠋ᠨ ᠴᠢᠳᠠᠪᠤᠷᠢᠲᠠᠨ ᠢ᠋ ᠬᠦᠮᠦᠵᠢᠭᠦᠯᠬᠦ ᠵᠢ ᠢᠮᠠᠭᠳᠠ ᠳᠤᠪᠤᠢᠮ᠎ᠠ ᠪᠠᠢᠷᠢᠨ ᠳ᠋ᠦ ᠲᠠᠯᠪᠢᠵᠤ᠂ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠪᠠ ᠮᠠᠯ ᠠᠵᠤ ᠠᠬᠤᠢ ᠲᠠᠷᠢᠶᠠᠯᠠᠡᠭ ᠤ᠋ᠨ ᠴᠢᠨᠠᠷ ᠰᠠᠢᠲᠠᠢ ᠬᠦᠭᠵᠢᠯᠲᠡ ᠶ᠋ᠢᠨ ᠭᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠵᠢᠯ ᠤ᠋ᠨ ᠪᠠᠢᠷᠢᠨ ᠳ᠋ᠦ ᠴᠡᠷᠢᠭ ᠪᠤᠯᠪᠠᠰᠤᠷᠠᠭᠤᠯᠬᠤ᠂ ᠤᠷ᠎ᠠ ᠮᠡᠷᠭᠡᠰᠢᠯ ᠤ᠋ᠨ ᠤᠷᠤᠯᠳᠤᠭᠠᠨ ᠵᠡᠷᠭᠡ ᠠᠵᠢᠯᠯᠠᠭ᠎ᠠ ᠵᠢ ᠦᠷᠨᠢᠭᠦᠯᠦᠭᠰᠡᠭᠡᠷ ᠢᠷᠡᠪᠡ᠃ ᠡᠭᠦᠨ ᠤ᠋ ᠬᠠᠮᠳᠤ᠂ ᠤᠷ᠎ᠠ ᠮᠡᠷᠭᠡᠰᠢᠯ ᠢ᠋ ᠳᠡᠭᠡᠭᠰᠢᠯᠡᠭᠦᠯᠬᠦ ᠵᠢ 《ᠲᠦᠷᠦᠭᠦᠴᠢ ᠭᠠᠯᠠᠭᠤ》᠂ ᠬᠦᠳᠡᠭᠡ ᠲᠤᠰᠬᠤᠨ ᠤ᠋ ᠪᠤᠳᠠᠳᠤ ᠬᠡᠷᠡᠭᠯᠡᠭᠡᠨ ᠤ᠋ ᠴᠢᠳᠠᠪᠤᠷᠢᠲᠠᠨ ᠪᠠ ᠦᠨᠳᠦᠷ ᠬᠡᠪ ᠪᠤᠯᠪᠠᠰᠤᠷᠠᠯ ᠲᠠᠢ ᠮᠠᠯᠴᠢᠨ ᠲᠠᠷᠢᠶᠠᠴᠢᠨ ᠵᠡᠷᠭᠡ ᠵᠢ ᠬᠦᠮᠦᠵᠢᠭᠦᠯᠬᠦ ᠲᠦᠷᠦᠯ ᠵᠦᠢᠯ ᠤ᠋ᠨ ᠪᠦᠬᠦ ᠶᠠᠪᠤᠴᠠ ᠳ᠋ᠦ ᠲᠤᠭᠤᠰᠢᠯᠠᠭᠤᠯᠵᠤ᠂ ᠨᠡᠡᠭ ᠤᠯᠠᠨ ᠮᠠᠯ ᠠᠵᠤ ᠠᠬᠤᠢ ᠲᠠᠷᠢᠶᠠᠯᠡᠡᠭ ᠤ᠋ᠨ ᠠᠵᠢᠯᠲᠠᠨ ᠤ᠋ ᠤᠷ᠎ᠠ ᠮᠡᠷᠭᠡᠰᠢᠯ ᠶ᠋ᠢᠡᠷ ᠶ᠋ᠢᠡᠨ ᠬᠦᠳᠡᠭᠡ ᠲᠤᠰᠬᠤᠨ ᠤ᠋ ᠬᠦᠭᠵᠢᠯᠲᠡ ᠳ᠋ᠦ ᠬᠦᠴᠦᠨ ᠨᠡᠮᠡᠷᠢᠯᠡᠬᠦ ᠵᠢ ᠠᠬᠢᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面