ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-11-16 17:07:54

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ 11 ᠰᠠᠷ᠎ᠠ ᠶ᠋ᠢᠨ 13 ᠤ᠋ ᠡᠳᠦᠷ᠂ ᠬᠣᠷᠢᠨ ᠭᠤᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠣᠯᠠᠨ ᠤᠯᠤᠰ ᠤ᠋ᠨ ᠲᠠᠷᠢᠶᠠᠯᠠᠩ ᠤ᠋ᠨ ᠪᠦᠲᠦᠭᠡᠭᠳᠡᠬᠦᠨ ᠤ᠋ ᠠᠷᠠᠯᠵᠢᠶᠠᠨ ᠤ᠋ ᠴᠤᠭᠯᠠᠭᠠᠨ ᠬᠠᠩᠵᠧᠦ ᠶ᠋ᠢᠨ ᠣᠯᠠᠨ ᠤᠯᠤᠰ ᠤ᠋ᠨ ᠦᠵᠡᠰᠬᠦᠯᠡᠩ ᠤ᠋ᠨ ᠲᠥᠪ ᠲᠦ᠍ ᠡᠬᠢᠯᠡᠪᠡ᠃ ᠮᠠᠨ ᠤ᠋ ᠤᠷᠤᠨ ᠮᠠᠯ ᠠᠵᠤ ᠠᠬᠤᠢ ᠲᠠᠷᠢᠶᠠᠯᠠᠡᠭ ᠤ᠋ᠨ 120 ᠭᠠᠷᠤᠢ ᠠᠵᠤ ᠠᠬᠤᠢᠯᠠᠯ ᠢ᠋ ᠵᠤᠬᠢᠶᠠᠨ ᠪᠠᠢᠭᠤᠯᠤᠨ ᠴᠤᠭᠯᠠᠭᠠᠨ ᠳ᠋ᠦ ᠤᠷᠤᠯᠴᠠᠵᠤ᠂ 800 ᠭᠠᠷᠤᠢ ᠲᠦᠷᠦᠯ ᠤ᠋ᠨ ᠪᠤᠬᠢᠷᠳᠤᠯ ᠦᠭᠡᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ᠎ᠢ ᠳᠡᠯᠭᠡᠨ ᠪᠤᠷᠤᠯᠠᠭᠤᠯᠵᠤ᠂ ᠦᠪᠦᠷ ᠮᠤᠡᠭᠭᠤᠯ ᠤᠷᠤᠨ ᠤ᠋ ᠤᠳᠤᠬᠢᠴᠢᠯᠠᠭᠰᠠᠨ ᠮᠠᠯ ᠠᠵᠤ ᠠᠬᠤᠢ ᠲᠠᠷᠢᠶᠠᠯᠠᠡᠭ ᠤ᠋ᠨ ᠬᠦᠭᠵᠢᠯᠲᠡ ᠶ᠋ᠢᠨ ᠦᠷ᠎ᠡ ᠪᠦᠲᠦᠮᠵᠢ ᠬᠢᠭᠡᠳ ᠲᠦᠷᠦᠯ ᠲᠡᠮᠲᠡᠭ ᠤ᠋ᠨ ᠦᠷ᠎ᠡ ᠪᠦᠲᠦᠭᠡᠯ ᠢ᠋ ᠲᠦᠪᠯᠡᠷᠡᠡᠭᠭᠦᠢ ᠲᠠᠨᠢᠯᠴᠠᠭᠤᠯᠵᠤ ᠪᠠᠢᠨ᠎ᠠ᠃

ᠲᠤᠰ ᠤᠳᠠᠭ᠎ᠠ ᠵᠢᠨ ᠴᠤᠭᠯᠠᠭᠠᠨ ᠳ᠋ᠦ᠂ ᠮᠠᠨ ᠤ᠋ ᠤᠷᠤᠨ ᠤ᠋ ᠦᠵᠡᠭᠦᠯᠭᠡ ᠶ᠋ᠢᠨ ᠲᠤᠭᠤᠷᠢᠭ ᠤ᠋ᠨ ᠶᠡᠷᠦᠡᠭᠬᠡᠢ ᠲᠠᠯᠠᠪᠠᠢ 600 ᠲᠡᠭᠰᠢ ᠳᠥᠷᠪᠡᠯᠵᠢᠨ ᠮᠧᠲ᠋ᠷ ᠲᠸ᠋ ᠬᠦᠷᠴᠦ᠂ ᠠᠵᠤ ᠠᠬᠤᠶ᠋ᠢᠯᠠᠯ ᠤ᠋ᠨ ᠲᠦᠷᠦᠯ ᠲᠡᠮᠲᠡᠭ ᠤ᠋ᠨ ᠦᠵᠡᠭᠦᠯᠭᠡ ᠶ᠋ᠢᠨ ᠲᠣᠭᠣᠷᠢᠭ᠂ ᠠᠶ᠋ᠢᠮᠠᠭ ᠬᠣᠲᠠ ᠶ᠋ᠢᠨ ᠶᠡᠷᠦᠩᠬᠡᠶ᠋ᠢᠯᠡᠭᠰᠡᠨ ᠦᠵᠡᠭᠦᠯᠭᠡ ᠶ᠋ᠢᠨ ᠲᠣᠭᠣᠷᠢᠭ ᠢ᠋ ᠲᠤᠬᠢᠷᠠᠭᠤᠯᠬᠤ ᠶ᠋ᠢᠨ ᠬᠠᠮᠳᠤ  ᠪᠢᠰᠢᠯᠠᠭ᠂ ᠲᠠᠪᠤᠨ ᠴᠤᠯᠤ᠂ ᠬᠠᠯᠠᠭᠤᠨ ᠲᠣᠭᠣᠭ᠎ᠠ᠂ ᠱᠣᠣᠮᠠᠶ ᠵᠡᠷᠭᠡ ᠣᠨᠴᠠᠯᠢᠭᠲᠤ᠌ ᠢᠳᠡᠭᠡᠨ ᠢ᠋ ᠪᠡᠶᠡᠴᠢᠯᠡᠨ ᠣᠶ᠋ᠢᠯᠠᠭᠠᠬᠤ ᠲᠣᠭᠣᠷᠢᠭ ᠭᠠᠷᠭᠠᠪᠠ᠃ ᠲᠣᠰ ᠤᠳᠠᠭ᠎ᠠ ᠵᠢᠨ ᠴᠤᠭᠯᠠᠭᠠᠨ ᠶ᠋ᠢᠡᠷ ᠭᠤᠤᠯᠳᠠᠭᠤ ᠦᠪᠤᠷ ᠮᠤᠩᠭᠤᠯ ᠤ᠋ᠨ ᠮᠠᠯ ᠠᠵᠤ ᠠᠬᠤᠶ᠎ᠲᠠᠷᠢᠶᠠᠯᠠᠡᠭ ᠤ᠋ᠨ ᠡᠬᠢ ᠪᠠᠶᠠᠯᠢᠭ᠂ ᠬᠥᠭᠵᠢᠯᠲᠡ ᠶ᠋ᠢᠨ ᠦᠷ᠎ᠡ ᠪᠦᠲᠦᠮᠵᠢ ᠪᠠ ᠬᠠᠮᠲᠤᠷᠠᠯᠴᠠᠭᠠᠨ ᠤ᠋ ᠴᠢᠭᠯᠡᠯ ᠢ᠋ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠭᠤᠤᠯᠳᠠᠯᠭ᠎ᠠ ᠲᠠᠶ ᠠᠷᠠᠯᠵᠢᠶᠠᠴᠢᠨ ᠤᠷᠢᠬᠤ ᠲᠦᠷᠦᠯ ᠵᠦᠢᠯ ᠢ᠋ ᠨᠡᠢᠲᠡᠯᠡᠨ᠎ᠡ᠃ ᠡᠭᠦᠨ ᠤ᠋ ᠬᠠᠮᠳᠤ᠂ ᠮᠤᠵᠢ ᠶᠠᠮᠤᠨ ᠤ᠋ ᠬᠠᠮᠲᠤ ᠪᠠᠷ ᠪᠠᠶ᠋ᠢᠭᠤᠯᠤᠭᠰᠠᠨ ᠥᠪᠥᠷ ᠮᠣᠩᠭᠣᠯ ᠤ᠋ᠨ ᠦᠬᠡᠷ ᠬᠣᠨᠢᠨ ᠮᠢᠬᠠᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ᠂ ᠰᠦ᠋ ᠶ᠋ᠢᠨ ᠦᠢᠯᠡᠰ᠂ ᠪᠠᠶᠠᠨᠨᠠᠭᠤᠷ ᠤ᠋ᠨ ᠦᠬᠡᠷ ᠬᠣᠨᠢᠨ ᠮᠢᠬᠠᠨ ᠤ᠋ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ᠌ ᠠᠵᠤ ᠦᠢᠯᠡᠰ ᠤ᠋ᠨ ᠲᠣᠭᠣᠷᠢᠨ ᠳ᠋ᠤ ᠲᠥᠷᠥᠯ ᠲᠡᠮᠳᠡᠭ ᠤ᠋ᠨ ᠲᠠᠨᠢᠯᠴᠠᠭᠤᠯᠭ᠎ᠠ ᠬᠢᠵᠦ᠂ ᠠᠵᠤ ᠦᠢᠯᠡᠰ ᠤ᠋ᠨ ᠬᠡᠯᠬᠢᠶ᠎ᠡ ᠶ᠋ᠢᠨ ᠬᠥᠭᠵᠢᠯᠲᠡ ᠶ᠋ᠢᠨ ᠳᠠᠯᠳᠠ ᠬᠦᠴᠦᠨ ᠢ᠋ ᠭᠦᠢᠴᠡᠳ ᠢᠯᠡᠷᠡᠭᠦᠯᠬᠦ ᠪᠤᠯᠤᠨ᠎ᠠ᠃

ᠠᠵᠢᠯᠯᠠᠭ᠎ᠠ ᠶ᠋ᠢᠨ ᠬᠤᠭᠤᠴᠠᠭᠠᠨ ᠳ᠋ᠦ᠂ ᠥᠪᠥᠷ ᠮᠣᠩᠭᠣᠯ ᠤ᠋ᠨ ᠰᠢᠯᠢᠳᠡᠭ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ (ᠬᠠᠩᠵᠧᠦ) ᠤ᠋ ᠡᠵᠡᠩᠨᠡᠨ ᠪᠣᠷᠣᠯᠠᠭᠤᠯᠬᠤ ᠲᠥᠪ ᠤ᠋ᠨ ᠫᠠᠶ᠋ᠢᠰᠠ ᠵᠢ ᠰᠡᠬᠦᠵᠦ᠍᠂ ᠬᠥᠬᠡᠮᠥ᠋ᠷᠡᠨ ᠤ᠋ ᠭᠤᠷᠪᠠᠯᠵᠢᠨ ᠬᠣᠶ᠋ᠢᠭ ᠤ᠋ᠨ ᠦᠷᠬᠦᠯᠵᠢ ᠶ᠋ᠢᠨ ᠴᠢᠨᠠᠷᠲᠠᠢ ᠳᠡᠯᠭᠡᠨ ᠪᠣᠷᠣᠯᠠᠭᠤᠯᠬᠤ ᠴᠤᠩᠬᠤᠪᠴᠢ ᠵᠢ ᠪᠠᠢᠭᠤᠯᠤᠨ᠎ᠠ; ᠥᠪᠥᠷ ᠮᠣᠩᠭᠣᠯ ᠵᠧᠵᠢᠶᠠᠩ ᠤ᠋ᠨ ᠮᠠᠯ ᠤ᠋ᠨ ᠠᠰᠢᠭ ᠰᠢᠮ᠎ᠡ᠎ᠲᠠᠷᠢᠶᠠᠯᠠᠡᠭ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠪᠣᠷᠣᠯᠠᠭᠤᠯᠭ᠎ᠠ ᠶ᠋ᠢᠨ ᠬᠠᠮᠵᠢᠯᠴᠠᠭ᠎ᠠ (ᠲᠣᠰᠬᠣᠨ ᠨᠡᠶ᠋ᠢᠭᠡᠮ ᠲᠤᠭᠤᠷᠢᠭ ᠬᠠᠮᠲᠤ ᠪᠠᠷ ᠪᠠᠶᠠᠵᠢᠬᠤ ᠲᠤᠷᠰᠢᠯᠲᠠ ᠶ᠋ᠢᠨ ᠴᠡᠭ) ᠵᠢᠴᠢ ᠬᠠᠮᠲᠤ ᠪᠠᠷ ᠪᠠᠶ᠋ᠢᠭᠤᠯᠵᠤ ᠬᠠᠪᠰᠤᠷᠤᠨ ᠲᠡᠳᠬᠦᠬᠦ᠌ ᠲᠥᠷᠥᠯ ᠵᠦᠢᠯ ᠢ᠋ ᠵᠡᠷᠭᠡ ᠪᠡᠷ ᠡᠬᠢᠯᠡᠭᠦᠯᠦᠨ᠎ᠡ᠃ ᠡᠬᠦᠨ ᠡᠴᠡ ᠭᠠᠳᠠᠨ᠎ᠠ ᠪᠠᠰᠠ ᠲᠦᠩᠯᠢᠶᠣᠤ ᠬᠣᠲᠠ ᠶ᠋ᠢᠨ ᠬᠦᠷᠢᠶ᠎ᠡ ᠬᠣᠰᠢᠭᠤᠨ ᠤ᠋ ᠬᠦᠷᠢᠶ᠎ᠡ ᠪᠠᠯᠭᠠᠰᠤ ᠶ᠋ᠢᠨ ᠭᠤᠷᠪᠠᠨᠭᠡᠷ ᠭᠠᠴᠠᠭᠠᠨ ᠤ᠋ 2 ᠲᠦᠮᠡᠨ ᠵᠢᠩ ᠴᠢᠨᠠᠷ ᠰᠠᠶ᠋ᠢᠲᠠᠶ ᠲᠤᠲᠤᠷᠭ᠎ᠠ ᠶ᠋ᠢ  ᠬᠤᠳᠠᠯᠳᠤᠨ ᠠᠪᠬᠤ ᠵᠠᠬᠢᠶᠠᠯᠠᠭ᠎ᠠ ᠶ᠋ᠢᠨ ᠭᠡᠷ᠎ᠡ ᠲᠤᠭᠳᠠᠵᠤ᠂ ᠤᠯᠠᠭᠠᠨᠴᠠᠪ ᠬᠤᠳᠠ ᠵᠢᠨ ᠳᠥᠷᠪᠡᠳ ᠬᠣᠰᠢᠭᠤᠨ ᠤ᠋ ᠬᠦᠷᠢᠶᠡᠲᠦ᠍ ᠪᠠᠯᠭᠠᠰᠤ ᠵᠧᠵᠢᠶᠠᠩ ᠮᠤᠵᠢ ᠶ᠋ᠢᠨ ᠥᠪᠥᠷ ᠮᠣᠩᠭᠣᠯ ᠤ᠋ᠨ ᠬᠤᠳᠠᠯᠳᠤᠭᠠᠴᠢᠳ ᠤ᠋ᠨ ᠡᠪᠯᠡᠯ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠦᠷᠦᠯ ᠲᠡᠮᠲᠡᠭ ᠤ᠋ᠨ ᠪᠠᠶ᠋ᠢᠭᠤᠯᠤᠯᠲᠠ ᠵᠢ ᠠᠬᠢᠭᠤᠯᠬᠤ ᠨᠡᠶ᠋ᠢᠭᠡᠮᠯᠢᠭ ᠯᠤᠭᠡ ᠬᠠᠮᠳᠤ ᠪᠡᠷ ᠪᠠᠢᠭᠤᠯᠵᠤ ᠬᠠᠪᠰᠤᠷᠤᠨ ᠲᠡᠳᠬᠦᠬᠦ᠌ ᠬᠡᠯᠡᠯᠴᠡᠭᠡᠷ ᠲᠣᠭᠲᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面