ᠲᠡᠷᠢᠭᠦᠨ ᠨᠢᠭᠤᠷ>ᠴᠠᠭ ᠲᠦᠷᠦ>ᠮᠠᠯ ᠲᠠᠷᠢᠶᠠᠯᠠᠩ

2026-11-18 11:48:49

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 6᠎ᠦ᠌ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤ᠋ᠨ ᠦ᠋ ᠰᠢᠩ ᠢᠳᠡᠭᠡᠨ᠎ᠦ᠌ ᠬᠢᠵᠠᠭᠠᠷᠲᠤ ᠺᠣᠮᠫᠠᠨᠢ᠎ᠳᠤ ᠬᠦᠷᠬᠦ᠎ᠳᠤ᠂ ᠠᠭᠤᠵᠢᠮ ᠰᠠᠷᠠᠭᠤᠯ ᠣᠳᠣᠬᠢᠴᠢᠯᠠᠭᠰᠠᠨ ᠦᠢᠯᠡᠳᠪᠦᠷᠢ᠎ᠶ᠋ᠢᠨ ᠲᠠᠰᠤᠭ᠎ᠲᠤ ᠪᠦᠷᠢᠨ ᠠᠦ᠋ᠲ᠋ᠤ᠋ ᠴᠢᠳᠬᠤᠨ ᠰᠠᠪᠠᠯᠠᠬᠤ ᠮᠠᠰᠢᠨ ᠨᠠᠷᠢᠯᠢᠭ ᠣᠨᠣᠪᠴᠢᠲᠠᠢ ᠡᠷᠭᠢᠯᠳᠦᠵᠦ᠂ ᠰᠤᠷᠭᠤᠭ ᠲᠥᠪᠡᠳ ᠬᠠᠰᠢ᠎ᠶ᠋ᠢᠨ ᠰᠢᠭᠦᠰᠦ᠎ᠶ᠋ᠢ ᠲᠤᠰᠬᠠᠢ ᠰᠠᠪᠠᠨ᠎ᠳᠤ ᠴᠢᠳᠬᠤᠭᠰᠠᠨ᠎ᠤ ᠳᠠᠷᠠᠭ᠎ᠠ ᠦᠳᠲᠡᠷ ᠲᠦᠷᠭᠡᠨ ᠠᠮᠠᠰᠠᠷ᠎ᠢ᠋  ᠨᠢ ᠲᠠᠭᠯᠠᠵᠤ ᠪᠠᠢᠪᠠ᠃

ᠠᠵᠤ ᠠᠬᠤᠢᠯᠠᠯ᠎ᠤ᠋ᠨ ᠬᠠᠷᠢᠭᠤᠴᠠᠯᠭᠠᠲᠠᠨ ᠭᠧᠦ ᡁᠢ ᠶᠦᠨ᠄《ᠡᠨᠡ ᠪᠣᠯ ᠮᠠᠨ᠎ᠤ᠋ ᠪᠠᠺᠲ᠋ᠧᠷᠢ ᠦᠭᠡᠢᠳᠡᠭᠦᠯᠦᠭᠰᠡᠨ ᠦᠢᠯᠡᠳᠪᠦᠷᠢᠯᠡᠯ᠎ᠦ᠋ᠨ ᠲᠠᠰᠤᠭ ᠪᠤᠯᠤᠨ᠎ᠠ᠂ ᠲᠥᠪᠡᠳ ᠬᠠᠰᠢ᠎ᠶ᠋ᠢᠨ ᠡᠭᠡᠳᠡᠩ᠂ ᠲᠥᠪᠡᠳ ᠬᠠᠰᠢ᠎ᠶ᠋ᠢᠨ ᠬᠡᠷᠴᠢᠮᠡᠭ᠂ ᠲᠥᠪᠡᠳ ᠬᠠᠰᠢ᠎ᠶ᠋ᠢᠨ ᠰᠢᠭᠦᠰᠦ᠂ ᠬᠠᠯᠢᠰᠤᠯᠠᠭᠰᠠᠨ ᠪᠦᠲᠦᠨ ᠲᠥᠪᠡᠳ ᠬᠠᠰᠢ ᠵᠡᠷᠭᠡ ᠣᠯᠠᠨ ᠵᠦᠢᠯ᠎ᠦ᠋ᠨ ᠪᠦᠲᠦᠭᠡᠭᠳᠡᠭᠦᠨ᠎ᠢ ᠦᠢᠯᠡᠳᠪᠦᠷᠢᠯᠡᠵᠦ ᠪᠤᠯᠤᠨ᠎ᠠ》 ᠭᠡᠮᠡᠨ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃

ᠲᠤᠰ ᠺᠤᠮᠫᠠᠨᠢ ᠪᠠᠶᠠᠨᠨᠠᠭᠤᠷ ᠬᠣᠲᠠ᠎ᠶ᠋ᠢᠨ ᠯᠢᠨᠾᠧ ᠲᠣᠭᠣᠷᠢᠭ᠎ᠤ᠋ᠨ ᠰᠢᠨᠬᠤᠸᠠ ᠪᠠᠯᠭᠠᠰᠤᠨ᠎ᠤ᠋ ᠭᠦᠴᠧᠩ ᠲᠣᠰᠬᠣᠨ᠎ᠳ᠋ᠤ᠌ ᠪᠤᠢ᠂ ᠤᠤᠯ ᠳ᠋ᠠᠭᠠᠨ ᠵᠦᠪᠬᠡᠨ ᠠᠩᠬ᠎ᠠ ᠳᠡᠰ᠎ᠦ᠋ᠨ ᠲᠥᠪᠡᠳ ᠬᠠᠰᠢ᠎ᠶ᠋ᠢᠨ ᠡᠭᠡᠳᠡᠩ᠎ᠢ ᠡᠳ᠋ᠰᠢᠭᠦᠯᠦᠨ ᠪᠣᠯᠪᠠᠰᠤᠷᠠᠭᠤᠯᠵᠤ ᠪᠠᠢᠵᠠᠢ᠃ 2025 ᠣᠨ᠎ᠳ᠋ᠤ᠌ ᠰᠢᠨ᠎ᠡ ᠦᠢᠯᠡᠳᠪᠦᠷᠢᠯᠡᠯ᠎ᠦ᠋ᠨ ᠱᠤᠭᠤᠮ ᠣᠷᠣᠭᠤᠯᠤᠭᠰᠠᠨ᠎ᠦ᠌ ᠳᠠᠷᠠᠭ᠎ᠠ ᠲᠥᠪᠡᠳ ᠬᠠᠰᠢ᠎ᠶ᠋ᠢᠨ ᠠᠵᠤ ᠦᠢᠯᠡᠰ᠎ᠢᠶᠡᠨ︽ᠲᠦᠭᠦᠬᠡᠢ ᠡᠳ᠋ ᠬᠤᠳᠠᠯᠳᠤᠳᠠᠭ︾ᠪᠠᠢᠭᠰᠠᠨ᠎ᠠ᠋ᠴᠠ᠎ᠪᠠᠨ︽ᠪᠦᠲᠦᠭᠡᠭᠳᠡᠬᠦᠨ ᠬᠤᠳᠠᠯᠳᠤᠬᠤ᠂ ᠨᠡᠷᠡᠲᠦ ᠲᠦᠷᠦᠯ ᠲᠡᠮᠳᠡᠭ ᠬᠤᠳᠠᠯᠳᠤᠬᠤ︾ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠯᠬᠤᠮ ᠠᠯᠬᠤᠮ᠎ᠢ᠋ᠶ᠋ᠠᠷ ᠠᠬᠢᠭᠤᠯᠪᠠ᠃ ᠪᠦᠲᠦᠭᠡᠭᠳᠡᠬᠦᠨ᠎ᠦ᠌ ᠶᠠᠰᠤ ᠴᠢᠨᠠᠷ᠎ᠢ᠋ ᠡᠬᠢ ᠡᠭᠦᠰᠦᠯ᠎ᠡᠴᠡ ᠨᠢ ᠡᠵᠡᠮᠳᠡᠬᠦ᠎ᠶ᠋ᠢᠨ ᠲᠥᠯᠥᠭᠡ᠂ ᠡᠨᠡ ᠵᠢᠯ 1200 ᠮᠦ᠍ ᠭᠠᠵᠠᠷ ᠰᠢᠷᠣᠢ᠎ᠶᠢ ᠮᠦ᠍ ᠪᠦᠷᠢ 1350 ᠲᠥᠭᠥᠷᠢᠭ᠎ᠦ᠋ᠨ ᠦᠨ᠎ᠡ᠎ᠪᠡᠷ ᠡᠵᠡᠩᠨᠡᠯᠲᠡ᠎ᠶᠢᠨ ᠡᠷᠭᠡ᠎ᠵᠢ ᠨᠢ ᠲᠥᠪᠯᠡᠷᠡᠭᠦᠯᠦᠨ ᠰᠢᠯᠵᠢᠭᠦᠯᠵᠦ ᠠᠪᠤᠭᠠᠳ᠂ ᠲᠥᠪᠡᠳ ᠬᠠᠰᠢ ᠲᠠᠷᠢᠬᠤ ᠰᠠᠭᠤᠷᠢᠨ᠎ᠪᠠᠢᠭᠤᠯᠬᠤ᠎ᠶ᠋ᠢᠨ ᠬᠠᠮᠲᠤ ᠣᠢᠷ᠎ᠠ ᠬᠠᠪᠢ᠎ᠶ᠋ᠢᠨ ᠲᠣᠰᠬᠣᠨ᠎ᠤ᠋ ᠠᠷᠠᠳ᠎ᠲᠠᠢ 1100 ᠮᠦ᠍ ᠲᠥᠪᠡᠳ ᠬᠠᠰᠢ᠎ᠶ᠋ᠢᠨ ᠵᠠᠬᠢᠶᠠᠯᠠᠭ᠎ᠠ ᠲᠣᠭᠲᠠᠭᠠᠳ᠂ ᠲᠤᠨ ᠪᠦᠷᠢ᠎ᠶ᠋ᠢ 500 ᠲᠥᠭᠥᠷᠢᠭ᠎ᠵᠢᠡᠷ ᠬᠤᠳᠠᠯᠳᠤᠨ ᠠᠪᠬᠤ ᠪᠡᠷ ᠲᠣᠭᠲᠠᠵᠠᠢ᠃ ᠡᠭᠦᠨ᠎ᠡᠴᠡ ᠭᠠᠳᠠᠨ᠎ᠠ᠂ ᠲᠥᠪᠡᠳ ᠬᠠᠰᠢ᠎ᠶ᠋ᠢᠨ ᠴᠢᠬᠢ᠎ᠶ᠋ᠢ ᠠᠵᠤ ᠠᠬᠤᠢᠯᠠᠯ ᠡᠴᠡ ᠲᠤᠰᠬᠠᠢ ᠴᠢᠬᠢ ᠪᠣᠢᠵᠢᠭᠤᠯᠬᠤ ᠪᠠᠢᠭᠤᠯᠤᠮᠵᠢ᠎ᠳ᠋ᠤ᠌ ᠨᠠᠢᠳᠠᠵᠤ ᠨᠢᠭᠡᠳᠦᠯᠲᠡᠢ ᠪᠣᠢᠵᠢᠭᠤᠯᠤᠭᠠᠳ᠂ ᠤᠷᠭᠤᠯᠲᠠ᠎ᠶ᠋ᠢᠨ ᠬᠤᠭᠤᠴᠠᠭᠠᠨ᠎ᠳᠤ ᠪᠣᠷᠳᠣᠭᠤᠷ᠂ ᠡᠮ᠎ᠢ ᠨᠢᠭᠡᠳᠦᠯᠲᠡᠢ ᠪᠠᠷᠢᠮᠵᠢᠶ᠎ᠠ ᠪᠡᠷ ᠬᠡᠷᠡᠭᠯᠡᠨ᠂ ᠲᠥᠪᠡᠳ ᠬᠠᠰᠢ ᠲᠠᠷᠢᠬᠤ ᠠᠵᠢᠯ᠎ᠤ᠋ᠨ ᠪᠠᠷᠢᠮᠵᠢᠶᠠᠵᠢᠵᠤ ᠬᠡᠪᠴᠢᠶᠡᠵᠢᠨ ᠬᠥᠭᠵᠢᠬᠦ᠎ᠶ᠋ᠢ ᠠᠬᠢᠭᠤᠯᠪᠠ᠃

ᠠᠵᠤ ᠠᠬᠤᠢᠯᠠᠯ᠎ᠤ᠋ᠨ ᠬᠦᠭᠵᠢᠯᠲᠡ ᠰᠢᠯᠢᠳᠡᠭ ᠰᠠᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠠ᠋ᠴᠠ ᠰᠠᠯᠵᠤ ᠴᠢᠳᠠᠬᠤ ᠦᠭᠡᠢ᠂ ᠦᠨᠳᠦᠰᠦᠨ ᠱᠠᠲᠤᠨ᠎ᠤ᠋ ᠨᠠᠮ᠎ᠤ᠋ᠨ ᠵᠣᠬᠢᠶᠠᠨ ᠪᠠᠢᠭᠤᠯᠤᠯᠲᠠ᠎ᠶ᠋ᠢᠨ ᠬᠦᠴᠦᠲᠡᠢ ᠲᠤᠯᠭᠠᠭᠤᠷᠢ᠎ᠠ᠋ᠴᠠ ᠨᠡᠩ ᠴᠤ᠌ ᠰᠠᠯᠵᠤ ᠴᠢᠳᠠᠬᠤ ᠦᠭᠡᠢ ᠶᠦ᠍ᠮ᠃ ᠰᠢᠨᠬᠤᠸᠠ ᠪᠠᠯᠭᠠᠰᠤᠨ᠎ᠤ᠋ ᠬᠦᠴᠧᠩ ᠲᠣᠰᠬᠣᠨ︽ᠨᠠᠮ᠎ᠤ᠋ᠨ ᠪᠠᠢᠭᠤᠯᠤᠯᠲᠠ᠎ᠪᠠᠷ ᠠᠵᠤ ᠦᠢᠯᠡᠰ᠎ᠤᠨ ᠬᠥᠭᠵᠢᠨ ᠮᠠᠨᠳᠤᠬᠤ᠎ᠵᠢ ᠲᠠᠢᠴᠢᠯᠠᠬᠤ︾ᠭᠣᠣᠯ ᠰᠢᠵᠢᠮ ᠲᠡᠢ ᠨᠢᠭᠲᠠ ᠤᠶᠠᠯᠳᠤᠭᠤᠯᠤᠨ᠂ ᠦᠨᠳᠦᠰᠦᠨ ᠱᠠᠲᠤᠨ᠎ᠤ᠋ ᠨᠠᠮ᠎ᠤ᠋ᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠡᠬᠢᠯᠡᠯᠲᠡ᠎ᠶ᠋ᠢᠨ ᠦᠢᠯᠡᠳᠦᠯ᠎ᠢ᠋ ᠭᠦᠢᠴᠡᠳ ᠪᠠᠳᠠᠷᠠᠭᠤᠯᠵᠤ᠂︽ᠨᠠᠮ᠎ᠤ᠋ᠨ ᠡᠭᠦᠷ + ᠬᠤᠷᠰᠢᠶ᠎ᠠ + ᠠᠵᠤ ᠠᠬᠤᠢᠯᠠᠯ + ᠲᠠᠷᠢᠶᠠᠴᠢᠨ ᠡᠷᠦᠬᠡ︾ᠶ᠋ᠢᠨ ᠵᠠᠭᠪᠤᠷ᠎ᠢ᠋ᠶ᠋ᠠᠷ ᠳᠠᠮᠵᠢᠭᠤᠯᠤᠨ᠂ ᠡᠯ᠎ᠡ ᠵᠦᠢᠯ᠎ᠦ᠋ᠨ ᠡᠬᠢ ᠪᠠᠶᠠᠯᠢᠭ᠎ᠢ᠋ ᠪᠦᠲᠦᠮᠵᠢᠲᠡᠢ ᠨᠡᠢᠳᠬᠡᠵᠦ᠂  ᠭᠠᠵᠠᠷ ᠰᠢᠷᠣᠢ᠎ᠶᠢᠨ ᠡᠵᠡᠩᠨᠡᠯᠲᠡ᠎ᠶᠢᠨ ᠡᠷᠭᠡ᠎ᠵᠢ ᠰᠢᠯᠵᠢᠭᠦᠯᠬᠦ᠂ ᠵᠠᠬᠢᠶᠠᠯᠠᠭ᠎ᠠ᠎ᠶ᠋ᠢᠨ ᠬᠡᠯᠪᠡᠷᠢ᠎ᠪᠡᠷ ᠲᠠᠷᠢᠬᠤ᠂ ᠣᠢᠷ᠎ᠠ ᠬᠠᠪᠢ᠎ᠳ᠋ᠠᠭᠠᠨ ᠠᠵᠢᠯ ᠤᠯᠬᠤ ᠵᠡᠷᠭᠡ ᠣᠯᠠᠨ ᠵᠦᠢᠯ᠎ᠦ᠋ᠨ ᠠᠷᠭ᠎ᠠ ᠵᠠᠮ᠎ᠢ᠋ᠶ᠋ᠠᠷ ᠳᠠᠮᠵᠢᠭᠤᠯᠤᠨ᠂ ᠲᠣᠰᠬᠣᠨ᠎ᠤ᠋ ᠠᠷᠠᠳ᠎ᠤᠨ ᠣᠷᠣᠯᠭ᠎ᠠ᠎ᠶ᠋ᠢ ᠨᠡᠮᠡᠭᠳᠡᠭᠦᠯᠵᠦ᠂ ᠠᠵᠤ ᠦᠢᠯᠡᠰ᠎ᠦ᠋ᠨ ᠬᠥᠭᠵᠢᠯᠲᠡ᠎ᠶ᠋ᠢᠨ ᠠᠰᠢᠭ ᠲᠤᠰᠠ᠎ᠶ᠋ᠢ ᠡᠳ᠋ᠯᠡᠭᠦᠯᠦᠭᠰᠡᠨ ᠪᠠᠢᠨ᠎ᠠ᠃ ᠣᠢᠯᠠᠭᠠᠭᠰᠠᠨ᠎ᠢ᠋ᠶ᠋ᠠᠷ᠂ ᠲᠥᠪᠡᠳ ᠬᠠᠰᠢ᠎ᠶ᠋ᠢ ᠲᠥᠪᠯᠡᠷᠡᠭᠦᠯᠦᠨ ᠦᠢᠯᠡᠳᠪᠦᠷᠢᠯᠡᠬᠦ 40 ᠡᠴᠡ 50 ᠡᠳᠦᠷ᠎ᠦ᠋ᠨ ᠦᠶᠡᠯᠡᠯ᠎ᠤᠨ ᠬᠤᠭᠤᠴᠠᠭᠠᠨ᠎ᠳ᠋ᠤ᠌ ᠲᠤᠰ ᠠᠵᠤ ᠠᠬᠤᠢᠯᠠᠯ ᠣᠢᠷ᠎ᠠ ᠬᠠᠪᠢ᠎ᠶ᠋ᠢᠨ 70 ᠭᠠᠷᠤᠢ ᠲᠣᠰᠬᠣᠨ᠎ᠤ᠋ ᠠᠷᠠᠳ᠎ᠲᠦ᠍ ᠠᠵᠢᠯ ᠤᠯᠭᠤᠵᠤ᠂ ᠵᠢᠯ ᠳᠤᠮᠳᠠᠴᠢ᠎ᠪᠠᠷ 140 ᠲᠦᠮᠡᠨ ᠲᠥᠭᠥᠷᠢᠭ᠎ᠦ᠋ᠨ ᠴᠠᠯᠢᠩ ᠵᠠᠷᠤᠴᠠᠭᠤᠯᠳᠠᠭ ᠪᠠᠢᠨ᠎ᠠ᠃

ᠡᠭᠦᠨ᠎ᠡᠴᠡ ᠭᠠᠳᠠᠨ᠎ᠠ᠂ ᠬᠦᠴᠧᠩ ᠲᠣᠰᠬᠣᠨ︽ᠥᠪᠡᠷ᠎ᠦ᠋ᠨ ᠥᠷᠲᠡᠭ᠎ᠢ ᠪᠠᠲᠤᠯᠠᠵᠤ᠂ ᠬᠣᠷᠣᠭᠳᠠᠯ᠎ᠢ᠋ ᠴᠠᠭᠠᠵᠠᠯᠠᠬᠤ︾ᠵᠠᠷᠴᠢᠮ᠎ᠢ᠋ ᠴᠢᠩᠭ᠎ᠠ ᠵᠢᠷᠤᠮᠯᠠᠵᠤ᠂ ᠲᠣᠰᠬᠣᠨ᠎ᠤ᠋ ᠨᠠᠮ᠎ᠤ᠋ᠨ ᠡᠭᠦᠷ᠎ᠦ᠋ᠨ ᠳᠠᠭᠠᠭᠠᠴᠢᠯᠠᠨ ᠡᠷᠬᠢᠯᠡᠭᠰᠡᠨ ᠲᠤᠰᠬᠠᠢ ᠬᠣᠷᠰᠢᠶᠠᠨ᠎ᠳ᠋ᠤ᠌ ᠲᠦᠰᠢᠭᠯᠡᠨ᠂ ᠲᠣᠰᠬᠣᠨ᠎ᠤ᠋ ᠬᠠᠮᠲᠤ᠎ᠶ᠋ᠢᠨ ᠠᠵᠤ ᠠᠬᠤᠢ ᠵᠢ ᠲᠡᠳᠬᠦᠨ ᠬᠦᠴᠦᠷᠬᠡᠭᠵᠢᠭᠦᠯᠵᠦ᠂ ᠬᠤᠪᠢ ᠣᠷᠣᠭᠤᠯᠬᠤ ᠬᠡᠯᠪᠡᠷᠢ᠎ᠪᠡᠷ ᠲᠤᠰ ᠠᠵᠤ ᠠᠬᠤᠢᠯᠠᠯ᠎ᠳ᠋ᠤ᠌ 125 ᠲᠦᠮᠡᠨ ᠲᠥᠭᠥᠷᠢᠭ᠎ᠦ᠋ᠨ ᠪᠡᠯᠡ ᠣᠷᠣᠭᠤᠯᠵᠤ᠂ ᠠᠵᠤ ᠠᠬᠤᠢᠯᠠᠯ᠎ᠤ᠋ᠨ ᠭᠦᠢᠯᠭᠡᠭᠡᠨ᠎ᠦ᠌ ᠪᠡᠯᠡ ᠮᠥᠩᠭᠥ᠎ᠶ᠋ᠢᠨ ᠳᠠᠷᠤᠭᠠᠰᠤ᠎ᠶ᠋ᠢ ᠪᠦᠲᠦᠮᠵᠢᠲᠡᠢ ᠨᠠᠮᠳᠠᠭᠤᠯᠤᠨ᠂ ᠦᠢᠯᠡᠳᠪᠦᠷᠢᠯᠡᠯ᠎ᠦ᠋ᠨ ᠥᠨᠳᠥᠷ ᠦᠷ᠎ᠡ ᠠᠰᠢᠭᠲᠤ ᠡᠷᠭᠢᠯᠲᠡ᠎ᠶ᠋ᠢ ᠪᠠᠲᠤᠯᠠᠪᠠ᠃ ᠡᠨᠡ ᠵᠢᠯ᠂ ᠲᠤᠰ ᠠᠵᠤ ᠠᠬᠤᠢᠯᠠᠯ 3500 ᠲᠤᠨ ᠲᠥᠪᠡᠳ ᠬᠠᠰᠢ᠎ᠶ᠋ᠢᠨ ᠡᠭᠡᠳᠡᠩ᠂ 100 ᠲᠤᠨ ᠲᠥᠪᠡᠳ ᠬᠠᠰᠢ᠎ᠶ᠋ᠢᠨ ᠬᠡᠷᠴᠢᠮᠡᠭ᠂ 30 ᠲᠤᠨ ᠲᠥᠪᠡᠳ ᠬᠠᠰᠢ᠎ᠶ᠋ᠢᠨ ᠰᠢᠭᠦᠰᠦ ᠦᠢᠯᠡᠳᠪᠦᠷᠢᠯᠡᠭᠰᠡᠨ ᠪᠠᠢᠨ᠎ᠠ᠃

《ᠣᠳᠣᠬᠠᠨ᠎ᠳ᠋ᠤ᠌ ᠪᠢᠳᠡ 2000 ᠲᠤᠨ᠎ᠤ᠋ ᠲᠥᠪᠡᠳ ᠬᠠᠰᠢ᠎ᠶ᠋ᠢᠨ ᠡᠭᠡᠳᠡᠩ ᠪᠣᠷᠣᠯᠠᠭᠤᠯᠬᠤ ᠵᠠᠬᠢᠶᠠᠯᠠᠭ᠎ᠠ ᠲᠣᠭᠲᠠᠭᠠᠳ ᠪᠠᠢᠨ᠎ᠠ᠂ ᠲᠤᠨ ᠪᠦᠷᠢ᠎ᠶ᠋ᠢᠨ ᠦᠨ᠎ᠡ ᠨᠢ 4330 ᠲᠥᠭᠥᠷᠢᠭ᠎ᠲᠦ᠍ ᠬᠦᠷᠴᠦ᠂ ᠲᠥᠪᠡᠳ ᠬᠠᠰᠢ᠎ᠶ᠋ᠢᠨ ᠭᠡᠷᠴᠢᠮᠡᠭ ᠪᠠ ᠲᠥᠪᠡᠳ ᠬᠠᠰᠢ᠎ᠶ᠋ᠢᠨ ᠰᠢᠭᠦᠰᠦ᠎ᠵᠢ ᠭᠤᠤᠯᠳᠠᠭᠤ ᠰᠦᠯᠵᠢᠶᠡᠨ ᠳᠡᠭᠡᠷ᠎ᠡ ᠪᠣᠷᠣᠯᠠᠭᠤᠯᠵᠤ᠂ ᠪᠣᠷᠣᠯᠠᠭᠤᠯᠭ᠎ᠠ᠎ᠶᠢᠨ ᠪᠠᠢᠳᠠᠯ ᠨᠡᠯᠢᠶᠡᠳ ᠰᠠᠢᠨ ᠪᠠᠢᠨ᠎ᠠ》ᠭᠡᠵᠦ ᠭᠧᠦ ᡁᠢ ᠶᠦᠨ ᠲᠠᠨᠢᠯᠴᠠᠭᠤᠯᠵᠠᠢ᠃

ᠯᠢᠨ ᠾᠧ ᠲᠣᠭᠣᠷᠢᠭ ᠲᠦ᠍ ᠲᠠᠷᠢᠬᠰᠠᠨ ᠲᠥᠪᠡᠳ ᠬᠠᠰᠢ ᠵᠢᠨ ᠤᠯᠠᠭᠠᠨ ᠥᠩᠭᠡᠨ᠎ᠤ ᠡᠳ᠋᠎ᠦ᠋ᠨ ᠠᠭᠤᠯᠤᠭᠳᠠᠴᠠ ᠨᠢ ᠥᠨᠳᠥᠷ ᠪᠦᠭᠡᠳ ᠦᠳᠭᠡᠴᠡ ᠨᠢ ᠪᠠᠰᠠ ᠥᠨᠳᠥᠷ ᠪᠠᠢᠵᠤ᠂ ᠬᠥᠭᠡᠴᠦ᠎ᠶ᠋ᠢᠨ ᠡᠵᠡᠯᠡᠬᠦ ᠬᠠᠷᠢᠴᠠᠯ ᠳᠣᠣᠷ᠎ᠠ᠂ ᠬᠠᠲᠠᠭᠤ ᠪᠡᠶᠡᠲᠦ ᠪᠣᠳᠠᠰ᠎ᠤ᠋ᠨ ᠠᠭᠤᠯᠤᠭᠳᠠᠴᠠ᠎ᠪᠠᠷ ᠥᠨᠳᠥᠷ ᠳᠠᠪᠠᠭᠤᠯᠢᠭ᠎ᠲᠠᠢ ᠪᠠᠢᠵᠤ᠂ ᠲᠤᠬᠠᠢ᠎ᠶ᠋ᠢᠨ ᠭᠠᠵᠠᠷ᠎ᠤ᠋ᠨ ᠲᠥᠪᠡᠳ ᠬᠠᠰᠢ᠎ᠶ᠋ᠢᠨ ᠠᠵᠤ ᠦᠢᠯᠡᠰ᠎ᠦ᠋ᠨ ᠳᠡᠭᠡᠳᠦ ᠳᠡᠰᠵᠢᠬᠦ᠂ ᠲᠦᠷᠦᠯ ᠲᠡᠮᠳᠡᠭᠵᠢᠬᠦ ᠲᠡᠢᠰᠢ ᠬᠦᠭᠵᠢᠬᠦ᠎ᠳ᠋ᠦ᠍ ᠰᠠᠭᠤᠷᠢ ᠲᠠᠯᠪᠢᠭᠰᠠᠨ ᠪᠠᠢᠨ᠎ᠠ᠃ ᠲᠠᠷᠠᠬᠠᠢ ᠪᠤᠳᠠᠷᠬᠠᠢ ᠵᠢᠵᠢᠭ ᠦᠢᠯᠡᠳᠬᠡᠯ᠎ᠦ᠋ᠨ ᠭᠠᠵᠠᠷ ᠡᠴᠡ ᠲᠣᠮᠣ ᠠᠵᠤ ᠦᠢᠯᠡᠰ ᠬᠦᠷᠲᠡᠯ᠎ᠡ᠂ ᠲᠤᠬᠠᠢ᠎ᠶ᠋ᠢᠨ ᠭᠠᠵᠠᠷ᠎ᠤ᠋ᠨ ᠲᠥᠪᠡᠳ ᠬᠠᠰᠢ᠎ᠶ᠋ᠢᠨ ᠠᠵᠤ ᠦᠢᠯᠡᠰ ᠶᠠᠭ ᠰᠦᠷᠦᠭᠵᠢᠨ ᠬᠥᠭᠵᠢᠬᠦ ᠪᠠᠢᠳᠠᠯ᠎ᠢ᠋ ᠪᠦᠷᠢᠯᠳᠦᠭᠦᠯᠵᠦ ᠪᠣᠢ᠃ ᠣᠳᠣᠬᠠᠨ᠎ᠳ᠋ᠤ᠌ ᠪᠦᠬᠦ ᠲᠤᠭᠤᠷᠢᠭ᠎ᠲᠦ᠍ ᠲᠥᠪᠡᠳ ᠬᠠᠰᠢ᠎ᠶ᠋ᠢᠨ ᠦᠢᠯᠡᠳᠬᠦᠨ᠎ᠦ᠌ ᠠᠵᠤ ᠠᠬᠤᠢᠯᠠᠯ 9 ᠪᠠᠢᠵᠤ᠂ ᠲᠥᠪᠡᠳ ᠬᠠᠰᠢ᠎ᠶ᠋ᠢᠨ ᠦᠢᠯᠡᠳᠬᠦᠨ᠎ᠦ᠌ ᠦᠢᠯᠡᠳᠪᠦᠷᠢᠯᠡᠯ᠎ᠦ᠋ᠨ ᠱᠤᠭᠤᠮ᠎ᠢ᠋ 10 ᠪᠠᠢᠭᠤᠯᠪᠠ᠂ ᠡᠭᠦᠨ᠎ᠳ᠋ᠦ᠍ ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ 2᠂ ᠥᠪᠡᠷᠲᠡᠭᠡᠨ ᠵᠠᠰᠠᠬᠤ ᠣᠷᠣᠨ᠎ᠤ᠋ ᠳᠡᠰ᠎ᠦ᠋ᠨ ᠲᠠᠷᠢᠶᠠᠯᠠᠩ᠎ᠤ᠋ᠨ ᠠᠵᠤ ᠦᠢᠯᠡᠰᠴᠢᠯᠡᠬᠦ ᠳᠠᠭᠠᠭᠤᠯᠤᠭᠴᠢ ᠠᠵᠤ ᠠᠬᠤᠢᠯᠠᠯ 1᠂ ᠬᠣᠲᠠ᠎ᠶ᠋ᠢᠨ ᠳᠡᠰ᠎ᠦ᠋ᠨ ᠲᠠᠷᠢᠶᠠᠯᠠᠩ᠎ᠤ᠋ᠨ ᠠᠵᠤ ᠦᠢᠯᠡᠰᠴᠢᠯᠡᠬᠦ ᠳᠠᠭᠠᠭᠤᠯᠤᠭᠴᠢ ᠠᠵᠤ ᠠᠬᠤᠢᠯᠠᠯ 2 ᠪᠣᠢ᠃ ᠣᠢᠷ᠎ᠠ᠎ᠶ᠋ᠢᠨ ᠵᠢᠯ᠎ᠡᠴᠡ ᠳᠠᠭᠠᠭᠤᠯᠤᠭᠴᠢ ᠠᠵᠤ ᠠᠬᠤᠢᠯᠠᠯ᠎ᠤ᠋ᠨ ᠳᠠᠢᠴᠢᠯᠠᠯ ᠵᠢᠡᠷ ᠯᠢᠨ ᠾᠧ ᠲᠣᠭᠣᠷᠢᠭ ᠵᠢᠴᠢ ᠣᠢᠷ᠎ᠠ ᠬᠠᠪᠢ᠎ᠶ᠋ᠢᠨ ᠣᠷᠣᠨ ᠲᠣᠭᠣᠷᠢᠭ᠎ᠤ᠋ᠨ ᠲᠥᠪᠡᠳ ᠬᠠᠰᠢ᠎ᠶ᠋ᠢᠨ ᠲᠠᠷᠢᠮᠠᠯ᠎ᠤᠨ ᠲᠠᠯᠠᠪᠠᠢ 10 ᠲᠦᠮᠡᠨ ᠮᠦ᠍᠎ᠶ᠋ᠢ ᠳᠠᠪᠠᠭᠠᠳ᠂ ᠵᠢᠯ ᠳᠤᠮᠳᠠᠴᠢ ᠵᠢᠨ ᠲᠥᠪᠡᠳ ᠬᠠᠰᠢ ᠬᠤᠳᠠᠯᠳᠤᠨ ᠠᠪᠤᠭᠰᠠᠨ ᠬᠡᠮᠵᠢᠶ᠎ᠡ 90 ᠭᠠᠷᠤᠢ ᠲᠦᠮᠡᠨ ᠲᠤᠨ᠎ᠳᠤ ᠬᠦᠷᠴᠦ᠂ 85% ᠠ᠋ᠴᠠ ᠳᠡᠭᠡᠭᠰᠢᠬᠢ ᠲᠥᠪᠡᠳ ᠬᠠᠰᠢ᠎ᠶ᠋ᠢᠨ ᠪᠦᠲᠦᠭᠡᠭᠳᠡᠬᠦᠨ᠎ᠨᠢ ᠧᠦ᠋ᠷᠣᠫᠠ ᠲᠢᠪ᠂ ᠠᠮᠧᠷᠢᠺᠠ ᠲᠢᠪ᠂ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ ᠣᠷᠣᠨ᠎ᠳᠤ ᠪᠤᠷᠤᠯᠠᠭᠤᠯᠤᠭᠳᠠᠭᠰᠠᠨ ᠪᠠᠢᠨ᠎ᠠ᠃

ᠨᠢᠭᠡ ᠮᠥᠬᠥᠯᠢᠭ ᠰᠠᠢᠨ ᠦᠷ᠎ᠡ᠎ᠡᠴᠡ ᠨᠢᠭᠡ ᠲᠦᠷᠦᠯ᠎ᠤᠨ ᠪᠦᠲᠦᠭᠡᠭᠳᠡᠭᠦᠨ ᠬᠦᠷᠲᠡᠯ᠎ᠡ᠂ ᠲᠠᠷᠢᠶᠠᠨ ᠭᠠᠵᠠᠷ᠎ᠠ᠋ᠴᠠ ᠦᠢᠯᠡᠳᠪᠦᠷᠢᠯᠡᠯ᠎ᠦ᠋ᠨ ᠲᠠᠰᠤᠭ ᠬᠦᠷᠲᠡᠯ᠎ᠡ᠂ ᠲᠤᠬᠠᠢ᠎ᠶ᠋ᠢᠨ ᠭᠠᠵᠠᠷ᠎ᠤ᠋ᠨ ᠵᠠᠬᠢᠶᠠᠯᠠᠭ᠎ᠠ᠎ᠠ᠋ᠴᠠ ᠣᠯᠠᠨ ᠤᠯᠤᠰ᠎ᠤ᠋ᠨ ᠵᠠᠬ᠎ᠠ ᠳᠡᠯᠭᠡᠭᠦᠷ᠎ᠲᠦ᠍ ᠬᠦᠷᠲᠡᠯ᠎ᠡ᠂ ᠵᠢᠵᠢᠭ ᠲᠥᠪᠡᠳ ᠬᠠᠰᠢ ᠯᠢᠨ ᠾᠧ ᠲᠣᠭᠣᠷᠢᠭ᠎ᠲᠤ᠌ ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ᠎ᠶ᠋ᠢ ᠨᠢᠭᠡ ᠴᠣᠭᠴᠠᠵᠢᠭᠤᠯᠤᠭᠰᠠᠨ ᠪᠦᠷᠢᠨ ᠪᠦᠲᠦᠨ ᠠᠵᠤ ᠦᠢᠯᠡᠰ᠎ᠦ᠋ᠨ ᠬᠡᠯᠬᠢᠶ᠎ᠡ᠎ᠶ᠋ᠢ ᠪᠦᠷᠢᠯᠳᠦᠭᠦᠯᠵᠦ᠂ ᠲᠠᠷᠢᠶᠠᠴᠢᠳ᠎ᠤ᠋ᠨ ᠣᠷᠣᠯᠭ᠎ᠠ᠎ᠶ᠋ᠢ ᠨᠡᠮᠡᠭᠳᠡᠭᠦᠯᠬᠦ ᠪᠠ ᠣᠷᠣᠨ ᠪᠦᠰᠡ᠎ᠶ᠋ᠢᠨ ᠴᠢᠨᠠᠷ ᠰᠠᠢᠲᠠᠢ ᠬᠥᠭᠵᠢᠯᠲᠡ᠎ᠳ᠋ᠦ᠍  ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面