2026-10-18 15:11:57
ᠰᠦᠢ ᠴᠢᠩ ᠪᠠᠶᠠᠷ᠎ᠤᠨ ᠦᠭᠡ ᠬᠡᠯᠡᠵᠦ ᠲᠠᠩ ᠢ ᠬᠤᠷᠠᠯ᠎ᠢ ᠡᠷᠭᠢᠯᠡᠪᠡ
10 ᠰᠠᠷ᠎ᠠ᠎ᠶᠢᠨ 17 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠰᠦᠢ ᠴᠢᠩ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠭᠰᠠᠭᠠᠳᠡᠨ ᠵᠦᠢ ᠪᠤᠯᠤᠨ ᠬᠦᠮᠦᠨ ᠲᠦᠷᠦᠯᠬᠢᠳᠡᠨ ᠤ᠋ ᠰᠤᠳᠤᠯᠤᠯ ᠤ᠋ᠨ ᠰᠤᠳᠤᠯᠭᠠᠨ᠎ᠤ ᠭᠠᠵᠠᠷ᠎ᠤᠨ ᠨᠠᠮ᠎ᠤᠨ ᠬᠣᠷᠢᠶ᠎ᠠ᠎ᠶᠢᠨ ᠱᠦᠵᠢ ᠳ᠋ᠢᠩ ᠰᠠᠢ ᠲᠤᠰ ᠲᠤᠰ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠲᠠᠩ ᠢ ᠬᠤᠷᠠᠯ ᠢ ᠡᠷᠬᠢᠯᠡᠪᠡ᠃
ᠰᠦᠢ ᠴᠢᠩ᠂ ᠶᠡᠷᠦᠩᠬᠡᠢ ᠱᠦᠵᠢ ᠰᠢ ᠵᠢᠨ ᠫᠢᠩ᠎ᠦᠨ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠥᠨ 》 ᠭᠡᠬᠦ ᠴᠢᠬᠤᠯᠠ ᠶᠡᠬᠡ ᠨᠤᠲᠠᠯᠠᠯᠲᠠ᠎ᠶᠢ ᠠᠩᠬ᠎ᠠ ᠤᠳᠠᠭ᠎ᠠ ᠳᠤᠷᠠᠳᠤᠭᠰᠠᠨ ᠭᠠᠵᠠᠷ ᠪᠠ ᠴᠢᠬᠤᠯᠠ ᠦᠢᠯᠡᠳᠦᠯᠭᠡ᠎ᠶᠢᠨ ᠭᠠᠵᠠᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠨᠡᠩ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ ᠪᠠᠢᠨ᠎ᠠ᠂ ᠤᠨᠤᠯ᠎ᠢᠶᠠᠷ ᠵᠡᠪᠰᠡᠭᠯᠡᠬᠦ᠎ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠭᠣᠣᠯ ᠰᠢᠵᠢᠮ᠎ᠤᠨ ᠠᠵᠢᠯ᠎ᠤᠨ ᠪᠠᠢᠭᠤᠯᠤᠯ ᠲᠣᠭᠲᠠᠴᠠ᠎ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠭᠣᠣᠯ ᠰᠢᠵᠢᠮ᠎ᠢ ᠲᠤᠭᠤᠰᠢᠯᠠᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠦᠨᠡᠨ ᠬᠦ᠌ ᠠᠬᠢᠭᠤᠯᠬᠤ ᠬᠡᠷᠡᠭᠲᠡᠢ ᠬᠡᠵᠦ ᠵᠢᠭᠠᠵᠤ ᠭᠠᠷᠭᠠᠪᠠ᠃
ᠸᠠᠩ ᠶᠠᠨ ᠵᠦᠩ᠂ ᠮᠠ ᠭᠦᠸᠧ ᠴᠢᠩ᠂ ᠯᠢ ᠵᠢᠶᠦ᠋ᠨ ᠴᠢᠩ᠂ ᠫᠦ ᠴᠠᠩ ᠴᠦᠨ᠂ ᠯᠢᠦ ᠴᠢᠶᠠᠨ ᠬᠦᠢ᠂ ᠼᠦᠢ ᠰᠧ ᠫᠸᠩ ᠵᠡᠷᠭᠡ 6 ᠲᠤᠰᠬᠠᠢ ᠮᠡᠷᠭᠡᠵᠢᠯᠲᠡᠨ ᠭᠣᠣᠯ ᠵᠤᠷᠢᠯᠳᠠᠳᠦ ᠦᠭᠡ ᠬᠡᠯᠡᠵᠤ᠂ 100 ᠰᠢᠬᠠᠮ ᠡᠷᠳᠡᠮᠲᠡᠨ ᠵᠢᠴᠢ ᠨᠢᠭᠡᠳᠦᠮᠡᠯ ᠹᠷᠣᠨᠲ᠎ᠤᠨ ᠪᠠ ᠦᠨᠳᠦᠰᠦᠲᠡᠨ᠎ᠦ ᠺᠠᠳ᠋ᠷ ᠬᠤᠷᠠᠯ᠎ᠳᠤ ᠣᠷᠣᠯᠴᠠᠵᠠᠢ᠂ ᠬᠤᠷᠠᠯ ᠡᠴᠡ ᠪᠠᠰᠠ ᠭᠣᠣᠯ ᠰᠡᠳᠦᠪ ᠬᠤᠪᠢᠶᠠᠨ ᠰᠤᠳᠤᠯᠤᠨ ᠶᠠᠷᠢᠯᠴᠠᠬᠤ ᠪᠠ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃