2026-10-18 15:14:40
ᠰᠦᠢ ᠴᠢᠩ ᠬᠤᠷᠠᠯ᠎ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠵᠠᠢ
10 ᠰᠠᠷ᠎ᠠ᠎ᠶᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠬᠥᠬᠡᠬᠣᠲᠠ᠎ᠳᠤ ᠪᠦᠬᠦ᠌ ᠣᠷᠣᠨ᠎ᠤ ᠬᠠᠷᠢᠶᠠᠲᠤ᠎ᠨᠠᠷ᠎ᠤᠨ ᠶᠠᠪᠤᠳᠠᠯ ᠤ᠋ᠨ ᠠᠵᠢᠯ᠎ᠤᠨ ᠬᠤᠷᠠᠯ᠎ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠠᠷᠢᠶᠠᠲᠤ᠎ᠨᠠᠷ᠎ᠤᠨ ᠶᠠᠪᠤᠳᠠᠯ ᠤ᠋ᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ᠂ ᠪᠦᠬᠦ᠌ ᠤᠯᠤᠰ᠎ᠤᠨ ᠬᠠᠷᠢᠶᠠᠲᠤ᠎ᠨᠠᠷ᠎ᠤᠨ ᠶᠠᠪᠤᠳᠠᠯ ᠤ᠋ᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠮᠠᠨ᠎ᠤ ᠣᠷᠣᠨ᠎ᠤ ᠠᠵᠢᠯ᠎ᠤᠨ ᠡᠭᠦᠷᠭᠡ᠎ᠶᠢ ᠲᠤᠬᠢᠷᠠᠭᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠰᠦᠢ ᠴᠢᠩ ᠬᠤᠷᠠᠯ᠎ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠬᠠᠷᠢᠶᠠᠲᠤ᠎ᠨᠠᠷ᠎ᠤᠨ ᠶᠠᠪᠤᠳᠠᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠬᠠᠷᠢᠶᠠᠲᠤ᠎ᠨᠠᠷ᠎ᠤᠨ ᠶᠠᠪᠤᠳᠠᠯ ᠤ᠋ᠨ ᠠᠵᠢᠯ᠎ᠢ ᠰᠠᠶ᠋ᠢᠲᠤᠷ ᠬᠢᠬᠦ᠌ ᠡᠬᠦᠷᠬᠡ ᠬᠠᠷᠢᠭᠤᠴᠠᠯᠭᠠᠲᠤ᠌ ᠰᠡᠳᠬᠢᠯᠭᠡ ᠪᠡᠨ ᠦᠨᠡᠨ ᠬᠦ᠌ ᠴᠢᠩᠭᠠᠳᠬᠠᠵᠤ᠂ ᠲᠡᠦᠬᠡ᠎ᠶᠢᠨ ᠣᠷᠣᠨ ᠪᠠᠶ᠋ᠢᠷᠢ ᠪᠠ ᠬᠦᠴᠦᠯᠡᠬᠦ᠌ ᠭᠤᠤᠯᠳᠠᠯᠭ᠎ᠠ᠎ᠶᠢ ᠣᠨᠣᠪᠴᠢᠲᠠᠶ ᠡᠵᠡᠮᠳᠡᠵᠦ᠍᠂ ᠬᠠᠷᠢᠶᠠᠲᠤ᠎ᠨᠠᠷ᠎ᠤᠨ ᠶᠠᠪᠤᠳᠠᠯ᠎ᠤᠨ ᠠᠵᠢᠯ᠎ᠢ ᠪᠠᠷᠠᠯᠠᠯᠳᠤ ᠴᠢᠨᠠᠷᠳᠠᠢ ᠪᠡᠷ ᠰᠠᠨᠠᠭᠠᠴᠢᠯᠠᠭ᠎ᠠ᠎ᠡᠴᠡ᠎ᠪᠠᠨ ᠰᠠᠶ᠋ᠢᠲᠤᠷ ᠬᠢᠬᠦ᠌ ᠬᠡᠷᠡᠭᠲᠡᠶ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠥᠷᠭᠡᠨ ᠤᠯᠠᠨ ᠭᠠᠳᠠᠭᠠᠳᠤ᠎ᠳᠤ ᠰᠠᠭᠤᠭ᠎ᠠ ᠬᠠᠷᠢᠶᠠᠲᠤ᠌ᠨᠡᠷ ᠪᠣᠯᠤᠨ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ᠎ᠨᠠᠷ ᠵᠢᠴᠢ ᠬᠠᠷᠢᠶᠠᠲᠤ᠎ᠨᠠᠷ᠎ᠤᠨ ᠭᠡᠷ ᠪᠦᠯᠢ᠎ᠶᠢᠨ ᠬᠢᠨᠢ ᠨᠢᠭᠲᠠ ᠪᠦᠯᠬᠦᠮᠳᠡᠭᠦᠯᠵᠦ᠍᠂ ᠬᠠᠷᠢᠶᠠᠲᠤᠨᠠᠷᠲᠤ᠌ ᠦᠢᠯᠡᠴᠢᠯᠡᠬᠦ᠌ ᠠᠵᠢᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ ᠲᠠᠢ ᠪᠡᠷ ᠰᠠᠶ᠋ᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ᠎ᠶᠢᠨ ᠶᠡᠬᠡ ᠲᠠᠯ᠎ᠠ᠎ᠶᠢᠨ ᠲᠣᠭᠣᠷᠢᠨ᠎ᠳᠤ ᠳᠠᠪᠠᠭᠤᠯᠢᠭ ᠦᠢᠯᠡᠳᠦᠯ᠎ᠢᠶᠡᠨ ᠪᠠᠳᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ᠎ᠶᠢᠨ ᠬᠠᠷᠢᠶᠠᠲᠤ᠎ᠨᠠᠷ᠎ᠤᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠵᠤ᠂ ᠡᠯ᠎ᠡ ᠲᠠᠯ᠎ᠠ᠎ᠶᠢᠨ ᠬᠦᠴᠦᠨ᠎ᠢ ᠨᠢᠭᠲᠠᠷᠠᠭᠤᠯᠤᠨ ᠪᠦᠬᠦ᠌ ᠣᠷᠣᠨ᠎ᠤ ᠬᠠᠷᠢᠶᠠᠲᠤ᠎ᠨᠠᠷ᠎ᠤᠨ ᠶᠠᠪᠤᠳᠠᠯ ᠤ᠋ᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ᠌᠎ᠶᠢ ᠠᠬᠢᠭᠤᠯᠬᠤ ᠬᠡᠷᠡᠭᠲᠡᠢ ᠭᠡᠵᠦ᠍ ᠴᠢᠬᠤᠯᠠᠴᠢᠯᠠᠪᠠ᠃
ᠬᠥᠯᠥᠨ ᠪᠤᠢ᠌ᠷ ᠬᠤᠳᠠ᠂ ᠤᠷᠳᠤᠰ ᠬᠤᠳᠠ ᠪᠣᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠭᠠᠳᠠᠭᠠᠳᠤ ᠶᠠᠪᠤᠳᠠᠯ ᠤ᠋ᠨ ᠠᠯᠪᠠᠨ ᠭᠡᠷ ᠵᠢᠴᠢ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃