ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-19 09:59:35

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠥᠩ ᠬᠤᠷᠠᠯ ᠢ᠋ ᠡᠷᠭᠢᠯᠡᠵᠠᠢ


10 ᠰᠠᠷ᠎ᠠ᠎ᠶᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠬᠤᠷᠠᠯ᠎ᠢ ᠡᠷᠭᠢᠯᠡᠵᠠᠢ᠃

ᠬᠤᠷᠠᠯ ᠡᠴᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠰᠢᠨ᠎ᠡ ᠵᠠᠮ᠎ᠢ ᠲᠦᠷᠭᠡᠳᠭᠡᠨ ᠨᠡᠭᠡᠭᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠲᠤᠰᠬᠠᠢᠯᠠᠨ ᠮᠠᠨ᠎ᠤ ᠣᠷᠣᠨ᠎ᠤ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠭᠰᠠᠨ ᠨᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ ᠤ᠋ᠨ ᠲᠤᠬᠠᠢ ᠭᠦᠨ ᠵᠤᠵᠠᠭᠠᠨ ᠬᠠᠯᠠᠮᠵᠢᠯᠠᠯ ᠪᠠ ᠦᠯᠡᠮᠵᠢ ᠬᠠᠢᠷ᠎ᠠ᠎ᠶᠢ ᠭᠦᠢᠴᠡᠳ ᠢᠯᠡᠷᠡᠭᠦᠯᠪᠡ᠃ ᠶᠡᠷᠦᠩᠬᠡᠢ ᠱᠦᠵᠢ ᠰᠢ ᠵᠢᠨ ᠫᠢᠩ ᠰᠢᠨᠵᠢᠯᠡᠨ ᠪᠠᠢᠴᠠᠭᠠᠬᠤ᠎ᠳᠠᠭᠠᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠵᠤ᠂ ᠪᠢᠳᠡᠨ᠎ᠢ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠢᠳᠡᠪᠬᠢᠲᠡᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠪᠠ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ; ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠵᠦ ᠪᠠᠶᠠᠵᠢᠭᠤᠯᠬᠤ᠎ᠶᠢ ᠠᠬᠢᠭᠤᠯᠬᠤ ᠬᠡᠷᠡᠭᠳᠠᠢ; ᠨᠠᠮ᠎ᠤᠨ ᠤᠳᠤᠷᠢᠳᠤᠯᠭ᠎ᠠ ᠪᠠ ᠪᠠᠢᠭᠤᠯᠤᠯᠲᠠ᠎ᠶᠢ ᠴᠢᠩᠭᠠᠳᠬᠠᠬᠤ ᠬᠡᠷᠡᠭᠳᠠᠢ; ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠨᠢ ᠥᠪᠥᠷ ᠮᠣᠩᠭᠣᠯ᠎ᠤᠨ ᠬᠥᠭᠵᠢᠯᠲᠡ᠎ᠳᠦ ᠤᠷᠤᠭᠰᠢᠯᠠᠯᠲᠠ᠎ᠶᠢᠨ ᠴᠢᠭᠯᠡᠯ᠎ᠢ ᠤᠯᠠᠮ ᠨᠢᠭᠡ ᠠᠯᠬᠤᠮ ᠳᠤᠳᠤᠷᠬᠠᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ᠂ ᠪᠢᠳᠡᠨ᠎ᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ ᠲᠠᠢ ᠪᠠᠨ ᠨᠢᠭᠳᠠ ᠤᠶᠠᠯᠳᠤᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠰᠢᠨ᠎ᠡ ᠵᠠᠮ᠎ᠢ ᠲᠦᠷᠭᠡᠳᠭᠡᠨ ᠨᠡᠭᠡᠭᠡᠬᠦ ᠢᠲᠡᠭᠡᠯ ᠵᠣᠷᠢᠭ᠋᠎ᠢ ᠨᠡᠩ ᠪᠠᠲᠤᠳᠬᠠᠵᠠᠢ᠂ ᠡᠨᠡ ᠨᠢ ᠯᠠᠪᠲᠠᠢ ᠪᠦᠬᠦ ᠣᠷᠣᠨ᠎ᠤ ᠺᠠᠳ᠋ᠷ ᠤᠯᠠᠨ ᠲᠦᠮᠡᠨ᠎ᠦ ᠨᠡᠩ ᠪᠦᠯᠬᠦᠮᠳᠡᠨ ᠨᠢᠭᠡᠳᠴᠦ᠂ ᠡᠷᠡᠮᠡᠬᠡᠢᠯᠡᠨ ᠲᠡᠮᠡᠴᠡᠵᠦ ᠵᠢᠳᠬᠦᠯ ᠴᠢᠷᠮᠠᠢᠯᠭ᠎ᠠ ᠭᠠᠷᠭᠠᠵᠤ᠂ ᠰᠢᠨ᠎ᠡ ᠭᠠᠷᠤᠭ᠎ᠠ ᠡᠴᠡ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠢ ᠲᠠᠰᠤᠷᠠᠯᠳᠠ ᠦᠭᠡᠢ ᠤᠷᠤᠭ᠍ᠰᠢ ᠠᠬᠢᠭᠤᠯᠬᠤ ᠵᠢ ᠶᠡᠬᠡ ᠪᠡᠷ ᠤᠷᠮᠠᠰᠢᠭᠤᠯᠬᠤ ᠪᠤᠯᠤᠨ᠎ᠠ᠃ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠤᠳᠠᠭ᠎ᠠ᠎ᠶᠢᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠭᠰᠠᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠵᠢᠡᠷ ᠡᠷᠡᠰ ᠭᠤᠢᠪᠢᠰᠢ ᠦᠭᠡᠢ ᠵᠠᠮᠨᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠢᠮᠠᠭᠲᠠ ᠲᠠᠯᠪᠢᠭᠰᠠᠭᠠᠷ ᠢᠷᠡᠭᠰᠡᠨ ᠴᠢᠬᠤᠯᠠ ᠱᠠᠭᠠᠷᠳᠠᠯᠭ᠎ᠠ ᠪᠤᠯᠬᠤ ᠵᠢ ᠭᠦᠨᠵᠡᠭᠡᠢ ᠲᠠᠨᠢᠵᠤ᠂ 《 ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠤ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ ᠵᠢᠨ ᠬᠦᠴᠦᠨ᠎ᠦ ᠲᠣᠣᠷ᠎ᠢ ᠪᠦᠲᠦᠭᠡᠨ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠤᠯᠬᠤ ᠵᠢ ᠭᠦᠨᠵᠡᠭᠡᠢ ᠲᠠᠨᠢᠵᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠤ᠋ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠪᠣᠯ ᠪᠢᠳᠡᠨ᠎ᠦ ᠡᠷᠬᠡᠪᠰᠢ ᠡᠭᠦᠷᠭᠡᠯᠡᠬᠦ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ ᠪᠣᠯᠬᠤ᠎ᠶᠢ ᠭᠦᠨᠵᠡᠭᠡᠢ ᠲᠠᠨᠢᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠪᠣᠯ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠦᠨᠳᠦᠰᠦᠨ ᠪᠠᠲᠤᠯᠠᠭ᠎ᠠ ᠪᠣᠯᠬᠤ᠎ᠶᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠤ᠂ ᠠᠴᠢ ᠡᠨᠡᠷᠢᠯ ᠳ᠋ᠦ ᠲᠠᠯᠠᠷᠬᠠᠬᠤ ᠰᠡᠳᠬᠢᠯᠭᠡ᠎ᠪᠡᠷ᠂ ᠡᠷᠡᠯᠬᠡᠭᠯᠡᠨ ᠤᠷᠤᠭᠰᠢᠯᠠᠬᠤ ᠵᠣᠷᠢᠭ᠋ ᠵᠢᠡᠷ ᠡᠯ᠎ᠡ ᠵᠦᠢᠯ᠎ᠦᠨ ᠠᠵᠢᠯ ᠵᠢᠡᠨ ᠰᠠᠢᠲᠤᠷ ᠬᠢᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠤ᠂ ᠶᠡᠷᠦᠩᠬᠡᠢ ᠱᠦᠵᠢ ᠰᠢ ᠵᠢᠨ ᠫᠢᠩ᠎ᠦᠨ ᠳᠣᠲᠣᠨᠣ᠌ ᠬᠠᠯᠠᠮᠵᠢᠯᠠᠯ ᠪᠠ ᠬᠦᠨᠳᠦ ᠬᠦᠰᠡᠯ ᠨᠠᠶ᠋ᠢᠳᠠᠯᠭ᠎ᠠ᠎ᠶᠢ ᠬᠥᠰᠡᠷᠳᠡᠭᠦᠯᠬᠦ ᠦᠭᠡᠢ ᠪᠠᠢᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠨᠢ ᠡᠭᠦᠨ᠎ᠡᠴᠡ ᠡᠮᠦᠨᠡᠬᠢ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠲᠠᠶ ᠤᠯᠠᠮᠵᠢᠯᠠᠯ ᠨᠢᠭᠡᠲᠡᠶ ᠪᠠᠶ᠋ᠢᠵᠤ᠂ ᠢᠮᠠᠭᠲᠠ ᠲᠤᠭᠤᠰᠢᠯᠠᠬᠳᠠᠵᠤ᠂ ᠪᠥᠬᠥ᠌ ᠲᠠᠯ᠎ᠠ᠎ᠶᠢᠨ ᠴᠢᠨᠠᠷᠲᠠᠶ᠂ ᠦᠨᠳᠦᠰᠦᠨ ᠴᠢᠨᠠᠷᠲᠠᠶ᠂ ᠪᠠᠶ᠋ᠢᠯᠳᠤᠬᠤ ᠪᠣᠳᠣᠯᠭ᠎ᠠ᠎ᠶᠢᠨ ᠴᠢᠨᠠᠷᠲᠠᠶ ᠵᠢᠯᠣᠭᠣᠳᠬᠤ ᠠᠴᠢ ᠬᠣᠯᠪᠣᠭᠳᠠᠯ᠎ᠲᠠᠶ ᠶᠤᠮ᠂ ᠡᠨᠡ᠎ᠨᠢ ᠥᠪᠥᠷ ᠮᠣᠩᠭᠣᠯ᠎ᠤᠨ ᠠᠵᠢᠯ᠎ᠢ ᠰᠠᠶ᠋ᠢᠲᠤᠷ ᠬᠢᠬᠦ᠌᠎ᠶᠢᠨ ᠠᠵᠢᠯᠯᠠᠭᠠᠨ᠎ᠤ ᠵᠦᠭᠯᠡᠭᠦᠷ ᠪᠠ ᠦᠨᠳᠦᠰᠦᠨ ᠵᠢᠷᠤᠮᠯᠠᠯ ᠪᠣᠯᠤᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭᠠᠨ᠎ᠤ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠰᠤᠷᠤᠯᠴᠠᠨ ᠭᠦᠨᠵᠡᠭᠡᠢ ᠣᠶ᠋ᠢᠯᠠᠭᠠᠵᠤ᠂ ᠡᠯ᠎ᠡ ᠵᠦᠢᠯ᠎ᠦᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠪᠦᠬᠦ᠌ ᠬᠦᠴᠦᠨ᠎ᠢᠶᠡᠷ ᠵᠢᠡᠨ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠢᠮᠠᠭᠲᠠ ᠲᠡᠷᠢᠭᠦᠨ᠎ᠪᠠᠢᠷᠢᠨ ᠳ᠋ᠤ ᠲᠠᠯᠪᠢᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠬᠠᠳᠤᠨ ᠭᠣᠣᠯ᠎ᠤᠨ ᠰᠠᠪᠠ ᠭᠠᠵᠠᠷ᠂ 《ᠬᠦᠯᠤᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ》 ᠵᠢᠴᠢ ᠴᠠᠭᠠᠨᠨᠠᠭᠤᠷ ᠵᠡᠷᠭᠡ ᠭᠣᠣᠯᠳᠠᠯᠭ᠎ᠠ᠎ᠲᠠᠶ ᠣᠷᠣᠨ ᠪᠦᠰᠡ᠎ᠶᠢᠨ ᠠᠮᠢ ᠠᠬᠤᠢ᠎ᠶᠢᠨ ᠵᠠᠰᠠᠯᠲᠠ᠎ᠶᠢ ᠦᠷᠭᠦᠯᠵᠢᠯᠡᠨ ᠰᠠᠶ᠋ᠢᠲᠤᠷ ᠠᠳᠬᠤᠵᠤ᠂ 《ᠤᠮᠠᠷᠠᠳᠤ ᠵᠢᠨ ᠭᠤᠷᠪᠡᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠶ᠋ᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠬᠢᠵᠦ᠍᠂ ᠨᠡᠭᠦᠷᠡᠰᠦᠲᠦ᠋ᠷᠥᠭᠴᠢ᠎ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠌᠂ ᠨᠡᠮᠡᠭᠳᠡᠯ ᠢ᠋ ᠪᠡᠶᠡᠯᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠡᠷᠡᠰ ᠪᠠᠲᠤ᠌ ᠴᠣᠭᠴᠠᠯᠠᠬᠤ ᠬᠡᠷᠡᠭᠲᠡᠢ᠃ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ᠎ᠦ ᠱᠠᠭᠠᠷᠳᠠᠯᠭ᠎ᠠ ᠶᠣᠰᠣᠭᠠᠷ ᠪᠣᠳᠣᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠵᠤ᠂ ᠰᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠎ᠶᠢ ᠴᠢᠩᠭᠠᠳᠬᠠᠵᠤ᠂ ᠡᠯᠧᠮᠧᠨ᠋ᠲ᠎ᠦᠨ ᠪᠠᠲᠤᠯᠠᠭ᠎ᠠ᠎ᠶᠢ ᠴᠢᠩᠭᠠᠳᠬᠠᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠶ ᠤᠷᠲᠤᠳᠬᠠᠵᠤ᠂ ᠪᠣᠳᠣᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠬᠠᠮᠵᠢᠯᠴᠠᠭ᠎ᠠ᠂ ᠪᠤᠳᠤᠯᠳᠠ ᠵᠢᠨ ᠬᠦᠴᠤᠨ ᠪᠤᠯᠤᠨ ᠤᠰᠤᠨ ᠤ᠋ ᠡᠬᠢ ᠪᠠᠶᠠᠯᠢᠭ ᠤ᠋ᠨ ᠬᠠᠮᠵᠢᠯᠴᠠᠭ᠎ᠠ ᠵᠢ ᠯᠠᠪᠳᠠᠭᠤᠨ ᠪᠠᠲᠤᠲᠠᠶ ᠠᠬᠢᠭᠤᠯᠵᠤ᠂ ᠴᠢᠳᠠᠪᠤᠷᠢᠲᠠᠨ᠎ᠤ ᠪᠠᠲᠤᠯᠠᠭ᠎ᠠ᠎ᠶᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠣᠳᠣᠯᠳᠠ ᠵᠢᠨ ᠬᠦᠴᠦᠨ᠎ᠦ ᠳᠠᠪᠠᠭᠤᠯᠢᠭ᠎ᠢ ᠬᠥᠭᠵᠢᠯᠲᠡ᠎ᠶᠢᠨ ᠳᠠᠪᠠᠭᠤᠯᠢᠭ ᠪᠣᠯᠭᠠᠨ ᠤᠯᠠᠷᠢᠭᠤᠯᠬᠤ᠎ᠪᠠᠷ ᠴᠢᠷᠮᠠᠶ᠋ᠢᠬᠤ ᠬᠡᠷᠡᠭᠲᠡᠶ᠃ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠶ᠋ᠢᠭᠤᠯᠤᠯᠲᠠ᠎ᠶᠢᠨ ᠴᠢᠳᠠᠪᠬᠢ ᠲᠠᠰ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠵᠦ᠍᠂ ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ᠎ᠶᠢ ᠲᠦᠷᠭᠡᠳᠬᠡᠨ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠬᠤ᠎ᠶᠢ ᠶᠡᠬᠡ᠎ᠪᠡᠷ ᠬᠥᠭᠵᠢᠭᠦᠯᠵᠦ᠍᠂ 《ᠥᠪᠥᠷ ᠮᠣᠩᠭᠣᠯ》 ᠨᠡᠷᠡᠮᠵᠢᠳᠤ ᠲᠥᠷᠥᠯ ᠲᠡᠮᠳᠡᠭ᠎ᠢ ᠪᠤᠵᠠᠭᠠᠶ᠋ᠢᠷᠠᠭᠤᠯᠤᠨ ᠬᠦᠴᠦᠷᠬᠡᠭᠵᠢᠭᠦᠯᠵᠦ᠍᠂ ᠨᠠᠩ ᠣᠯᠠᠨ ᠴᠢᠨᠠᠷ ᠰᠠᠶ᠋ᠢᠲᠠᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠥᠬᠥ᠌ ᠤᠯᠤᠰ᠎ᠤᠨ ᠲᠣᠮᠣ ᠵᠠᠬ᠎ᠠ ᠳᠡᠯᠭᠡᠭᠦᠷ᠎ᠲᠦ᠍ ᠣᠷᠣᠬᠤ᠎ᠶᠢ ᠠᠬᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠨᠠᠩ ᠰᠠᠶ᠋ᠢᠲᠤᠷ ᠪᠠᠲᠤᠯᠠᠵᠤ᠂ ᠮᠠᠯᠴᠢᠨ ᠲᠠᠷᠢᠶᠠᠴᠢᠨ᠎ᠤ᠋ ᠣᠷᠣᠯᠭ᠎ᠠ᠎ᠪᠡᠨ ᠨᠡᠮᠡᠭᠳᠡᠭᠦᠯᠦᠨ ᠪᠠᠶᠠᠵᠢᠬᠤ ᠵᠢ ᠲᠠᠢᠴᠢᠯᠡᠬᠤ ᠬᠡᠷᠡᠭᠲᠡᠶ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠴᠢᠩᠭᠠᠳᠬᠠᠵᠤ᠂ ᠪᠦᠬᠦ᠌ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠤᠯᠤᠰ ᠲᠦᠷᠦ᠎ᠶᠢᠨ ᠴᠢᠳᠠᠮᠵᠢ ᠪᠣᠯᠤᠨ ᠵᠣᠬᠢᠶᠠᠨ ᠪᠠᠶ᠋ᠢᠭᠤᠯᠤᠯᠲᠠ᠎ᠶᠢᠨ ᠴᠢᠳᠠᠮᠵᠢ᠎ᠶᠢ ᠲᠠᠰᠤᠷᠠᠯᠲᠠ ᠦᠭᠡᠢ ᠴᠢᠩᠭᠠᠳᠬᠠᠵᠤ᠂ ᠢᠯᠵᠢᠷᠠᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ ᠪᠠᠶ᠋ᠢᠬᠤ᠎ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠵᠤ᠂ ᠴᠢᠨᠠᠷ ᠰᠠᠶ᠋ᠢᠲᠠᠢ ᠨᠠᠮ᠎ᠤᠨ ᠪᠠᠶ᠋ᠢᠭᠤᠯᠤᠯᠲᠠ᠎ᠪᠠᠷ ᠴᠢᠨᠠᠷ ᠰᠠᠶ᠋ᠢᠲᠠᠢ ᠬᠥᠭᠵᠢᠯᠲᠡ᠎ᠶᠢ ᠦᠨᠡᠨ ᠬᠦ᠌ ᠬᠦᠲᠦᠯᠦᠨ ᠳᠠᠭᠠᠭᠤᠯᠵᠤ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠠᠶ᠋ᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠦᠬᠦ᠌ ᠣᠷᠣᠨ᠎ᠤ ᠡᠯ᠎ᠡ ᠱᠠᠲᠤᠨ᠎ᠤ ᠲᠡᠷᠢᠭᠦᠨ ᠴᠢᠬᠤᠯᠠ ᠤᠯᠤᠰ ᠲᠦᠷᠦ᠎ᠶᠢᠨ ᠡᠭᠦᠷᠭᠡ ᠪᠣᠯᠤᠨ᠎ᠠ᠃ ᠨᠠᠷᠢᠯᠢᠭ ᠲᠤᠬᠢᠷᠠᠭᠤᠯᠵᠤ᠂ ᠨᠢᠮᠪᠠᠢ ᠪᠠᠶ᠋ᠢᠷᠢᠯᠠᠭᠤᠯᠵᠤ᠂ ᠦᠳᠲᠡᠷ ᠲᠦᠷᠭᠡᠨ ᠵᠣᠬᠢᠶᠠᠨ ᠪᠠᠶ᠋ᠢᠭᠤᠯᠤᠨ ᠤᠯᠠᠮᠵᠢᠯᠠᠨ ᠰᠤᠷᠤᠯᠴᠠᠵᠤ᠂ ᠤᠬᠠᠭᠤᠯᠤᠨ ᠲᠠᠶ᠋ᠢᠯᠪᠤᠷᠢᠯᠠᠬᠤ ᠪᠠ ᠰᠤᠳᠤᠯᠤᠨ ᠲᠠᠶ᠋ᠢᠯᠪᠤᠷᠢᠯᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠷᠭᠦᠯᠵᠢᠯᠡᠨ ᠥᠷᠨᠢᠭᠦᠯᠬᠦ᠌ ᠬᠡᠷᠡᠭᠲᠡᠶ᠃ ᠡᠯ᠎ᠡ ᠱᠠᠲᠤᠨ᠎ᠤ ᠤᠳᠤᠷᠢᠳᠬᠤ ᠺᠠᠳ᠋ᠷ ᠢᠯᠠᠩᠭᠤᠶ᠎ᠠ ᠮᠤᠵᠢ᠎ᠶᠢᠨ ᠲᠡᠰ᠎ᠤᠨ ᠤᠳᠤᠷᠢᠳᠬᠤ ᠨᠥᠬᠥᠳ ᠡᠷᠬᠡᠪᠰᠢ《ᠲᠦᠷᠦᠭᠦᠴᠢ ᠭᠠᠯᠠᠭᠤ᠎ᠶᠢᠨ ᠦᠢᠯᠡᠳᠦᠯ》 ᠢ᠋ ᠰᠠᠶ᠋ᠢᠲᠤᠷ ᠪᠠᠳᠠᠷᠠᠭᠤᠯᠵᠤ᠂ ᠲᠦᠷᠦᠭᠦᠯᠡᠨ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠳᠡᠭᠡᠷ᠎ᠠ ᠱᠠᠳᠤ ᠨᠢ ᠳᠤᠤᠷ᠎ᠠ ᠱᠠᠳᠤ᠎ᠪᠠᠨ ᠳᠠᠭᠠᠭᠤᠯᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠳᠠᠢ᠌ᠴᠢᠯᠠᠨ ᠭᠦᠨᠵᠡᠭᠡᠢ ᠰᠤᠷᠤᠯᠴᠠᠨ ᠨᠠᠷᠢᠨ ᠣᠶ᠋ᠢᠯᠠᠭᠠᠵᠤ᠂ ᠪᠠᠳᠤᠳᠠᠢ ᠦᠢᠯᠡᠳᠤᠯᠭᠡᠵᠢᠬᠦᠯᠤᠨ ᠪᠤᠳᠠᠳᠠᠢ ᠠᠵᠢᠯᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠰᠡᠳᠬᠢᠮᠵᠢ ᠠᠷᠭ᠎ᠠ ᠬᠡᠮᠵᠢᠶ᠎ᠡ᠎ᠶᠢ ᠭᠦᠨᠵᠡᠭᠡᠶ ᠲᠥᠯᠥᠪᠵᠢᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢᠯ᠎ᠦᠨ ᠡᠭᠦᠷᠭᠡ᠎ᠶᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面