2026-10-20 10:16:09
10 ᠰᠠᠷ᠎ᠠ᠎ᠶᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠫᠸᠩ ᠴᠸᠩ ᠲᠤᠷᠰᠢᠯᠲᠠ᠎ᠶᠢᠨ ᠲᠠᠰᠤᠭ᠎ᠤᠨ ᠡᠷᠬᠢᠯᠡᠭᠴᠢ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠭᠤᠤ ᠸᠸᠨ ᠨᠠᠷ᠎ᠲᠠᠢ ᠠᠭᠤᠯᠵᠠᠪᠠ᠃

10 ᠰᠠᠷ᠎ᠠ᠎ᠶᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠫᠸᠩ ᠴᠸᠩ ᠲᠤᠷᠰᠢᠯᠲᠠ᠎ᠶᠢᠨ ᠲᠠᠰᠤᠭ᠎ᠤᠨ ᠡᠷᠬᠢᠯᠡᠭᠴᠢ ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠭᠤᠤ ᠸᠸᠨ ᠨᠠᠷ᠎ᠲᠠᠢ ᠠᠭᠤᠯᠵᠠᠵᠠᠢ᠃
ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠭᠤᠤ ᠸᠸᠨ ᠨᠠᠷ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ ᠫᠸᠩ ᠴᠸᠩ ᠲᠤᠷᠰᠢᠯᠲᠠ᠎ᠶᠢᠨ ᠲᠠᠰᠤᠭ ᠤ᠋ᠨ ᠥᠪᠥᠷ ᠮᠣᠩᠭᠣᠯ᠎ᠤᠨ ᠠᠵᠢᠯ᠎ᠳᠤ ᠦᠵᠡᠭᠦᠯᠦᠭᠰᠡᠨ ᠳᠡᠮᠵᠢᠯᠭᠡ᠎ᠳᠦ ᠲᠠᠯᠠᠷᠬᠠᠵᠤ ᠪᠠᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠭᠤᠷᠪᠠᠨ ᠡᠳᠦᠷ᠎ᠦᠨ ᠡᠮᠦᠨ᠎ᠡ ᠥᠪᠥᠷ ᠮᠣᠩᠭᠣᠯ᠎ᠳᠤ ᠢᠷᠡᠵᠤ ᠰᠢᠨᠵᠢᠯᠡᠨ ᠪᠠᠢᠴᠠᠭᠠᠪᠠ᠂ ᠣᠳᠣᠬᠠᠨ᠎ᠳᠤ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠲᠣᠰ ᠤᠳᠠᠭ᠎ᠠ᠎ᠶᠢᠨ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠂ ᠠᠴᠢ ᠡᠨᠡᠷᠢᠯ ᠳ᠋ᠤ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢ ᠲᠦᠷᠭᠡᠳᠬᠡᠨ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠬᠠᠢᠷ᠎ᠠ ᠬᠠᠯᠠᠮᠵᠢᠯᠠᠯ ᠳᠣᠣᠷ᠎ᠠ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ ᠪᠣᠯᠣᠨ ᠬᠥᠭᠵᠢᠯᠲᠡ᠎ᠶᠢᠨ ᠪᠠᠴᠢᠮ ᠱᠠᠭᠠᠷᠳᠠᠭᠳᠠᠵᠤ ᠪᠠᠢᠭ᠎ᠠ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠶᠡᠬᠡᠪᠡᠷ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠣᠭᠤᠯᠤᠯᠲᠠ᠎ᠶᠢ ᠢᠳᠡᠪᠬᠢᠲᠡᠢ ᠨᠡᠮᠡᠭᠳᠡᠭᠦᠯᠵᠦ᠂ ᠰᠠᠭᠤᠷᠢ ᠰᠤᠳᠤᠯᠭᠠᠨ᠎ᠤ ᠲᠦᠪᠰᠢᠨ ᠪᠣᠯᠣᠨ ᠠᠩᠬᠠᠨ᠎ᠤ ᠰᠢᠨ᠎ᠡ᠎ᠶᠢ ᠡᠭᠦᠳᠬᠦ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠎ᠶᠢ ᠴᠢᠩᠭᠠᠳᠬᠠᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠨ ᠠᠬᠢᠭᠤᠯᠵᠤ᠂ 《ᠵᠣᠬᠢᠶᠠᠮᠠᠯ ᠣᠶᠤᠨ ᠴᠢᠳᠠᠪᠤᠷᠢ + 》 ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠵᠤ᠂ ᠡᠯ᠎ᠡ ᠬᠦᠷᠢᠶᠡᠨ᠎ᠦ ᠠᠵᠢᠯ ᠢᠯᠡᠳᠲᠡ ᠦᠷ᠎ᠡ ᠪᠦᠲᠦᠮᠵᠢ ᠣᠯᠪᠠ᠃ ᠫᠸᠩ ᠴᠸᠩ ᠲᠤᠷᠰᠢᠯᠲᠠ᠎ᠶᠢᠨ ᠲᠠᠰᠤᠭ ᠤ᠋ᠨ ᠬᠢᠨ ᠥᠪᠥᠷ ᠮᠣᠩᠭᠣᠯ ᠯᠤᠭ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠢ ᠡᠭᠦᠳᠦᠨ ᠪᠠᠶ᠋ᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ᠂ ᠴᠢᠳᠠᠪᠤᠷᠢᠲᠠᠨ᠎ᠢ ᠬᠥᠮᠥᠵᠢᠭᠦᠯᠦᠨ ᠰᠣᠯᠢᠯᠴᠠᠬᠤ ᠵᠡᠷᠭᠡ ᠠᠵᠢᠯ᠎ᠢ ᠬᠠᠮᠵᠢᠯᠴᠠᠨ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠨᠡᠩ ᠰᠠᠢᠳᠤᠷ ᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ᠃ ᠬᠠᠮᠳᠦ ᠶᠠᠪᠤᠵᠦ ᠪᠠᠢᠭ᠎ᠠ ᠠᠵᠤ ᠠᠬᠤᠢᠯᠠᠯᠲᠠᠳ᠎ᠤᠨ ᠲᠣᠰ ᠪᠡᠶ᠎ᠡ ᠪᠣᠯᠣᠨ ᠥᠪᠥᠷ ᠮᠣᠩᠭᠣᠯ᠎ᠤᠨ ᠳᠠᠪᠠᠭᠤᠯᠢᠭ᠋ ᠪᠠ ᠬᠡᠷᠡᠭᠴᠡᠭᠡ ᠳ᠋ᠤ ᠰᠠᠭᠤᠷᠢᠯᠠᠨ᠂ ᠬᠠᠮᠲᠤᠷᠠᠯᠴᠠᠭᠠᠨ᠎ᠤ ᠲᠥᠷᠥᠯ ᠵᠦᠢᠯ᠎ᠢ ᠢᠳᠡᠪᠬᠢᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠭᠥᠷᠳᠡᠬᠦ᠎ᠶᠢ ᠪᠡᠶᠡᠯᠡᠭᠦᠯᠬᠦ᠎ᠶᠢ ᠬᠦᠰᠡᠵᠦ ᠪᠠᠢᠨ᠎ᠠ᠃ ᠪᠢᠳᠠ ᠡᠯ᠎ᠡ ᠵᠦᠢᠯ᠎ᠦᠨ ᠦᠢᠯᠡᠴᠢᠯᠡᠭᠡ ᠪᠠᠲᠤᠯᠠᠭ᠎ᠠ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠤᠯᠠᠨ᠎ᠤ ᠥᠪᠥᠷ ᠮᠣᠩᠭᠣᠯ᠎ᠳᠤ ᠰᠢᠨ᠎ᠡ᠎ᠶᠢ ᠡᠭᠦᠳᠴᠦ ᠦᠢᠯᠡᠰ ᠪᠣᠰᠬᠠᠬᠤ᠎ᠳᠤ ᠰᠠᠢᠨ ᠰᠠᠢᠬᠠᠨ ᠨᠥᠬᠥᠴᠡᠯ ᠬᠠᠩᠭᠠᠨ᠎ᠠ ᠭᠡᠪᠡ᠃
ᠭᠤᠤ ᠸᠸᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠫᠸᠩ ᠴᠸᠩ ᠲᠤᠷᠰᠢᠯᠲᠠ᠎ᠶᠢᠨ ᠲᠠᠰᠤᠭ᠎ᠤᠨ ᠬᠥᠭᠵᠢᠯᠲᠡ᠎ᠶᠢ ᠬᠠᠯᠠᠮᠵᠢᠯᠠᠨ ᠳᠡᠮᠵᠢᠭᠰᠡᠨ᠎ᠳᠦ ᠲᠠᠯᠠᠷᠬᠠᠬᠤ᠎ᠶᠢᠨ ᠬᠠᠮᠲᠤ ᠲᠤᠷᠰᠢᠯᠲᠠ᠎ᠶᠢᠨ ᠲᠠᠰᠤᠭ᠎ᠤᠨ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠤ᠋ᠨ ᠬᠢᠨ ᠤᠯᠤᠰ᠎ᠤᠨ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠬᠦ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ ᠵᠢᠨ ᠬᠦᠴᠦᠨ᠎ᠦ ᠲᠣᠣᠷ᠎ᠢ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠪᠣᠯᠣᠨ ᠵᠣᠬᠢᠶᠠᠮᠠᠯ ᠤᠶᠤᠨ ᠴᠢᠳᠠᠪᠤᠷᠢ᠎ᠶᠢᠨ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠤᠯᠤᠰ᠎ᠤᠨ ᠪᠤᠳᠤᠯᠳᠠ ᠵᠢᠨ ᠬᠦᠴᠦᠨ᠎ᠦ ᠬᠦᠢᠰᠦ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠪᠤᠳᠤᠯᠳᠠ ᠵᠢᠨ ᠬᠦᠴᠦᠨ᠎ᠦ ᠬᠡᠪᠴᠢᠶ᠎ᠡ ᠲᠦᠷᠭᠡᠨ ᠨᠡᠮᠡᠭᠳᠡᠵᠦ᠂ ᠬᠥᠭᠵᠢᠯᠲᠡ᠎ᠶᠢᠨ ᠦᠷ᠎ᠡ ᠪᠦᠲᠦᠮᠵᠢ ᠤᠯᠠᠨ᠎ᠤ ᠠᠩᠬᠠᠷᠤᠯ᠎ᠢ ᠲᠠᠲᠠᠪᠠ᠃ ᠫᠸᠩ ᠴᠸᠩ ᠲᠤᠷᠰᠢᠯᠲᠠ᠎ᠶᠢᠨ ᠲᠠᠰᠤᠭ ᠪᠣᠳᠣᠯᠳᠠ ᠵᠢᠨ ᠬᠦᠴᠦᠨ᠎ᠦ ᠳᠤᠤᠷ ᠤ᠋ᠨ ᠬᠦᠷᠢᠶᠡᠨ᠎ᠳᠡᠬᠢ ᠲᠡᠷᠢᠭᠦᠨ᠎ᠦ ᠮᠡᠷᠭᠡᠵᠢᠯ᠎ᠦᠨ ᠪᠣᠭᠣᠮᠲᠠ ᠰᠢᠪᠲᠤᠯᠬᠤ ᠴᠢᠳᠠᠪᠤᠷᠢ ᠪᠣᠯᠣᠨ ᠴᠢᠳᠠᠪᠤᠷᠢᠲᠠᠨ᠎ᠤ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ ᠯᠤᠭ᠎ᠠ᠎ᠶᠢᠨ ᠪᠣᠳᠣᠯᠳᠠ ᠵᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠦᠨ ᠰᠢᠪᠲᠤᠯᠤᠯᠲᠠ ᠪᠣᠯᠣᠨ ᠴᠢᠳᠠᠪᠤᠷᠢᠲᠠᠨ ᠬᠥᠮᠥᠵᠢᠭᠦᠯᠦᠨ ᠰᠣᠯᠢᠯᠴᠠᠬᠤ ᠵᠡᠷᠭᠡ ᠲᠠᠯ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠥᠪᠥᠷ ᠮᠣᠩᠭᠣᠯ᠎ᠤᠨ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠦᠨ ᠬᠦᠢᠰᠦ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ ᠪᠣᠯᠣᠨ ᠪᠣᠬᠢᠷᠲᠤᠯ ᠦᠭᠡᠢ ᠪᠣᠳᠣᠯᠳᠠ᠎ᠶᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠶᠢ ᠪᠦᠬᠦ ᠬᠦᠴᠦᠨ ᠵᠢᠡᠷ᠎ᠢᠶᠡᠨ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠸᠠᠩ ᠪᠸᠨ ᠴᠢᠶᠠᠩ᠂ ᠢᠦᠢ ᠯᠢ ᠰᠢᠨ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃