2026-10-20 10:18:30
ᠸᠠᠩ ᠸᠧᠢ ᠵᠦᠩ ᠶᠠᠷᠢᠶ᠎ᠠ ᠲᠠᠯᠪᠢᠵᠤ ᠪᠦᠦ ᠭᠠᠩ ᠬᠤᠷᠠᠯ᠎ᠢ ᠡᠷᠬᠢᠯᠡᠵᠦ ᠵᠠᠩ ᠶᠠᠨ ᠺᠦᠨ ᠱᠢ ᠭᠤᠸᠠᠩ ᠬᠤᠢ ᠣᠷᠣᠯᠴᠠᠵᠠᠢ
10 ᠰᠠᠷ᠎ᠠ᠎ᠶᠢᠨ 19᠎ᠤ᠋ ᠡᠳᠦᠷ᠂ ᠪᠦᠬᠦ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ ᠬᠥᠬᠡᠬᠣᠲᠠ᠎ᠳᠤ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

10 ᠰᠠᠷ᠎ᠠ᠎ᠶᠢᠨ 19 ᠤ᠋ ᠡᠳᠦᠷ᠂ ᠪᠦᠬᠦ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠦᠩ ᠬᠤᠷᠠᠯ᠎ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠵᠠᠢ᠃
ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠤᠳᠤᠷᠢᠳᠬᠤ ᠨᠥᠬᠥᠳ᠂ ᠰᠢᠭᠦᠬᠦ ᠬᠣᠷᠢᠶ᠎ᠠ ᠵᠢᠨ ᠳᠠᠷᠤᠭ᠎ᠠ ᠪᠠᠢᠴᠠᠭᠠᠬᠤ ᠬᠣᠷᠢᠶ᠎ᠠ᠎ᠶᠢᠨ ᠪᠠᠢᠴᠠᠭᠠᠬᠤ ᠳᠠᠷᠤᠭ᠎ᠠ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠤᠳᠤᠷᠢᠳᠬᠤ ᠨᠥᠬᠥᠳ᠂ ᠬᠡᠰᠡᠭ ᠮᠤᠵᠢ᠎ᠶᠢᠨ ᠲᠠᠰ᠎ᠤᠨ ᠠᠵᠢᠯ ᠡᠴᠡ᠎ᠪᠠᠨ ᠠᠮᠠᠷᠠᠭᠰᠠᠨ ᠠᠬᠠᠮᠠᠳ ᠨᠥᠬᠥᠳ ᠬᠤᠷᠠᠯ᠎ᠳᠤ ᠣᠷᠣᠯᠴᠠᠵᠠᠢ᠃
ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭᠲᠠ ᠭᠦᠨ ᠰᠠᠨᠠᠭᠠᠯᠵᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢ ᠢᠮᠠᠭᠲᠠ ᠰᠠᠨᠠᠭᠠᠯᠵᠠᠭᠰᠠᠭᠠᠷ ᠢᠷᠡᠪᠡ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠴᠢᠬᠤᠯᠠ ᠴᠠᠭ ᠮᠥᠴᠡ᠎ᠳᠦ᠂ ᠶᠡᠷᠦᠩᠬᠡᠢ ᠱᠦᠵᠢ ᠰᠢ ᠵᠢᠨ ᠫᠢᠩ ᠲᠤᠰᠬᠠᠢᠯᠠᠨ ᠴᠠᠭ ᠭᠠᠷᠭᠠᠵᠤ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠵᠦ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠪᠣᠬᠢᠷᠲᠤᠯ ᠦᠭᠡᠢ ᠪᠤᠳᠤᠯᠳᠡ᠎ᠶᠢᠨ ᠬᠦᠴᠦᠨ᠎ᠤ ᠬᠥᠭᠵᠢᠯᠲᠡ ᠵᠡᠷᠭᠡ ᠠᠵᠢᠯ᠎ᠢ ᠭᠦᠢᠴᠡᠳ ᠨᠤᠲᠠᠯᠠᠬᠰᠠᠨ ᠮᠥᠷᠲᠡᠭᠡᠨ ᠬᠤᠯᠪᠤᠭᠳᠠᠯ ᠪᠦᠬᠦᠢ ᠠᠵᠢᠯ᠎ᠢ ᠰᠠᠢᠲᠤᠷ ᠬᠢᠵᠦ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠨᠢ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠶᠢᠨ ᠥᠪᠥᠷ ᠮᠣᠩᠭᠣᠯ ᠤ᠋ᠨ ᠲᠤᠬᠠᠢ ᠭᠦᠨ ᠵᠤᠵᠠᠭᠠᠨ ᠬᠠᠯᠠᠮᠵᠢᠯᠠᠯ ᠪᠠ ᠦᠯᠡᠮᠵᠢ ᠬᠠᠢᠷ᠎ᠠ ᠵᠢ ᠭᠦᠢᠴᠡᠳ ᠢᠯᠡᠷᠡᠭᠦᠯᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ 《ᠥᠪᠥᠷ ᠮᠣᠩᠭᠣᠯ᠎ᠤᠨ ᠬᠠᠭᠤᠳᠠᠰᠤ》 ᠶ᠋ᠢ ᠪᠠᠶᠠᠯᠢᠭ᠍ᠵᠢᠭᠤᠯᠤᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠵᠢᠨ ᠤᠷᠤᠭᠰᠢᠯᠠᠯᠲᠠ᠎ᠶᠢᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ ᠵᠢᠭᠠᠵᠤ ᠥᠭᠴᠤ᠂ ᠦᠨᠳᠦᠰᠦᠨ ᠵᠢᠷᠤᠮᠯᠠᠯ ᠬᠠᠩᠭᠠᠵᠦ᠂ ᠬᠦᠴᠦᠷᠬᠡᠭ ᠶᠡᠬᠡ ᠬᠥᠳᠡᠯᠭᠡᠬᠦ ᠬᠦᠴᠦᠨ ᠣᠯᠭᠤᠪᠠ᠃ ᠪᠥᠬᠥ ᠣᠷᠣᠨ᠎ᠤ ᠡᠯ᠎ᠡ ᠱᠠᠲᠤᠨ᠎ᠤ ᠬᠢᠨ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》ᠢ᠋ᠶ᠋ᠠᠨ ᠴᠢᠩᠭᠠᠳᠬᠠᠵᠤ᠂ 《ᠳᠥᠷᠪᠡᠨ ᠢᠲᠡᠭᠡᠯ》ᠢ᠋ᠶ᠋ᠠᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ ᠪᠣᠯᠣᠨ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠠᠢᠷ᠎ᠠ ᠬᠠᠯᠠᠮᠵᠢ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠠᠵᠢᠯ ᠬᠢᠵᠦ ᠦᠢᠯᠡᠰ ᠪᠣᠰᠬᠠᠬᠤ ᠤᠬᠠᠮᠰᠠᠷᠲᠤ ᠠᠵᠢᠯᠯᠠᠭ᠎ᠠ ᠪᠣᠯᠣᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢᠶᠠᠨ ᠨᠠᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ᠂ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠲᠥᠪ ᠬᠣᠷᠢᠶ᠎ᠠ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠢᠭᠡ ᠬᠤᠪᠢ ᠬᠠᠨᠤᠮᠵᠢᠲᠠᠶ ᠬᠠᠷᠢᠭᠤᠯᠲᠠ᠎ᠶᠢᠨ ᠬᠠᠭᠤᠳᠠᠰᠤ ᠲᠤᠰᠢᠶᠠᠬᠤ ᠬᠡᠷᠡᠭᠲᠡᠢ ᠬᠡᠵᠦ ᠵᠢᠭᠠᠵᠦ ᠭᠠᠷᠭᠠᠪᠠ᠃
ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠵᠤᠵᠠᠭᠠᠨ ᠬᠠᠢᠷ᠎ᠠ ᠬᠠᠯᠠᠮᠵᠢ ᠪᠣᠯ ᠡᠷᠡᠮᠡᠬᠡᠢᠯᠡᠨ ᠳᠠᠪᠰᠢᠬᠤᠬᠥᠳᠡᠯᠭᠡᠬᠦ ᠬᠦᠴᠦᠨ ᠮᠥᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠪᠣᠯ ᠠᠵᠢᠯᠯᠠᠭ᠎ᠠ᠎ᠶᠢᠨ ᠵᠠᠷᠯᠢᠭ᠋ ᠮᠥᠨ᠃ ᠪᠦᠬᠦ ᠣᠷᠣᠨ᠎ᠤ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠤᠳᠠᠭ᠎ᠠ᠎ᠶᠢᠨ ᠰᠢᠨᠵᠢᠯᠡᠨ ᠪᠠᠢᠴᠠᠭᠠᠯᠲᠠ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭᠰᠢᠯᠠᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠨ ᠦᠨᠡᠨ ᠬᠦ᠌ ᠴᠢᠩᠭᠠᠳᠬᠠᠬᠤ ᠬᠡᠷᠡᠭᠲᠡᠢ᠃ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠢᠮᠠᠭᠲᠠ ᠲᠠᠯᠪᠢᠭᠰᠠᠭᠠᠷ ᠢᠷᠡᠭᠰᠡᠨ ᠴᠢᠬᠤᠯᠠ ᠱᠠᠭᠠᠷᠳᠠᠯᠭ᠎ᠠ ᠪᠤᠯᠬᠤ ᠵᠢ ᠭᠦᠨᠵᠡᠭᠡᠢ ᠲᠠᠨᠢᠵᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠬᠠᠬᠤ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠢᠮᠠᠭᠲᠠ ᠪᠠᠲᠤᠯᠠᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠳᠤᠮᠳᠠ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ᠎ᠢ ᠴᠢᠷᠮᠠᠢᠨ ᠢᠯᠡᠷᠡᠭᠦᠯᠬᠦ ᠬᠡᠷᠡᠭᠳᠠᠢ᠃ 《ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠬᠦ᠌᠂ ᠪᠥᠬᠥ᠌ ᠤᠯᠤᠰ᠎ᠤᠨ ᠨᠢᠭᠡ ᠴᠣᠭᠴᠠᠵᠢᠭᠰᠠᠨ ᠪᠤᠳᠤᠯᠳᠠ ᠵᠢᠨ ᠬᠦᠴᠦᠨ᠎ᠦ ᠲᠤᠤᠷ ᠢ᠋ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ᠍ ᠪᠣᠳᠣᠯᠭ᠎ᠠ ᠵᠢᠨᠪᠠᠶ᠋ᠢᠷᠢᠯᠠᠭᠤᠯᠤᠯᠲᠠ ᠪᠣᠯᠬᠤ᠎ᠶᠢ ᠭᠦᠨᠵᠡᠭᠡᠶ ᠲᠠᠨᠢᠵᠤ᠂ ᠪᠥᠬᠥ᠌ ᠣᠷᠣᠨ᠎ᠤ ᠪᠣᠬᠢᠷᠲᠤᠯ ᠥᠬᠡᠶ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠲᠦᠷᠭᠡᠳᠬᠡᠨ ᠠᠬᠢᠭᠤᠯᠵᠤ᠂ ᠤᠯᠤᠰ᠎ᠤ᠋ᠨ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢᠨ ᠠᠰᠢᠭᠲᠠᠶ ᠪᠠᠶ᠋ᠢᠷᠢ᠎ᠶᠢ ᠵᠠᠪᠳᠤᠨ ᠡᠵᠡᠯᠡᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭᠲᠡᠶ᠃ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠶ᠋ᠢᠭᠤᠯᠬᠤ ᠪᠣᠯ ᠪᠢᠳᠡᠨ᠎ᠦ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ ᠪᠣᠯᠬᠤ᠎ᠶᠢ ᠭᠦᠨᠵᠡᠭᠡᠶ ᠲᠠᠨᠢᠵᠤ᠂ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠡᠭᠦᠷᠭᠡᠲᠦ᠍ ᠤᠬᠠᠮᠰᠠᠷ᠎ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠷᠤᠯᠲᠠ᠎ᠶᠢᠨ ᠶᠡᠬᠡ ᠣᠷᠣᠨ᠎ᠡᠴᠡ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠦᠨ ᠬᠦᠴᠦᠷᠬᠡᠭ ᠣᠷᠣᠨ ᠲᠡᠶ᠋ᠢᠰᠢ ᠲᠦᠷᠭᠡᠨ ᠬᠤᠪᠢᠷᠠᠭᠤᠯᠬᠤ ᠬᠡᠷᠡᠭᠲᠡᠶ᠃ ᠨᠠᠮ᠎ᠤᠨ ᠪᠥᠬᠥ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠪᠣᠯ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠦᠨᠳᠦᠰᠦᠨ ᠪᠠᠲᠤᠯᠠᠭ᠎ᠠ ᠪᠤᠯᠬᠤ ᠵᠢ ᠭᠦᠨᠵᠡᠭᠡᠶ ᠲᠠᠨᠢᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶᠢᠨ ᠠᠮᠢ ᠠᠬᠤᠶ᠎ᠶᠢ ᠪᠣᠶ ᠪᠣᠯᠭᠠᠬᠤ ᠢᠲᠡᠭᠡᠯ ᠵᠣᠷᠢᠭ᠎ᠢᠶᠠᠨ ᠨᠠᠩ ᠪᠠᠲᠤᠳᠬᠠᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠨᠢᠭᠡ ᠠᠯᠬᠤᠮ ᠴᠤ᠌ ᠵᠣᠭᠰᠣᠬᠤ ᠥᠬᠡᠶ᠂ ᠬᠠᠭᠠᠰ ᠠᠯᠬᠤᠮ ᠴᠤ᠌ ᠤᠬᠤᠷᠢᠬᠤ ᠥᠬᠡᠶ᠎ᠪᠡᠷ ᠭᠦᠨᠵᠡᠭᠡᠶ᠋ᠢᠷᠡᠭᠦᠯᠦᠨ ᠠᠬᠢᠭᠤᠯᠬᠤ ᠬᠡᠷᠡᠭᠲᠡᠶ᠃ ᠨᠠᠮ᠎ᠤᠨ ᠲᠥᠪ ᠬᠣᠷᠢᠶ᠎ᠠ ᠵᠢᠨ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ ᠪᠣᠯᠤᠨ ᠲᠥᠯᠥᠪᠵᠢᠭᠦᠯᠭᠡ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠬᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠪᠣᠯ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢᠨ ᠬᠠᠮᠤᠭ᠎ᠤᠨ ᠰᠢᠭᠤᠳ ᠢᠯᠡᠷᠡᠯ ᠪᠣᠯᠬᠤ᠎ᠶᠢ ᠭᠦᠨᠵᠡᠭᠡᠢ ᠲᠠᠨᠢᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠪᠦᠳᠦᠭᠡᠨ ᠪᠠᠶ᠋ᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ᠌ ᠣᠮᠣᠭ ᠲᠡᠭᠦᠯᠳᠡᠷ ᠲᠡᠮᠡᠴᠡᠯ᠎ᠦᠨ ᠵᠣᠷᠢᠭ᠎ᠢ ᠲᠠᠰᠤᠷᠠᠯᠳᠠ ᠦᠭᠡᠢ ᠬᠥᠭᠵᠢᠭᠡᠵᠦ᠍᠂ ᠦᠵᠡᠰᠬᠦᠯᠡᠩᠲᠦ᠍ ᠰᠠᠶ᠋ᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠶ᠋ᠢᠭᠤᠯᠬᠤ ᠴᠣ ᠰᠢᠨ᠎ᠡ ᠬᠠᠭᠤᠳᠠᠰᠤ᠎ᠶᠢ ᠪᠢᠴᠢᠭᠯᠡᠬᠦ᠌ ᠬᠡᠷᠡᠭᠲᠡᠢ ᠬᠡᠵᠦ ᠴᠢᠬᠤᠯᠠᠴᠢᠯᠠᠪᠠ᠃
ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭᠠᠨ᠎ᠤ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠶ᠋ᠢᠯᠠᠭᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠠᠳᠬᠤᠬᠤ ᠬᠡᠷᠡᠭᠲᠡᠢ᠃ ᠨᠢᠭᠡ᠎ᠳᠦ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ᠎ᠪᠦᠬᠦᠢ ᠬᠠᠮᠠᠭᠠᠯᠠᠯᠲᠠ᠎ᠶᠢ ᠨᠢᠭᠡᠳᠦᠯᠲᠡᠶ ᠲᠥᠯᠥᠪᠵᠢᠭᠦᠯᠵᠤ᠂ ᠠᠮᠢ ᠠᠬᠤᠶ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠲᠠᠢᠯᠠᠯᠳᠤᠭᠠᠨ ᠢ᠋ ᠡᠷᠡᠰ ᠰᠠᠢᠳᠤᠷ ᠬᠢᠵᠤ᠂ 《ᠬᠦᠯᠤᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ》 ᠵᠢᠴᠢ ᠴᠠᠭᠠᠨᠨᠠᠭᠤᠷ᠂ ᠬᠢᠬᠢᠷᠢ ᠵᠢᠨ ᠨᠠᠭᠤᠷ ᠵᠡᠷᠭᠡ ᠭᠤᠤᠯᠳᠠᠯᠭ᠎ᠠ᠎ᠲᠠᠶ ᠨᠠᠭᠤᠷ ᠪᠦᠷᠢ᠎ᠳᠤ ᠨᠤᠭᠤ ᠭᠠᠵᠠᠷ᠎ᠤᠨ ᠠᠮᠢ ᠠᠬᠤᠶ᠎ᠶᠢᠨ ᠵᠠᠰᠠᠯᠲᠠ᠎ᠶᠢᠨ ᠦᠷ᠎ᠡ ᠪᠦᠲᠦᠭᠡᠯ ᠢ᠋ ᠦᠷᠬᠦᠯᠵᠢᠯᠡᠨ ᠪᠡᠬᠢᠵᠢᠬᠦᠯᠵᠤ᠂ 《ᠤᠮᠠᠷᠠᠳᠤ ᠵᠢᠨ ᠭᠤᠷᠪᠡᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠪᠦᠬᠦ ᠬᠦᠴᠦᠨ ᠵᠢᠡᠷ ᠵᠢᠡᠨ ᠰᠠᠶ᠋ᠢᠲᠤᠷ ᠬᠢᠵᠤ᠂ ᠨᠡᠭᠦᠷᠡᠰᠦᠲᠦ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ᠎ᠶᠢᠨ ᠬᠣᠣᠰ ᠡᠵᠡᠮᠳᠡᠯ᠎ᠦᠨ ᠳᠦᠷᠢᠮ᠎ᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠡᠬᠦᠷᠡᠰᠦᠳᠦ᠋ᠷᠦᠭᠴᠢ ᠦᠭᠡᠢ ᠬᠦᠷᠢᠶᠡᠯᠡᠩ ᠲᠣᠭᠣᠷᠢᠭ (ᠦᠢᠯᠡᠳᠪᠦᠷᠢ) ᠪᠠ ᠴᠡᠪᠡᠷ ᠪᠤᠬᠢᠷᠳᠤᠯ ᠦᠭᠡᠢ ᠴᠠᠬᠢᠯᠭᠠᠨ᠎ᠤ ᠬᠦᠷᠢᠶᠡᠯᠡᠩ ᠲᠣᠭᠣᠷᠢᠭ (ᠦᠢᠯᠡᠳᠪᠦᠷᠢ) ᠢ᠋ ᠲᠦᠷᠭᠡᠳᠬᠡᠨ ᠪᠠᠶ᠋ᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠶᠡᠷᠦᠩᠬᠡᠶ᠋ᠢᠯᠡᠭᠰᠡᠨ ᠦᠢᠯᠡᠳᠤᠯ ᠴᠢᠳᠠᠪᠤᠷᠢ᠎ᠶᠢᠨ ᠪᠦᠬᠦᠯᠢ ᠴᠣᠭᠴᠠ᠎ᠶᠢᠨ ᠳᠡᠭᠡᠭᠰᠢᠯᠡᠯᠲᠡ᠎ᠶᠢ ᠠᠬᠢᠭᠤᠯᠬᠤ ᠭᠡᠷᠡᠭᠳᠠᠢ᠃ ᠬᠣᠶᠠᠷ᠎ᠲᠤ᠌᠂ ᠪᠣᠬᠢᠷᠲᠤᠯ ᠥᠬᠡᠶ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠢᠳᠡᠪᠬᠢᠲᠡᠶ ᠠᠬᠢᠭᠤᠯᠵᠤ᠂ ᠪᠤᠬᠢᠷᠳᠤᠯ ᠦᠭᠡᠢ ᠴᠠᠬᠢᠯᠭᠠᠨ ᠬᠦᠢᠴᠡᠳ᠂ ᠠᠭᠤᠷ ᠠᠮᠢᠰᠬᠤᠯ ᠰᠡᠷᠢᠭᠦᠨ᠂ ᠣᠷᠣᠨ ᠪᠠᠶ᠋ᠢᠷᠢ ᠣᠶ᠋ᠢᠷᠠᠯᠴᠠᠭ᠎ᠠ᠂ ᠭᠠᠵᠠᠷ ᠵᠦᠢ ᠲᠣᠭᠲᠠᠭᠤᠨ᠂ ᠪᠡᠭᠡᠵᠢᠩ᠎ᠳ᠋ᠤ ᠰᠢᠭᠤᠳ ᠬᠦᠷᠬᠦ ᠭᠡᠷᠡᠯᠯᠢᠭ ᠳᠡᠭᠡᠰᠦ᠎ᠵᠢᠨ ᠴᠠᠭ᠎ᠤᠨ ᠤᠳᠠᠭᠠᠰᠢᠷᠠᠯ ᠨᠢ ᠲᠤᠤᠷ᠎ᠠ᠂ ᠲᠤᠭ᠎ᠠ ᠪᠠᠷᠢᠮᠳᠠ᠎ᠶᠢᠨ ᠲᠥᠪ᠎ᠦᠨ ᠴᠠᠬᠢᠯᠭᠠᠨ ᠡᠨᠧᠷᠭᠢ᠎ᠶᠢᠨ ᠠᠰᠢᠭᠯᠠᠮᠵᠢ ᠨᠢ ᠠᠵᠢᠯ ᠲᠥᠷᠥᠯ᠎ᠦᠨ ᠲᠡᠷᠢᠭᠦᠨ᠎ᠳᠦ ᠪᠠᠢᠬᠤ ᠵᠡᠷᠭᠡ ᠶᠡᠷᠦᠩᠬᠡᠶ᠋ᠢᠯᠡᠭᠰᠡᠨ ᠳᠠᠪᠠᠭᠤᠯᠢᠭ ᠢ᠋ ᠤᠯᠠᠮ ᠨᠢᠭᠡ ᠠᠯᠬᠤᠮ ᠶᠡᠭᠡᠰᠭᠡᠵᠤ᠂ ᠥᠨᠳᠥᠷ ᠪᠦᠳᠦᠮᠵᠢᠳᠠᠢ᠂ ᠪᠤᠬᠢᠷᠳᠤᠯ ᠦᠭᠡᠢ᠂ ᠠᠮᠤᠷ ᠲᠦᠪᠰᠢᠨ᠎ᠦ ᠴᠢᠬᠤᠯᠠ ᠱᠠᠭᠠᠷᠳᠠᠯᠭ᠎ᠠ ᠶᠤᠰᠤᠭᠠᠷ᠂ ᠲᠤᠭ᠎ᠠ ᠪᠠᠷᠢᠮᠳᠠ᠎ᠶᠢᠨ ᠲᠥᠪ᠎ᠦᠨ ᠲᠥᠯᠥᠪᠵᠢᠭᠦᠯᠭᠡ ᠪᠦᠲᠦᠭᠡᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠵᠤ᠂ ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ ᠤ᠋ ᠬᠠᠮᠵᠢᠯᠴᠠᠭ᠎ᠠ᠂ ᠪᠤᠳᠤᠯᠳᠠ ᠵᠢᠨ ᠬᠦᠴᠤᠨ ᠪᠤᠯᠤᠨ ᠤᠰᠤᠨ ᠤ᠋ ᠡᠬᠢ ᠪᠠᠶᠠᠯᠢᠭ ᠤ᠋ᠨ ᠬᠠᠮᠵᠢᠯᠴᠠᠭ᠎ᠠ᠂ ᠪᠤᠳᠤᠯᠳᠠ ᠵᠢᠨ ᠬᠦᠴᠤᠨ ᠪᠤᠯᠤᠨ ᠴᠢᠮᠡᠭᠡ ᠬᠤᠯᠪᠤᠭᠠᠨ ᠤ᠋ ᠲᠤᠤᠷ ᠰᠦᠯᠵᠢᠶ᠎ᠠ ᠵᠢᠨ ᠠᠭᠤᠰᠤᠯᠴᠠᠯ ᠢ᠋ ᠴᠢᠨᠭᠭᠠᠳᠬᠠᠵᠤ᠂ ᠴᠠᠬᠢᠯᠭᠠᠨ ᠠᠷᠪᠢᠯᠠᠬᠤ ᠤᠰᠤ ᠠᠷᠪᠢᠯᠠᠬᠤ ᠭᠠᠵᠠᠷ ᠠᠷᠪᠢᠯᠠᠬᠤ ᠬᠠᠮᠢᠶᠠᠷᠤᠯᠲᠠ᠎ᠶᠢ ᠴᠢᠩᠭᠠᠳᠬᠠᠵᠤ᠂ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ ᠴᠢᠳᠠᠪᠤᠷᠢᠲᠠᠨ᠎ᠤ ᠪᠠᠲᠤᠯᠠᠭ᠎ᠠ᠎ᠶᠢ ᠴᠢᠩᠭᠠᠳᠬᠠᠵᠤ᠂ ᠪᠦᠬᠦ᠌ ᠤᠯᠤᠰ ᠴᠢᠨᠠᠭᠰᠢᠯᠠᠪᠠᠯ ᠪᠦᠬᠦ᠌ ᠪᠥᠮᠪᠥᠷᠴᠡᠭ᠎ᠦᠨ ᠪᠣᠬᠢᠷᠲᠤᠯ ᠦᠭᠡᠢ ᠪᠤᠳᠤᠯᠳᠠ ᠵᠢᠨ ᠬᠦᠴᠤᠨ ᠤ᠋ ᠠᠵᠤ ᠦᠢᠯᠡᠰ᠎ᠦᠨ ᠥᠨᠳᠥᠷᠯᠢᠭ ᠢ᠋ ᠪᠦᠬᠦ᠌ ᠬᠦᠴᠦᠨ᠎ᠢᠶᠡᠷ᠎ᠢᠶᠡᠨ ᠴᠣᠭᠴᠠᠯᠠᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠶᠢ ᠠᠬᠢᠭᠤᠯᠬᠤ ᠪᠠ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ᠌ ᠬᠡᠷᠡᠭᠲᠡᠶ᠃ ᠲᠥᠷᠥᠯ ᠵᠦᠢᠯ᠎ᠦᠨ ᠪᠠᠶ᠋ᠢᠷᠢᠰᠢᠭᠤᠯᠤᠯᠲᠠ᠎ᠶᠢ ᠰᠢᠯᠢᠳᠡᠭᠵᠢᠭᠦᠯᠵᠦ᠍᠂ ᠰᠣᠬᠣᠷ ᠪᠠᠯᠠᠶ᠎ᠪᠠᠷ ᠥᠷᠢᠰᠥᠯᠳᠦᠬᠦ᠌᠎ᠶᠢ ᠰᠡᠷᠭᠡᠶ᠋ᠢᠯᠡᠨ᠂ ᠲᠤᠰ ᠪᠡᠶ᠎ᠡ᠎ᠶᠢᠨ ᠨᠥᠬᠥᠴᠡᠯ᠎ᠢᠶᠡᠨ ᠬᠠᠶ᠋ᠢᠬᠤᠷᠤᠯ ᠦᠭᠡᠶ᠎ᠪᠡᠷ ᠨᠢᠭᠡ ᠯᠡ ᠳᠣᠣᠷ᠎ᠠ ᠳᠡᠷᠪᠡᠵᠦ᠍᠂ ᠡᠮᠬᠢ ᠵᠢᠷᠤᠮ ᠦᠭᠡᠶ ᠬᠥᠭᠵᠢᠬᠦᠯᠬᠦ᠎ᠶᠢ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃ ᠭᠤᠷᠪᠠ᠎ᠳᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠶ᠋ᠢᠭᠤᠯᠤᠯᠲᠠ᠎ᠶᠢᠨ ᠴᠢᠳᠠᠪᠬᠢ ᠲᠠᠰ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠵᠦ᠍᠂ ᠮᠠᠯ ᠠᠵᠤ ᠠᠬᠤᠶ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ ᠪᠣᠯᠤᠨ ᠶᠠᠰᠤ ᠴᠢᠨᠠᠷ ᠦᠷ᠎ᠡ ᠠᠰᠢᠭ᠎ᠢ ᠲᠣᠭᠲᠠᠭᠤᠨ᠎ᠢᠶᠠᠷ ᠳᠡᠭᠡᠭᠰᠢᠯᠡᠭᠦᠯᠵᠦ᠍᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠎ᠢ ᠴᠣᠭᠴᠠᠯᠠᠬᠤ᠎ᠶᠢ ᠰᠢᠯᠢᠳᠡᠭᠵᠢᠭᠦᠯᠵᠦ᠍᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠪᠣᠯᠤᠨ ᠠᠵᠤ ᠦᠢᠯᠡᠰ᠎ᠦᠨ ᠠᠰᠢᠭ ᠲᠤᠰᠠ᠎ᠶᠢᠨ ᠬᠣᠯᠪᠣᠭᠠᠨ᠎ᠤ ᠲᠣᠭᠲᠠᠴᠠ᠎ᠶᠢ ᠲᠡᠭᠦᠯᠳᠡᠷᠵᠢᠭᠦᠯᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠨᠠᠩ ᠰᠠᠶ᠋ᠢᠲᠤᠷ ᠪᠠᠲᠤᠯᠠᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠶᠢ᠎ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠳᠠᠢ᠃ ᠳᠥᠷᠪᠡ᠎ᠳᠦ᠂ ᠨᠠᠮ᠎ᠤᠨ ᠲᠥᠪ ᠬᠤᠷᠢᠶ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠰᠢᠢᠳᠪᠦᠷᠢᠲᠦ᠍ ᠪᠣᠳᠣᠯᠭ᠎ᠠ ᠪᠠ ᠲᠥᠯᠥᠪᠵᠢᠭᠦᠯᠭᠡ ᠪᠠᠶ᠋ᠢᠷᠢᠯᠠᠭᠤᠯᠤᠯᠲᠠ᠎ᠪᠠᠷ ᠪᠠᠷᠢᠮᠵᠢᠶᠠᠯᠠᠵᠤ᠂ 《ᠨᠠᠢ᠍ᠮᠠᠨ ᠰᠢᠨ᠎ᠡ》᠂ 《ᠬᠤᠶᠠᠷ ᠲᠠᠯ᠎ᠠ ᠪᠡᠷ ᠪᠦᠬᠦ ᠤᠯᠤᠰ ᠤ᠋ᠨ ᠳᠡᠭᠡᠳᠤ ᠲᠦᠪᠰᠢᠨ ᠳ᠋ᠤ ᠲᠤᠭᠳᠠᠭᠤᠨ ᠪᠠᠢᠬᠤ》 ᠪᠠ 《ᠬᠤᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ ᠤ᠋ᠨ ᠡᠮᠦᠨ᠎ᠠ ᠡᠩᠨᠡᠭᠡᠨ ᠳ᠋ᠤ ᠶᠠᠪᠤᠬᠤ》 ᠬᠠᠷᠠᠯᠲᠠ᠎ᠶᠢ ᠪᠡᠶᠡᠯᠡᠭᠦᠯᠵᠦ᠍᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠢᠳᠡᠪᠬᠢᠲᠡᠶ ᠦᠢᠯᠡᠴᠢᠯᠡᠬᠦ᠌ ᠪᠠ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠠᠳᠬᠤᠵᠤ᠂ ᠡᠯ᠎ᠡ ᠵᠦᠢᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡ ᠪᠠ ᠡᠯᠧᠮᠧᠨ᠋ᠲ᠎ᠦᠨ ᠪᠠᠲᠤᠯᠠᠭ᠎ᠠ᠎ᠶᠢ ᠰᠢᠯᠢᠳᠡᠭᠵᠢᠭᠦᠯᠵᠦ᠍᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠬᠡᠷᠡᠭᠳᠠᠢ᠃ ᠲᠠᠪᠤ᠎ᠳᠤ᠂ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠴᠢᠩᠭᠠᠳᠬᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠥᠬᠥᠷᠡᠰᠢ ᠦᠭᠡᠢ᠎ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠍᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶᠢ ᠴᠢᠩᠳᠠᠯᠠᠵᠤ᠂ ᠬᠥᠮᠦᠨ ᠰᠣᠩᠭᠣᠵᠤ ᠬᠥᠮᠦᠨ ᠬᠡᠷᠡᠭᠯᠡᠬᠦ᠌ ᠲᠥᠪ ᠪᠤᠰᠤ ᠰᠤᠷᠲᠠᠯ᠎ᠢ ᠭᠦᠨᠵᠡᠭᠡᠢ ᠴᠡᠭᠴᠡᠯᠡᠨ ᠵᠠᠰᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠪᠦᠬᠦ᠌ ᠬᠦᠴᠦ᠎ᠪᠡᠷ᠎ᠢᠶᠡᠨ ᠰᠠᠶ᠋ᠢᠲᠤᠷ ᠬᠢᠵᠦ᠍᠂ ᠰᠠᠢ᠌ᠨ ᠰᠠᠶ᠋ᠢᠬᠠᠨ ᠤᠯᠤᠰ ᠲᠦᠷᠦ᠎ᠶᠢᠨ ᠠᠮᠢ ᠠᠬᠤᠢ᠎ᠪᠠᠷ ᠲᠡᠷᠢᠭᠦᠨ ᠵᠡᠷᠭᠡ᠎ᠶᠢᠨ ᠰᠣᠶᠣᠯ ᠢᠷᠭᠡᠨᠰᠢᠯ᠎ᠦᠨ ᠣᠷᠴᠢᠨ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ᠂ ᠰᠢᠨ᠎ᠡ᠎ᠶᠢ ᠡᠭᠦᠳᠬᠦ᠌ ᠣᠷᠴᠢᠨ᠂ ᠶᠠᠷᠢᠶ᠎ᠠ ᠬᠡᠯᠡᠯᠴᠡᠭᠡᠨ᠎ᠦ ᠣᠷᠴᠢᠨ ᠲᠣᠭᠣᠷᠢᠨ᠎ᠢ ᠪᠦᠷᠢᠯᠳᠦᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃
ᠸᠠᠩ ᠸᠧᠢ ᠵᠦᠩ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠦᠨᠡᠨ ᠬᠦ᠌ ᠴᠢᠩᠭᠠᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠭᠠᠷᠭᠠᠬᠤ ᠬᠡᠷᠡᠭᠲᠡᠢ᠃ ᠨᠢᠭᠡ᠎ᠳᠦ᠂ ᠤᠯᠠᠮᠵᠢᠯᠠᠨ ᠰᠤᠷᠤᠯᠴᠠᠬᠤ᠎ᠶᠢ ᠰᠠᠶ᠋ᠢᠲᠤᠷ ᠠᠳᠬᠤᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠭᠦᠨᠵᠡᠭᠡᠢ ᠰᠢᠰᠲ᠋ᠧᠮ᠎ᠲᠡᠶ ᠰᠤᠷᠤᠯᠴᠠᠵᠤ᠂ ᠪᠣᠳᠠᠳᠤ ᠪᠠᠢᠳᠠᠯ ᠲᠠᠢ ᠤᠶᠠᠯᠳᠤᠭᠤᠯᠤᠨ ᠰᠤᠷᠤᠯᠴᠠᠵᠤ᠂ ᠲᠤᠭᠤᠷᠠᠳᠠᠯ᠎ᠠ ᠨᠡᠪᠳᠡᠷᠡᠳᠡᠯ᠎ᠡ ᠰᠤᠷᠤᠯᠴᠠᠵᠤ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠪᠣᠯᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠱᠠᠳᠤ ᠳᠠᠪᠬᠤᠷᠭ᠎ᠠ ᠬᠤᠪᠢᠶᠠᠨ᠂ ᠪᠦᠯᠦᠭ ᠬᠤᠪᠢᠶᠠᠨ ᠪᠣᠯᠪᠠᠰᠤᠷᠠᠯ᠎ᠤᠨ ᠠᠩᠬᠢ᠂ ᠲᠤᠰᠬᠠᠢ ᠰᠡᠳᠦᠪᠲᠦ᠍ ᠠᠩᠬᠢ ᠡᠷᠬᠢᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠡᠳᠬᠢᠯ ᠵᠢᠷᠦᠬᠡ ᠲᠠᠷᠢᠬᠢ ᠲᠤᠯᠤᠭᠠᠢ ᠳ᠋ᠤ ᠬᠠᠳᠠᠩᠰᠢᠭᠤᠯᠵᠤ᠂ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ᠎ᠶᠢ ᠠᠬᠢᠭᠤᠯᠬᠤ ᠬᠡᠷᠡᠭᠲᠡᠢ᠃ ᠬᠣᠶᠠᠷ᠎ᠲᠤ᠌᠂ ᠥᠷᠭᠡᠨ᠎ᠢᠶᠡᠷ ᠤᠬᠠᠭᠤᠯᠤᠨ ᠲᠠᠶ᠋ᠢᠯᠪᠤᠷᠢᠯᠠᠵᠤ᠂ ᠪᠦᠬᠦ᠌ ᠲᠠᠯ᠎ᠠ᠎ᠪᠠᠷ᠂ ᠤᠯᠠᠨ ᠬᠠᠷᠠᠭᠠᠰᠤ ᠡᠴᠡ ᠤᠬᠠᠭᠤᠯᠤᠨ ᠲᠠᠶ᠋ᠢᠯᠪᠤᠷᠢᠯᠠᠬᠤ᠎ᠶᠢ ᠰᠠᠶ᠋ᠢᠲᠤᠷ ᠬᠢᠵᠦ᠍᠂ ᠤᠬᠠᠭᠤᠯᠤᠨ ᠲᠠᠶ᠋ᠢᠯᠪᠤᠷᠢᠯᠠᠬᠤ᠎ᠶᠢ ᠠᠵᠤ ᠠᠬᠤᠶ᠋ᠢᠯᠠᠯ᠂ ᠮᠠᠯᠵᠢᠬᠤ ᠲᠠᠷᠢᠶᠠᠯᠠᠬᠤ ᠣᠷᠣᠨ᠂ ᠪᠠᠶ᠋ᠢᠭᠤᠯᠭ᠎ᠠ᠂ ᠰᠤᠷᠭᠠᠭᠤᠯᠢ᠎ᠶᠢᠨ ᠬᠦᠷᠢᠶ᠎ᠡ᠂ ᠨᠡᠶ᠋ᠢᠭᠡᠮ ᠲᠣᠭᠣᠷᠢᠭ᠂ ᠲᠤᠤᠷᠵᠢᠯ ᠳ᠋ᠤ ᠣᠷᠣᠭᠤᠯᠬᠤ᠎ᠶᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠥᠭᠭᠦᠭᠰᠡᠨ ᠭᠦᠨ ᠵᠤᠵᠠᠭᠠᠨ ᠬᠠᠶ᠋ᠢᠷ᠎ᠠ ᠬᠠᠯᠠᠮᠵᠢ᠎ᠶᠢ ᠡᠯ᠎ᠡ ᠠᠵᠢᠯ ᠲᠦᠷᠦᠯ᠂ ᠲᠦᠭ ᠲᠦᠮᠡᠨ ᠠᠶ᠋ᠢᠯ ᠡᠷᠦᠬᠡ᠎ᠳᠦ ᠳᠠᠮᠵᠢᠭᠤᠯᠵᠤ᠂ ᠪᠦᠬᠦ᠌ ᠣᠷᠣᠨ᠎ᠤ ᠺᠠᠳ᠋ᠷ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠬᠠᠬᠤ ᠬᠠᠯᠠᠭᠤᠨ ᠰᠡᠳᠬᠢᠯᠭᠡ᠎ᠶᠢ ᠤᠯᠠᠮ ᠨᠢᠭᠡ ᠠᠯᠬᠤᠮ ᠬᠥᠭᠵᠢᠭᠡᠬᠦ᠌ ᠬᠡᠷᠡᠭᠲᠡᠢ᠃ ᠭᠤᠷᠪᠠ᠎ᠳᠤ᠂ ᠲᠤᠭᠤᠰᠢᠯᠠᠭᠤᠯᠬᠤ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠦ᠍᠂ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠪᠠᠶ᠋ᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠵᠦ᠍᠂ ᠬᠢᠨᠠᠨ ᠪᠠᠶ᠋ᠢᠴᠠᠭᠠᠬᠤ᠎ᠵᠢ ᠴᠢᠩᠭᠠᠳᠬᠠᠵᠤ᠂ ᠦᠷ᠎ᠡ ᠪᠦᠲᠦᠮᠵᠢ᠎ᠶᠢ ᠴᠠᠭ ᠲᠤᠬᠠᠢᠳᠤᠨᠢ ᠮᠥᠷᠳᠡᠨ ᠠᠰᠠᠭᠤᠵᠤ᠂ ᠠᠵᠢᠯᠵᠢᠡᠷ ᠵᠢᠡᠨ ᠦᠨᠡᠨᠴᠢ ᠰᠢᠳᠤᠷᠭᠤ᠎ᠪᠠᠨ ᠦᠨᠡᠨ ᠬᠦ᠌ ᠢᠯᠡᠷᠡᠭᠦᠯᠵᠦ᠍᠂ ᠬᠥᠭᠵᠢᠯᠲᠡ᠎ᠪᠡᠷ ᠬᠠᠷᠢᠭᠤᠴᠠᠯᠭ᠎ᠠ ᠡᠭᠦᠷᠭᠡᠯᠡᠯ᠎ᠢᠶᠡᠨ ᠦᠨᠡᠨ ᠬᠦ᠌ ᠢᠯᠡᠷᠡᠭᠦᠯᠵᠦ᠍᠂ ᠠᠰᠠᠭᠤᠳᠠᠯ᠎ᠢ ᠰᠢ᠌ᠳᠪᠦᠷᠢᠯᠡᠬᠦ᠌᠎ᠪᠡᠷ ᠨᠠᠶ᠋ᠢᠳᠠᠪᠤᠷᠢᠵᠢᠭᠤᠯᠤᠯᠲᠠ᠎ᠶᠢᠨ ᠦᠷ᠎ᠡ ᠪᠦᠲᠦᠮᠵᠢ᠎ᠪᠡᠨ ᠢᠯᠡᠷᠡᠭᠦᠯᠬᠦ᠌ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠶ᠋ᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ) ᠳ᠋ᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃