ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-21 11:20:32

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

​ᠵᠠᠩ ᠶᠠᠨ ᠺᠦᠨ ᠬᠤᠷᠠᠯ᠎ᠢ ᠡᠷᠭᠢᠯᠡᠪᠡ

10 ᠰᠠᠷ᠎ᠠ᠎ᠶᠢᠨ 20᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ  ᠵᠥᠪᠯᠡᠯᠭᠡᠨ ᠎ᠦ  ᠨᠠᠮ ᠎ᠤᠨ  ᠤᠳᠤᠷᠢᠳᠬᠤ  ᠳᠤᠭᠤᠶ᠋ᠢᠯᠠᠩ   ᠥᠷᠭᠡᠳᠬᠡᠭᠰᠡᠨ  ᠬᠤᠷᠠᠯ  ᠬᠤᠷᠠᠯᠳᠤᠭᠤᠯᠵᠤ ᠂  ᠶᠡᠷᠦᠩᠬᠡᠢ  ᠱᠦᠵᠢ  ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠍᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠰᠠᠨᠠᠯ᠎ᠢ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠵᠡᠢ᠃

ᠬᠤᠷᠠᠯ᠎ᠡᠴᠡ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠲᠠᠶ ᠨᠢᠭᠡᠳᠬᠡᠵᠦ᠍᠂ ᠠᠴᠢ ᠡᠨᠡᠷᠢᠯ ᠳ᠋ᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠨ ᠦᠨᠡᠨ ᠬᠦ᠌ ᠴᠢᠩᠭᠠᠳᠬᠠᠬᠤ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠂ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ᠎ᠶᠢ ᠲᠦᠷᠭᠡᠳᠬᠡᠨ ᠠᠬᠢᠭᠤᠯᠬᠤ ᠵᠡᠷᠭᠡ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠪᠠᠶ᠋ᠢᠴᠠᠭᠠᠨ ᠰᠤᠳᠤᠯᠵᠤ ᠵᠥᠪᠳᠡᠯᠴᠡᠨ᠂ ᠠᠷᠭ᠎ᠠ ᠪᠤᠳᠤᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠴᠢᠩᠭᠠᠳᠬᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠴᠢᠨᠠᠷ ᠰᠠᠶ᠋ᠢᠲᠠᠢ ᠨᠠᠮ᠎ᠤᠨ ᠪᠠᠶ᠋ᠢᠭᠤᠯᠤᠯᠲᠠ᠎ᠪᠠᠷ ᠤᠯᠤᠰ ᠲᠦᠷᠦ᠎ᠶᠢᠨ ᠵᠥᠪᠯᠡᠯᠭᠡᠨ᠎ᠦ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶ᠋ᠢᠲᠠᠢ ᠭᠦᠢᠴᠡᠳᠬᠡᠬᠦ᠌᠎ᠶᠢ ᠬᠦᠳᠦᠯᠦᠨ ᠳᠠᠭᠠᠭᠤᠯᠵᠤ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠡᠷᠢᠭᠦᠯᠡᠭᠴᠢᠳ᠎ᠦᠨ ᠬᠤᠷᠠᠯ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面