2026-10-21 11:22:16
10 ᠰᠠᠷ᠎ᠠ᠎ᠶᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠥᠷᠭᠡᠳᠬᠡᠭᠰᠡᠨ ᠬᠤᠷᠠᠯ ᠪᠣᠯᠣᠨ ᠪᠦᠬᠦ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠪᠠ᠃
ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠤᠨ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠭᠦᠷᠭᠡ ᠴᠢᠳᠠᠪᠬᠢᠳᠤ ᠰᠠᠭᠤᠷᠢᠯᠠᠵᠤ᠂ ᠬᠠᠤᠯᠢ ᠲᠣᠭᠲᠠᠭᠠᠬᠤ ᠪᠠᠲᠤᠯᠠᠭ᠎ᠠ᠎ᠶᠢ ᠤᠯᠠᠮ ᠨᠢᠭᠡ ᠠᠯᠬᠤᠮ ᠴᠢᠩᠭᠠᠳᠬᠠᠨ᠂ ᠬᠢᠨᠠᠯᠲᠠ ᠲᠠᠯᠪᠢᠵᠤ ᠠᠬᠢᠭᠤᠯᠬᠤ᠎ᠶᠢ ᠴᠢᠩᠭᠠᠳᠬᠠᠵᠤ᠂ ᠲᠥᠯᠥᠭᠡᠯᠡᠭᠴᠢᠳ᠎ᠦᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠰᠢᠨ᠎ᠡ ᠴᠠᠭ ᠦᠶ᠎ᠡ ᠰᠢᠨ᠎ᠡ ᠠᠶᠠᠨ ᠡᠴᠡ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠣᠯᠭᠣᠭᠰᠠᠨ ᠰᠢᠨ᠎ᠡ ᠡᠭᠦᠷᠭᠡ᠎ᠶᠢ ᠦᠨᠡᠨ ᠬᠦ᠌ ᠡᠭᠦᠷᠭᠡᠯᠡᠵᠦ᠂ ᠰᠤᠷᠤᠯᠴᠠᠨ ᠲᠤᠭᠤᠰᠢᠯᠠᠭᠤᠯᠬᠤ ᠦᠷ᠎ᠡ ᠪᠦᠲᠦᠮᠵᠢ᠎ᠶᠢ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠳᠡᠭᠡᠷ᠎ᠡ ᠦᠨᠡᠨ ᠬᠦ᠌ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃