2026-10-21 11:14:40
10 ᠰᠠᠷ᠎ᠠ᠎ᠶᠢᠨ 19᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠪᠦᠬᠦ ᠤᠯᠤᠰ᠎ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ᠃
ᠬᠤᠷᠠᠯ ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ᠎ᠶᠢᠨ ᠵᠢᠯ᠎ᠳᠦ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠵᠤ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠤᠨ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠲᠤᠬᠠᠢ ᠴᠢᠬᠤᠯᠠ ᠵᠢᠭᠠᠪᠤᠷᠢ ᠥᠭᠴᠦ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ ᠵᠢᠨ ᠤᠷᠤᠭᠰᠢᠯᠠᠬᠤ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠪᠠ᠃ ᠪᠦᠬᠦ ᠣᠷᠣᠨ᠎ᠤ ᠵᠠᠰᠠᠭ᠎ᠤᠨ ᠣᠷᠳᠣᠨ᠎ᠤ ᠰᠢᠰᠲᠧᠮ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠭᠣᠣᠯ ᠰᠢᠵᠢᠮ᠎ᠢ ᠪᠠᠳᠤᠳᠬᠠᠵᠤ᠂ ᠨᠠᠮ᠎ᠤᠨ ᠲᠥᠪ ᠬᠣᠷᠢᠶ᠎ᠠ᠎ᠶᠢᠨ ᠥᠪᠥᠷ ᠮᠣᠩᠭᠣᠯ᠎ᠤᠨ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠪᠠᠲᠤ ᠡᠵᠡᠮᠳᠡᠵᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ᠃ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ ᠪᠠ 《ᠤᠮᠠᠷᠠᠳᠤ᠎ᠶᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠂ ᠨᠡᠭᠦᠷᠡᠰᠦᠲᠥ᠋ᠷᠥᠭᠴᠢ᠎ᠶᠢᠨ ᠭᠠᠳᠠᠬᠰᠢᠯᠠᠭᠤᠯᠤᠯᠳᠡ᠎ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ ᠢ᠋ ᠪᠡᠶᠡᠯᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠬᠡᠷᠡᠭᠲᠡᠢ᠃ 《ᠨᠤᠭᠤ ᠭᠠᠵᠠᠷ᠎ᠢ ᠬᠠᠮᠠᠭᠠᠯᠠᠬᠤ᠎ᠳᠤ ᠬᠠᠮᠤᠭ ᠤ᠋ᠨ ᠴᠢᠬᠤᠯᠠ ᠨᠢ ᠤᠩᠭᠤᠨ ᠪᠠᠢᠭᠠᠯᠢᠯᠢᠭ ᠠᠮᠢ ᠠᠬᠤᠢ᠎ᠶᠢ ᠬᠠᠮᠠᠭᠠᠯᠠᠬᠤ᠎ᠳᠤ ᠪᠤᠢ》 ᠭᠡᠬᠦ ᠵᠠᠩᠭᠢᠯᠠᠭ᠎ᠠ᠎ᠶᠢ ᠠᠳᠬᠤᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠪᠣᠯᠣᠨ ᠨᠤᠭᠤ ᠭᠠᠵᠠᠷ᠎ᠢ ᠬᠠᠮᠠᠭᠠᠯᠠᠬᠤ ᠬᠠᠤᠯᠢ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠂ 《ᠬᠦᠯᠤᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ》᠂ ᠴᠠᠭᠠᠨᠨᠠᠭᠤᠷ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠶᠢᠨ ᠠᠮᠢ ᠠᠬᠤᠢ᠎ᠶᠢᠨ ᠵᠠᠰᠠᠯᠲᠠ᠎ᠶᠢ ᠦᠨᠡᠨ ᠬᠦ᠌ ᠰᠠᠢᠲᠤᠷ ᠠᠳᠬᠤᠵᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ 《ᠵᠡᠬᠦᠨᠳᠡᠬᠢ ᠲᠤᠭ᠎ᠠ ᠪᠠᠷᠢᠮᠳᠡ᠎ᠵᠢ ᠪᠠᠷᠠᠭᠤᠨᠳᠡᠬᠢ ᠪᠤᠳᠤᠯᠳᠡ᠎ᠶᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠦᠨ ᠬᠦᠢᠰᠦ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ ᠪᠣᠯᠣᠨ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠪᠥᠬᠥ ᠬᠦᠴᠦᠨ᠎ᠢᠶᠡᠷ ᠵᠢᠡᠨ ᠠᠬᠢᠭᠤᠯᠵᠤ᠂ ᠥᠨᠳᠥᠷ ᠪᠦᠲᠦᠮᠵᠢᠲᠡᠶ᠂ ᠪᠣᠬᠢᠷᠲᠤᠯ ᠦᠭᠡᠢ᠂ ᠠᠮᠤᠷ ᠲᠦᠪᠰᠢᠨ᠎ᠦ ᠱᠠᠭᠠᠷᠳᠠᠯᠭ᠎ᠠ ᠶᠣᠰᠣᠭᠠᠷ᠂ ᠲᠥᠪᠯᠡᠷᠡᠭᠦᠯᠦᠨ ᠡᠷᠴᠢᠮᠵᠢᠭᠦᠯᠵᠦ ᠨᠢᠭᠳᠠᠷᠠᠭᠤᠯᠬᠤ᠎ᠶᠢ ᠪᠠᠷᠢᠮᠲᠠᠯᠠᠵᠤ᠂ 《ᠪᠤᠳᠤᠯᠳᠡ᠎ᠶᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ》᠂《ᠪᠤᠳᠤᠯᠳᠡ᠎ᠶᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ》 ᠶ᠋ᠢ ᠴᠢᠬᠤᠯᠠᠴᠢᠯᠠᠵᠤ᠂ ᠪᠥᠬᠥ ᠬᠡᠯᠬᠢᠶ᠎ᠡ᠎ᠶᠢᠨ ᠡᠯᠧᠮᠧᠨ᠋ᠲ᠎ᠦᠨ ᠪᠠᠲᠤᠯᠠᠭ᠎ᠠ᠎ᠶᠢ ᠰᠠᠢᠲᠤᠷ ᠬᠢᠵᠦ᠂ ᠨᠢᠭᠡᠨᠲᠡ ᠪᠦᠳᠦᠬᠡᠨ ᠪᠠᠢᠭᠤᠯᠤᠭᠰᠠᠨ ᠲᠥᠷᠥᠯ ᠵᠦᠢᠯ᠎ᠦᠨ ᠥᠨᠳᠥᠷ ᠪᠦᠲᠦᠮᠵᠢᠲᠡᠶ ᠠᠵᠢᠯᠯᠠᠬᠤ᠎ᠶᠢ ᠪᠠᠲᠤᠯᠠᠵᠤ᠂ ᠬᠤᠢᠰᠢᠳᠠ ᠵᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ ᠬᠡᠷᠡᠭᠲᠡᠢ᠃ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ 《ᠵᠣᠬᠢᠶᠠᠮᠠᠯ ᠣᠶᠤᠨ ᠴᠢᠳᠠᠪᠤᠷᠢ + 》 ᠠᠵᠢᠯᠯᠠᠭ᠎ᠠ᠎ᠶᠢ ᠬᠡᠷᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ᠂ ᠡᠨᠧᠷᠭᠢ᠂ ᠠᠮᠢ ᠠᠬᠤᠢ᠂ ᠠᠷᠠᠳ᠎ᠤᠨ ᠠᠮᠢᠳᠤᠷᠠᠯ ᠵᠡᠷᠭᠡ ᠬᠦᠷᠢᠶᠡᠨ᠎ᠳᠡᠬᠢ ᠲᠣᠭᠠᠴᠢᠯᠠᠭᠰᠠᠨ ᠬᠡᠷᠡᠭᠯᠡᠭᠡᠨ᠎ᠦ ᠠᠬᠤᠢ ᠪᠠᠢᠳᠠᠯ᠎ᠢ ᠥᠷᠭᠡᠳᠬᠡᠵᠦ᠂ ᠲᠣᠭ᠎ᠠ ᠪᠠᠷᠢᠮᠲᠠ᠎ᠶᠢᠨ ᠵᠡᠬᠦᠯᠲᠠ᠂ ᠵᠠᠭᠪᠤᠷ᠎ᠤᠨ ᠪᠣᠯᠪᠠᠰᠤᠷᠠᠯ ᠵᠡᠷᠭᠡ ᠡᠵᠡᠩᠨᠡᠯᠲᠡ᠎ᠶᠢᠨ ᠬᠡᠯᠪᠡᠷᠢ᠎ᠶᠢ ᠪᠠᠶᠠᠯᠢᠭ᠍ᠵᠢᠭᠤᠯᠵᠤ᠂ ᠳ᠋ᠠᠢᠲ᠋ᠠ᠎ᠶᠢᠨ ᠲᠠᠰᠤᠯᠪᠤᠷᠢ᠎ᠶᠢᠨ ᠠᠷᠠᠯᠵᠢᠶᠠᠨ ᠤ᠋ ᠳᠦᠷᠢᠮ᠎ᠢ ᠪᠦᠷᠢᠨᠰᠢᠭᠦᠯᠵᠦ᠂ ᠪᠤᠳᠤᠯᠳᠠ᠎ᠶᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠲᠠᠢ ᠨᠢᠭ᠍ᠲᠠ ᠤᠶᠠᠯᠳᠤᠭᠤᠯᠵᠤ᠂ ᠤᠭ ᠭᠠᠷᠤᠯᠲᠠ᠎ᠶᠢᠨ ᠣᠷᠣᠨ᠎ᠤ ᠠᠮᠢ ᠠᠬᠤᠢ᠎ᠶᠢᠨ ᠬᠠᠮᠠᠭᠠᠯᠠᠯᠲᠠ᠎ᠶᠢ ᠴᠢᠩᠭᠠᠳᠬᠠᠨ᠂ ᠦᠬᠡᠷ ᠬᠣᠨᠢᠨ ᠮᠢᠬ᠎ᠠ᠂ ᠲᠥᠮᠥᠰᠥ᠂ ᠨᠡᠷᠡᠨ ᠬᠤᠸᠠᠷ᠎ᠤᠨ ᠦᠷ᠎ᠡ ᠵᠡᠷᠭᠡ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠦᠨ ᠪᠤᠯᠪᠠᠰᠤᠷᠠᠭᠤᠯᠬᠤ ᠠᠵᠢᠯ᠎ᠢ ᠰᠢᠯᠢᠳᠡᠭᠵᠢᠭᠦᠯᠵᠦ᠂ 《ᠥᠪᠥᠷ ᠮᠣᠩᠭᠣᠯ》 ᠨᠡᠷᠡᠮᠵᠢᠳᠦ ᠲᠥᠷᠥᠯ ᠲᠡᠮᠳᠡᠭ᠎ᠢ ᠬᠦᠴᠦᠷᠬᠡᠭᠵᠢᠭᠦᠯᠦᠨ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠪᠠ ᠠᠰᠢᠭ᠋ ᠲᠤᠰᠠ᠎ᠶᠢ ᠬᠣᠯᠪᠣᠬᠤ᠎ᠶᠢ ᠴᠢᠬᠤᠯᠠᠴᠢᠯᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠡᠷᠭᠡ ᠮᠤᠵᠢ ᠣᠷᠣᠨ ᠠᠯᠤᠰᠯᠠᠭᠰᠠᠨ ᠬᠠᠮᠵᠢᠯᠴᠠᠭᠠᠨ᠎ᠤ ᠲᠣᠭᠲᠠᠴᠠ᠎ᠶᠢ ᠰᠠᠢᠲᠤᠷ ᠠᠰᠢᠭ᠍ᠯᠠᠨ᠂ ᠣᠯᠠᠨ ᠲᠦᠮᠡᠨ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ᠎ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠡᠷᠡᠭᠦᠯ ᠮᠡᠨᠳᠦ᠎ᠶᠢ ᠤᠷᠢᠳ᠎ᠢᠶᠠᠷ ᠬᠦᠭᠵᠢᠬᠦᠯᠬᠦ ᠪᠠᠶ᠋ᠢᠯᠳᠤᠬᠤ ᠪᠣᠳᠣᠯᠭ᠎ᠠ᠎ᠶᠢ ᠡᠷᠡᠰ ᠬᠡᠷᠡᠭᠵᠢᠭᠦᠯᠵᠦ᠍᠂ ᠬᠣᠲᠠ ᠬᠥᠳᠡᠭᠡ᠂ ᠣᠷᠣᠨ ᠪᠦᠰᠡ᠎ᠶᠢᠨ ᠡᠮ ᠡᠮᠨᠡᠯᠭᠡ ᠵᠢᠨ ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ᠎ᠶᠢ ᠨᠢᠭᠡᠳᠦᠯᠲᠡᠶ ᠲᠥᠯᠥᠪᠵᠢᠭᠦᠯᠵᠦ᠍᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠪᠡᠬᠢᠵᠢᠭᠦᠯᠬᠦ᠌ ᠢᠨᠵᠧᠨᠧᠷᠢᠩ᠎ᠢ ᠬᠡᠷᠡᠭᠵᠢᠭᠦᠯᠵᠦ᠍᠂ ᠤᠯᠤᠰ᠎ᠤᠨ 4 ᠣᠷᠣᠨ ᠪᠦᠰᠡ᠎ᠶᠢᠨ ᠡᠮ ᠡᠮᠨᠡᠯᠭᠡ ᠵᠢᠨ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 60 ᠲᠤᠰᠬᠠᠶ ᠰᠠᠯᠠᠭᠠᠨ᠎ᠤ ᠣᠷᠣᠨ ᠪᠦᠰᠡ᠎ᠶᠢᠨ ᠡᠮ ᠡᠮᠨᠡᠯᠭᠡ ᠵᠢᠨ ᠲᠥᠪ᠎ᠢ ᠰᠠᠶ᠋ᠢᠲᠤᠷ ᠪᠥᠲᠥᠭᠡᠨ ᠪᠠᠶ᠋ᠢᠭᠤᠯᠤᠨ ᠡᠵᠡᠩᠨᠡᠵᠦ᠍᠂ 《ᠵᠣᠬᠢᠶᠠᠮᠠᠯ ᠣᠶᠤᠨ ᠴᠢᠳᠠᠪᠤᠷᠢ + ᠡᠷᠡᠭᠦᠯ ᠮᠡᠨᠳᠦ ᠡᠮ ᠡᠮᠨᠡᠯᠭᠡ 》 ᠵᠢᠨ ᠪᠠᠶ᠋ᠢᠭᠤᠯᠤᠯᠲᠠ᠎ᠶᠢ ᠲᠦᠷᠭᠡᠳᠬᠡᠵᠦ᠍᠂ ᠪᠥᠬᠥ᠌ ᠣᠷᠣᠨ᠎ᠤ ᠡᠮ ᠡᠮᠨᠡᠯᠭᠡ ᠵᠢᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ᠌ ᠬᠡᠷᠡᠭᠲᠡᠶ᠃ ᠥᠪᠥᠷ ᠮᠣᠩᠭᠣᠯ ᠤ᠋ᠨ ᠣᠷᠣᠨ ᠪᠦᠰᠡ᠎ᠶᠢᠨ ᠣᠯᠠᠨᠳᠠ ᠡᠭᠦᠰᠳᠡᠭ ᠡᠪᠡᠳᠴᠢᠨ ᠡᠮᠭᠡᠭᠲᠦ᠍ ᠴᠢᠭᠯᠡᠭᠦᠯᠦᠨ᠂ ᠰᠡᠷᠭᠡᠢᠯᠡᠯᠳᠠ ᠤᠨᠤᠰᠢᠯᠡᠯᠳᠠ ᠵᠠᠰᠠᠯᠳᠠ ᠡᠷᠡᠬᠦᠯᠵᠢᠯ ᠰᠤᠪᠢᠯᠠᠯᠳᠠ ᠬᠠᠮᠢᠶᠡᠷᠤᠯᠳᠠ ᠰᠤᠳᠤᠯᠭᠠᠨ ᠤ᠋ ᠪᠥᠬᠥ᠌ ᠬᠡᠯᠬᠢᠶᠡᠨ᠎ᠤ ᠣᠨᠣᠰᠢᠯᠠᠨ ᠡᠮᠨᠡᠬᠦ᠌ ᠰᠢᠰᠲ᠋ᠧᠮ ᠢ᠋ ᠪᠠᠶ᠋ᠢᠭᠤᠯᠵᠤ᠂ ᠠᠷᠬᠠᠭ ᠡᠪᠡᠳᠴᠢᠨ᠎ᠢ ᠡᠷᠳᠡ ᠳᠤᠳᠤᠯᠠᠵᠤ ᠡᠷᠲᠡ ᠣᠨᠣᠰᠢᠯᠠᠵᠤ ᠡᠷᠲᠡ ᠵᠠᠰᠠᠬᠤ ᠲᠣᠭᠲᠠᠴᠠ᠎ᠶᠢ ᠲᠡᠭᠦᠯᠳᠡᠷᠵᠢᠭᠦᠯᠦᠨ᠂ ᠡᠮ ᠡᠮᠨᠡᠯᠭᠡ ᠵᠢᠨ ᠰᠢᠨ᠎ᠡ ᠮᠡᠷᠭᠡᠵᠢᠯ᠂ ᠰᠢᠨ᠎ᠠ ᠡᠭᠦᠳᠦᠯᠳᠡ ᠵᠢᠨ ᠡᠮ ᠰᠤᠳᠤᠯᠤᠨ ᠦᠢᠯᠡᠳᠬᠦ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠢ ᠤᠯᠠᠷᠢᠭᠤᠯᠬᠤ ᠠᠵᠢᠯᠯᠠᠭ᠎ᠠ ᠵᠢ ᠦᠷᠨᠢᠬᠦᠯᠵᠤ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠬᠦ᠌᠎ᠶᠢ ᠴᠢᠩᠭᠠᠳᠬᠠᠨ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ᠌ ᠬᠡᠷᠡᠭᠲᠡᠶ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠯ ᠤ᠋ᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠵᠦ᠍᠂ ᠡᠮᠴᠢᠯᠡᠭᠡ᠂ ᠡᠮ ᠡᠮᠨᠡᠯᠭᠡ ᠵᠢᠨ ᠳᠠᠭᠠᠳᠬᠠᠯ᠂ ᠡᠮ ᠡᠮᠨᠡᠯᠭᠡ᠎ᠶᠢ ᠬᠠᠮᠵᠢᠯᠴᠠᠭᠤᠯᠤᠨ ᠬᠥᠭᠵᠢᠭᠦᠯᠬᠦ᠌ ᠪᠠ ᠵᠠᠰᠠᠬᠤ᠎ᠶᠢ ᠠᠬᠢᠭᠤᠯᠵᠤ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷ᠎ᠢᠶᠠᠷ ᠤᠳᠤᠷᠢᠳᠤᠮᠵᠢ ᠪᠣᠯᠭᠠᠨ ᠠᠯᠪᠠᠨ᠎ᠡᠴᠡ ᠪᠠᠶ᠋ᠢᠭᠤᠯᠤᠭᠰᠠᠨ ᠡᠮᠨᠡᠯᠭᠡ᠎ᠶᠢᠨ ᠬᠣᠷᠢᠶ᠎ᠠ ᠵᠢᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠵᠦ᠍᠂ ᠦᠨᠳᠦᠰᠦᠨ ᠡᠮ ᠡᠮᠨᠡᠯᠭᠡ ᠵᠢᠨ ᠳᠠᠭᠠᠳᠬᠠᠯ᠂ ᠬᠦᠨᠳᠦ ᠡᠪᠡᠳᠴᠢᠨ᠎ᠦ ᠳᠠᠭᠠᠳᠬᠠᠯ᠂ ᠡᠮ ᠡᠮᠨᠡᠯᠭᠡ ᠵᠢᠨ ᠠᠪᠤᠷᠠᠨ ᠲᠤᠰᠠᠯᠠᠯᠲᠠ ᠵᠡᠷᠭᠡ ᠲᠦᠷᠢᠮ᠎ᠢ ᠲᠡᠭᠦᠯᠳᠡᠷᠵᠢᠭᠦᠯᠵᠦ᠍᠂ ᠡᠮ᠎ᠦᠨ ᠵᠦᠢᠯᠡᠰ᠎ᠢ ᠳᠦᠪᠯᠡᠷᠡᠬᠦᠯᠦᠨ ᠬᠤᠳᠠᠯᠳᠤᠨ ᠠᠪᠬᠤ᠂ ᠡᠮ ᠡᠮᠨᠡᠯᠭᠡ ᠵᠢᠨ ᠳᠠᠭᠠᠳᠬᠠᠯ᠎ᠤᠨ ᠲᠣᠭᠠᠴᠠᠭ᠎ᠠ ᠬᠢᠬᠦ᠌ ᠪᠠ ᠦᠯᠡᠳᠡᠪᠦᠷᠢ ᠪᠠᠯᠠ ᠮᠥᠩᠭᠥ᠎ᠶᠢ ᠬᠡᠷᠡᠭᠯᠡᠬᠦ᠌ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠭᠦᠨᠵᠡᠭᠡᠶ ᠴᠡᠭᠴᠡᠯᠡᠨ ᠵᠠᠰᠠᠵᠤ᠂ ᠣᠯᠠᠨ ᠲᠦᠮᠡᠨ᠎ᠢ ᠣᠶ᠋ᠢᠷ᠎ᠠ ᠬᠠᠪᠢ᠎ᠳᠠᠭᠠᠨ ᠡᠪᠡᠳᠴᠢᠨ ᠦᠵᠡᠭᠦᠯᠵᠤ ᠳᠡᠢᠯᠬᠦ᠂ ᠡᠪᠡᠳᠴᠢᠨ᠎ᠢᠶᠡᠨ ᠰᠠᠶ᠋ᠢᠲᠤᠷ ᠦᠵᠡᠭᠦᠯᠵᠤ ᠲᠡᠢᠯᠬᠦ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃
ᠬᠤᠷᠠᠯ᠎ᠡᠴᠡ ᠪᠦᠬᠦ᠌ ᠣᠷᠣᠨ᠎ᠤ ᠭᠠᠮᠰᠢᠭ᠎ᠢ ᠰᠡᠷᠭᠡᠶ᠋ᠢᠯᠡᠬᠦ᠌ ᠭᠠᠮᠰᠢᠭ᠎ᠢ ᠪᠠᠭᠠᠰᠬᠠᠬᠤ ᠭᠠᠮᠰᠢᠭ᠎ᠡᠴᠡ ᠠᠪᠤᠷᠠᠬᠤ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠭᠠᠵᠠᠷ ᠬᠥᠳᠡᠯᠦᠯᠲᠡ᠎ᠶᠢ ᠰᠡᠷᠭᠡᠶ᠋ᠢᠯᠡᠨ ᠠᠷᠭᠠᠴᠠᠭᠠᠬᠤ᠂ ᠨᠠᠮᠤᠷ ᠡᠪᠦᠯ᠎ᠦᠨ ᠤᠯᠠᠷᠢᠯ᠎ᠤᠨ ᠤᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠶ᠋ᠢᠯᠡᠬᠦ᠌ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠍᠂ ᠭᠠᠵᠠᠷ ᠬᠥᠳᠡᠯᠦᠯᠲᠡ᠎ᠶᠢᠨ ᠪᠠᠶ᠋ᠢᠳᠠᠯ᠂ ᠲᠦᠢᠮᠡᠷ᠎ᠦᠨ ᠪᠠᠶ᠋ᠢᠳᠠᠯ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠳᠤᠰᠬᠠᠢ ᠬᠦᠴᠦᠨ᠎ᠢ ᠪᠠᠶ᠋ᠢᠭᠤᠯᠤᠨ ᠬᠦᠴᠦᠷᠬᠡᠭᠵᠢᠭᠦᠯᠵᠦ᠍᠂ ᠲᠦᠷᠭᠡᠨ ᠬᠦᠳᠡᠯᠦᠯᠴᠡᠬᠦ᠂ ᠰᠢᠨᠵᠢᠯᠡᠬᠦ᠌ ᠤᠬᠠᠭᠠᠨᠴᠢ᠎ᠪᠠᠷ ᠰᠢ᠌ᠳᠪᠦᠷᠢᠯᠡᠬᠦ᠌ ᠴᠢᠳᠠᠪᠤᠷᠢ᠎ᠪᠠᠨ ᠳᠡᠭᠡᠭᠰᠢᠯᠡᠭᠦᠯᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ᠍ ᠱᠠᠭᠠᠷᠳᠠᠪᠠ᠃
ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠤᠯᠤᠰ ᠠᠷᠠᠳ᠎ᠤᠨ ᠡᠷᠡᠭᠦᠯ ᠮᠡᠨᠳᠦ᠎ᠶᠢᠨ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠮ ᠡᠮᠨᠡᠯᠭᠡ ᠵᠢᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠳᠠᠯᠳᠤᠭᠠᠨ᠎ᠤ ᠶᠠᠪᠤᠳᠠᠯ᠎ᠤᠨ ᠬᠥᠭᠵᠢᠯᠲᠡ᠎ᠶᠢᠨ ᠲᠥᠯᠥᠪᠵᠢᠭᠦᠯᠭᠡ》 ᠵᠢ ᠬᠢᠨᠠᠨ ᠵᠥᠪᠯᠡᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠮᠥᠩᠭᠥᠨ ᠭᠦᠢᠯᠭᠡᠭᠡᠨ᠎ᠦ ᠬᠥᠭᠵᠢᠯᠲᠡ ᠬᠢᠭᠡᠳ ᠥᠭᠡᠷᠡᠴᠢᠯᠡᠯᠲᠡ᠎ᠶᠢᠨ ᠲᠥᠯᠥᠪᠵᠢᠭᠦᠯᠭᠡ》 ᠵᠢ ᠰᠤᠳᠤᠯᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃