ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-22 11:04:08

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠥᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ


10 ᠰᠠᠷ᠎ᠠ᠎ᠶᠢᠨ 21 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠠᠷᠪᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠬᠥᠬᠡᠬᠣᠲᠠ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠨᠠᠮ᠎ᠤᠨ ᠬᠣᠷᠢᠶ᠎ᠠ ᠵᠢᠨ ᠨᠢᠭᠡᠳᠦᠭᠡᠷ ᠱᠦᠵᠢ ᠸᠠᠩ ᠸᠧᠢ ᠵᠥᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃

ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠺᠣᠮᠠᠨᠳ᠋ᠯᠠᠭ᠍ᠴᠢ ᠯᠢᠦ ᠴᠦᠨ ᠵᠢᠶᠠᠩ ᠬᠤᠷᠠᠯ᠎ᠢ ᠡᠷᠬᠢᠯᠡᠭᠰᠡᠨ ᠪᠥᠭᠡᠳ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠶᠢᠰᠦᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ ᠡᠮᠦᠨ᠎ᠡ᠎ᠡᠴᠡ ᠶᠡᠬᠡ ᠬᠤᠷᠠᠯ᠎ᠳᠤ ᠮᠡᠳᠡᠭᠦᠯᠦᠯᠲᠡ ᠬᠢᠪᠡ᠃ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠤᠳᠤᠷᠢᠳᠤᠯᠭ᠎ᠠ ᠶᠠᠩ ᠭᠦᠸᠧ ᠠᠨ᠂ ᠵᠠᠩ ᠸᠸᠨ ᠬᠤᠢ᠂ ᠰᠦᠨ ᠴᠠᠩ  ᠢ᠂ ᠸᠠᠩ ᠱᠧ ᠯᠢ ᠣᠷᠣᠯᠴᠠᠵᠠᠢ᠃ ᠶᠡᠬᠡ ᠬᠤᠷᠠᠯ ᠡᠴᠡ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶᠢ ᠪᠢᠴᠢᠭ ᠤ᠋ᠨ ᠬᠡᠯᠪᠡᠷᠢ ᠪᠡᠷ ᠬᠢᠨᠠᠨ ᠵᠥᠪᠯᠡᠪᠡ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠮᠦᠨ᠎ᠡ᠎ᠡᠴᠡ ᠶᠡᠬᠡ ᠬᠤᠷᠠᠯ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ᠂ ᠴᠡᠷᠢᠭ᠎ᠦᠨ ᠲᠣᠭᠣᠷᠢᠭ᠋᠎ᠤᠨ ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠪᠢᠴᠢᠭ᠎ᠦᠨ ᠠᠵᠢᠯᠳᠠᠨ᠂ ᠠᠵᠢᠯᠲᠠᠨ ᠠᠵᠢᠯᠴᠢᠨ ᠪᠣᠯᠣᠨ ᠡᠷᠦᠭᠡ᠎ᠶᠢᠨ ᠴᠡᠷᠢᠭ᠎ᠦᠨ ᠪᠡᠯᠡᠳᠬᠡᠯ ᠠᠯᠪᠠᠨ᠎ᠤ ᠬᠥᠮᠥᠰ᠎ᠲᠦ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠪᠡ᠃ ᠲᠡᠷᠡ᠂ ᠥᠩᠭᠡᠷᠡᠭᠰᠡᠨ ᠲᠠᠪᠤᠨ ᠵᠢᠯ᠎ᠳᠦ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠨᠠᠮ᠎ᠤᠨ ᠬᠣᠷᠢᠶ᠎ᠠ ᠵᠢᠨ ᠬᠢᠨ ᠨᠠᠮ᠎ᠤᠨ ᠲᠥᠪ ᠬᠣᠷᠢᠶ᠎ᠠ ᠪᠣᠯᠣᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠷᠭᠡᠨ ᠤᠯᠠᠨ ᠳᠠᠷᠤᠭ᠎ᠠ ᠪᠠᠢᠯᠳᠤᠭ᠍ᠴᠢ᠎ᠶᠢ ᠪᠦᠯᠬᠦᠮᠳᠡᠭᠦᠯᠦᠨ ᠳᠠᠭᠠᠭᠤᠯᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠠᠮ ᠨᠡᠭᠡᠭᠡᠨ ᠤᠷᠤᠭᠰᠢᠯᠠᠵᠤ᠂ ᠤᠯᠤᠰ ᠲᠦᠷᠦ᠎ᠪᠡᠷ ᠴᠡᠷᠢᠭ ᠪᠠᠶ᠋ᠢᠭᠤᠯᠬᠤ᠂ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠴᠡᠷᠢᠭ᠎ᠢ ᠬᠦᠴᠦᠷᠬᠡᠭᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭᠵᠢᠭᠦᠯᠬᠦ᠂ ᠬᠠᠤᠯᠢ᠎ᠪᠠᠷ ᠴᠡᠷᠢᠭ᠎ᠢ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠪᠠᠢᠭᠤᠯᠤᠯᠲᠠ᠎ᠶᠢ ᠦᠷᠬᠦᠯᠵᠢᠯᠡᠨ ᠴᠢᠩᠭᠠᠳᠬᠠᠵᠤ᠂ ᠴᠡᠷᠢᠭ ᠪᠣᠯᠪᠠᠰᠤᠷᠠᠭᠤᠯᠤᠨ ᠲᠠᠢ᠍ᠢᠨ᠎ᠳᠦ ᠪᠡᠯᠡᠳᠬᠡᠬᠦ ᠠᠵᠢᠯ ᠰᠢᠨ᠎ᠡ ᠦᠷ᠎ᠡ ᠪᠦᠲᠦᠮᠵᠢ ᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠬᠡᠯᠪᠡᠷᠢ᠎ᠶᠢ ᠬᠤᠪᠢᠷᠠᠭᠤᠯᠬᠤ ᠰᠢᠨ᠎ᠡ ᠠᠶᠠᠨ᠎ᠢ ᠡᠬᠢᠯᠡᠭᠦᠯᠵᠦ᠂ ᠣᠷᠣᠨ ᠨᠤᠲᠤᠭ᠎ᠤᠨ ᠬᠥᠭᠵᠢᠯᠲᠡ᠎ᠳᠦ ᠬᠦᠴᠦᠨ ᠨᠡᠮᠡᠷᠢᠯᠡᠬᠦ ᠳ᠋ᠤ ᠰᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠵᠦᠢᠯ᠎ᠦᠨ ᠠᠵᠢᠯ᠎ᠳᠤ ᠢᠯᠡᠳᠲᠡ ᠠᠮᠵᠢᠯᠲᠠ ᠣᠯᠪᠠ ᠭᠡᠵᠠᠢ᠃

ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ ᠲᠠᠪᠤᠨ ᠡᠳᠦᠷ᠎ᠦᠨ ᠡᠮᠦᠨ᠎ᠡ ᠪᠡᠶ᠎ᠡ᠎ᠪᠡᠷ᠎ᠢᠶᠡᠨ ᠤᠯᠠᠭᠠᠨᠴᠠᠪ᠎ᠲᠤ ᠬᠦᠷᠴᠦ ᠰᠢᠨᠵᠢᠯᠡᠨ ᠪᠠᠢᠴᠠᠭᠠᠵᠤ᠂ ᠮᠠᠨ᠎ᠤ ᠣᠷᠣᠨ᠎ᠤ ᠠᠵᠢᠯ᠎ᠳᠤ ᠴᠢᠬᠤᠯᠠ ᠵᠢᠭᠠᠪᠤᠷᠢ ᠥᠭᠭᠦᠭᠰᠡᠨ ᠨᠢ ᠪᠢᠳᠡᠨ ᠢ᠋ ᠶᠡᠬᠡ ᠪᠡᠷ ᠤᠷᠮᠠᠰᠢᠭᠤᠯᠤᠨ ᠵᠣᠷᠢᠭ᠍ᠵᠢᠭᠤᠯᠪᠡ᠃ ᠰᠢᠨ᠎ᠡ ᠠᠶᠠᠨ᠎ᠳᠤ᠂ ᠴᠡᠷᠢᠭ᠎ᠦᠨ ᠲᠣᠭᠣᠷᠢᠭ᠋᠎ᠤᠨ ᠡᠯ᠎ᠡ ᠱᠠᠲᠤᠨ᠎ᠤ ᠬᠢᠨ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠳᠦᠪ ᠬᠤᠷᠢᠶ᠎ᠠ ᠵᠢᠨ ᠤᠳᠠᠭ᠎ᠠ ᠪᠦᠷᠢ ᠎ᠶᠢᠨ  ᠪᠥᠬᠥᠳᠡ  ᠬᠤᠷᠠᠯ ᠎ᠤᠨ  ᠵᠣᠷᠢᠭ᠋  ᠰᠠᠨᠠᠭ᠎ᠠ ᠎ᠶᠢ ᠭᠦᠨᠵᠡᠭᠡᠢ  ᠰᠤᠷᠤᠯᠴᠠᠨ  ᠲᠤᠭᠤᠰᠢᠯᠠᠭᠤᠯᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ᠎ᠡᠴᠡ ᠤᠯᠭᠤᠭᠰᠠᠨ ᠡᠭᠦᠷᠭᠡ ᠬᠠᠷᠢᠭᠤᠴᠠᠯᠭ᠎ᠠ᠎ᠶᠢ ᠰᠠᠶ᠋ᠢᠲᠤᠷ ᠭᠦᠢᠴᠡᠳᠬᠡᠵᠦ᠍᠂ ᠴᠡᠷᠢᠭ᠎ᠦᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠬᠦᠴᠦᠯᠡᠨ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ ᠪᠠᠲᠤ᠌ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠶ᠃ ᠬᠠᠷᠢᠴᠠᠯᠠᠰᠢᠭᠦᠢ ᠦᠨᠡᠨᠴᠢ ᠰᠢᠳᠤᠷᠭᠤ᠎ᠶᠢ ᠪᠠᠲᠤ᠌ ᠴᠣᠭᠴᠠᠯᠠᠬᠤ ᠲᠠᠯ᠎ᠠ᠎ᠪᠠᠷ ᠨᠡᠩ ᠥᠨᠳᠥᠷ ᠪᠠᠷᠢᠮᠵᠢᠶ᠎ᠠ᠎ᠶᠢ ᠪᠤᠢ ᠪᠣᠯᠭᠠᠵᠤ᠂ ᠨᠠᠮ᠎ᠤᠨ ᠰᠢᠨ᠎ᠡ ᠡᠬᠦᠳᠤᠯᠳᠠ ᠵᠢᠨ ᠤᠨᠤᠯ᠎ᠢᠶᠠᠷ ᠵᠡᠪᠰᠡᠭᠯᠡᠬᠦ᠌᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠬᠠᠷᠢᠭᠤᠴᠠᠬᠤ ᠲᠦᠷᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠡᠴᠡ ᠵᠡᠪᠰᠡᠭᠲᠦ᠍ ᠬᠦᠴᠦᠨ᠎ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠍᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠢ᠃ ᠲᠡᠶ᠋ᠢᠨ᠎ᠳᠦ ᠪᠡᠯᠡᠳᠬᠡᠵᠦ᠍ ᠲᠡᠶ᠋ᠢᠨ ᠬᠢᠬᠦ᠌ ᠤᠬᠠᠮᠰᠠᠷ᠎ᠢᠶᠠᠨ ᠴᠢᠩᠭᠠᠳᠬᠠᠵᠤ᠂ ᠲᠡᠶ᠋ᠢᠨ᠎ᠳᠦ ᠪᠡᠯᠡᠳᠬᠡᠵᠦ᠍ ᠲᠡᠶ᠋ᠢᠨ᠎ᠳᠦ ᠲᠤᠰᠠᠯᠠᠬᠤ ᠪᠡᠯᠡᠳᠬᠡᠯ᠎ᠢᠶᠡᠨ ᠭᠦᠨᠵᠡᠭᠡᠶ᠋ᠢᠷᠡᠭᠦᠯᠵᠦ᠍᠂ ᠵᠢᠨᠭᠭᠢᠨᠢ ᠪᠠᠢ᠌ᠯᠳᠤᠭᠠᠨᠴᠢᠯᠠᠭᠰᠠᠠ ᠪᠣᠯᠪᠠᠰᠤᠷᠠᠯ᠎ᠢ ᠶᠡᠬᠡ᠎ᠪᠡᠷ ᠠᠳᠬᠤᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠤᠨ ᠣᠯᠭᠣᠬᠤ᠎ᠶᠢ ᠴᠢᠩᠭᠠᠳᠬᠠᠵᠤ᠂ ᠢᠯᠠᠯᠲᠠ ᠤᠯᠬᠤ᠎ᠶᠢ ᠪᠥᠬᠥ᠌ ᠬᠦᠴᠦᠨ᠎ᠢᠶᠡᠷ ᠪᠠᠲᠤᠯᠠᠬᠤ ᠲᠠᠯ᠎ᠠ᠎ᠪᠠᠷ ᠨᠠᠩ ᠬᠦᠴᠦᠷᠬᠡᠭ ᠪᠠᠶ᠋ᠢᠯᠳᠤᠬᠤ ᠬᠦᠴᠦᠨ᠎ᠢ ᠳᠠᠪᠲᠠᠨ ᠪᠣᠯᠪᠠᠰᠤᠷᠠᠭᠤᠯᠬᠤ ᠬᠡᠷᠡᠭᠲᠡᠶ᠃ ᠰᠢᠨ᠎ᠡ ᠪᠠᠶ᠋ᠢᠳᠠᠯ ᠳᠣᠣᠷᠠᠬᠢ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠲᠠᠢ᠌ᠴᠢᠯᠠᠯᠳᠠ᠎ᠶᠢᠨ ᠡᠭᠦᠷᠭᠡ ᠬᠠᠷᠢᠭᠤᠴᠠᠯᠭ᠎ᠠ᠎ᠶᠢ ᠪᠦᠲᠦᠮᠵᠢᠲᠡᠢ ᠭᠦᠢᠴᠡᠳᠬᠡᠬᠦ᠌᠎ᠶᠢᠨ ᠲᠣᠭᠣᠷᠢᠨ᠎ᠳᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠲᠠᠢ᠌ᠴᠢᠯᠠᠯᠳᠠ᠎ᠶᠢᠨ ᠰᠢᠰᠲ᠋ᠧᠮ᠎ᠢ ᠪᠠᠶ᠋ᠢᠭᠤᠯᠤᠨ ᠬᠦᠴᠦᠷᠬᠡᠭᠵᠢᠭᠦᠯᠵᠦ᠍᠂ ᠪᠡᠯᠡᠳᠬᠡᠯ ᠬᠦᠴᠦᠨ᠎ᠦ ᠪᠠᠶ᠋ᠢᠭᠤᠯᠤᠯᠲᠠ᠎ᠶᠢ ᠴᠢᠩᠭᠠᠳᠬᠠᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠲᠠᠢ᠌ᠴᠢᠯᠠᠯᠳᠠ᠎ᠶᠢᠨ ᠲᠦᠪᠰᠢᠨ᠎ᠢ ᠳᠡᠭᠡᠭᠰᠢᠯᠡᠭᠦᠯᠬᠦ᠌ ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠶ᠋ᠢᠯᠭ᠎ᠠ ᠭᠠᠷᠭᠠᠬᠤ ᠬᠡᠷᠡᠭᠲᠡᠢ᠃ ᠵᠠᠰᠠᠭ᠎ᠢᠶᠠᠨ ᠬᠦᠷᠢᠶᠡᠯᠡᠵᠦ᠍ ᠠᠷᠠᠳ᠎ᠢᠶᠠᠨ ᠬᠠᠶ᠋ᠢᠷᠠᠯᠠᠬᠤ ᠢᠷᠠᠭᠤ ᠠᠯᠳᠠᠷᠲᠤ᠌ ᠤᠯᠠᠮᠵᠢᠯᠠᠯ᠎ᠢ ᠪᠠᠳᠠᠷᠠᠭᠤᠯᠵᠤ᠂ ᠣᠷᠣᠨ ᠨᠤᠲᠤᠭ᠎ᠤᠨ ᠥᠭᠡᠷᠡᠴᠢᠯᠡᠯᠲᠡ ᠬᠥᠭᠵᠢᠯᠲᠡ᠎ᠳᠦ ᠢᠳᠡᠪᠬᠢᠲᠡᠢ ᠣᠷᠣᠯᠴᠠᠵᠤ᠂ ᠪᠠᠴᠢᠮ ᠲᠦᠪᠡᠭ ᠠᠶᠤᠯ ᠲᠠᠢ ᠬᠦᠨᠳᠦ ᠡᠭᠦᠷᠭᠡ᠎ᠶᠢ ᠪᠦᠲᠦᠮᠵᠢᠲᠡᠢ ᠪᠡᠶᠡᠯᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠢ᠋ ᠰᠢᠨ᠎ᠡ᠎ᠶᠢ ᠡᠭᠦᠳᠦᠨ ᠥᠷᠨᠢᠭᠦᠯᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠭᠦᠯᠬᠦ᠌ ᠲᠠᠯ᠎ᠠ᠎ᠪᠠᠷ ᠨᠡᠩ ᠶᠡᠬᠡ ᠦᠢᠯᠡᠳᠦᠯ ᠪᠠᠳᠠᠷᠠᠭᠤᠯᠬᠤ ᠬᠡᠷᠡᠭᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠪᠠᠶ᠋ᠢᠭᠤᠯᠤᠨ ᠴᠢᠩᠭᠠᠳᠬᠠᠵᠤ᠂ ᠴᠦᠬᠦᠷᠡᠰᠢ ᠦᠭᠡᠢ ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠪᠦᠬᠦ᠌ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠬᠤ᠎ᠶᠢ ᠠᠬᠢᠭᠤᠯᠬᠤ ᠲᠠᠯ᠎ᠠ᠎ᠪᠠᠷ ᠨᠡᠩ ᠶᠡᠬᠡ ᠦᠷ᠎ᠡ ᠪᠦᠲᠦᠮᠵᠢ ᠤᠯᠬᠤ ᠬᠡᠷᠡᠭᠲᠡᠢ᠃ ᠣᠷᠣᠨ ᠨᠤᠲᠤᠭ᠎ᠤᠨ ᠡᠯ᠎ᠡ ᠱᠠᠲᠤᠨ᠎ᠤ᠎ᠬᠢᠨ ᠤᠯᠤᠰ ᠲᠥᠷᠥ᠎ᠶᠢᠨ ᠤᠬᠠᠮᠰᠠᠷ᠂ ᠶᠡᠬᠡ ᠲᠠᠯ᠎ᠠ᠎ᠶᠢᠨ ᠦᠵᠡᠯᠲᠡ᠎ᠪᠡᠨ ᠴᠢᠩᠭᠠᠳᠬᠠᠵᠤ᠂ ᠴᠡᠷᠢᠭ᠎ᠦᠨ ᠲᠣᠭᠣᠷᠢᠭ ᠪᠠ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶᠢᠨ ᠪᠥᠲᠥᠭᠡᠨ ᠪᠠᠶ᠋ᠢᠭᠤᠯᠤᠯᠲᠠ᠎ᠶᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠬᠠᠷᠢᠭᠤᠴᠠᠯᠭ᠎ᠠ ᠪᠠ ᠬᠠᠶ᠋ᠢᠷ᠎ᠠ ᠰᠡᠳᠬᠢᠯᠭᠡ᠎ᠲᠡᠶ᠎ᠪᠡᠷ ᠴᠡᠷᠢᠭ᠎ᠦᠨ ᠡᠳ᠋ ᠬᠥᠷᠥᠩᠭᠡ ᠡᠷᠬᠡ ᠠᠰᠢᠭ᠎ᠢ ᠬᠠᠮᠠᠭᠠᠯᠠᠬᠤ᠂ ᠴᠡᠷᠢᠭ᠎ᠤ᠋ᠨ ᠠᠯᠪᠠ ᠡᠴᠡ ᠬᠠᠯᠠᠭᠳᠠᠭᠰᠠᠨ ᠺᠠᠳ᠋ᠷ᠎ᠢ ᠲᠥᠪᠬᠢᠨᠡᠭᠦᠯᠬᠦ᠌᠂ ᠴᠡᠷᠢᠭ᠎ᠢ ᠳᠠᠭᠠᠵᠤ ᠪᠠᠶ᠋ᠢᠭ᠎ᠠ ᠬᠡᠷ ᠪᠦᠯᠢ᠎ᠶᠢᠨ᠎ᠬᠢᠨ᠎ᠳᠦ ᠠᠵᠢᠯ ᠣᠯᠭᠣᠬᠤ᠂ ᠦᠷ᠎ᠡ ᠬᠡᠦᠬᠡᠳ᠎ᠨᠢ ᠰᠤᠷᠭᠠᠭᠤᠯᠢ᠎ᠳᠤ ᠣᠷᠣᠵᠤ ᠰᠤᠷᠭᠠᠭᠤᠯᠢ ᠰᠢᠯᠵᠢᠬᠦ᠌᠂ ᠴᠡᠷᠢᠭ᠎ᠤ᠋ᠨ ᠠᠯᠪᠠ ᠡᠴᠡ ᠬᠠᠯᠠᠭᠳᠠᠭᠰᠠᠳ᠎ᠤᠨ ᠠᠵᠢᠯ ᠣᠯᠵᠤ ᠦᠢᠯᠡᠰ ᠪᠤᠰᠬᠠᠬᠤ᠎ᠶᠢ ᠲᠡᠳᠬᠦᠨ ᠳᠡᠮᠵᠢᠬᠦ᠌᠂ ᠴᠡᠷᠢᠭ ᠪᠠ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ ᠵᠢᠨ ᠬᠢᠨ ᠢ᠋ ᠠᠰᠠᠷᠠᠬᠤ ᠵᠡᠷᠭᠡ ᠠᠵᠢᠯ᠎ᠢ ᠰᠠᠶ᠋ᠢᠲᠤᠷ ᠬᠢᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠯᠠᠮᠵᠢᠯᠠᠬᠤ᠂ ᠴᠡᠷᠢᠭ ᠠᠩᠭᠢ᠎ᠪᠠᠨ ᠬᠠᠶ᠋ᠢᠷᠠᠯᠠᠬᠤ᠂ ᠴᠡᠷᠢᠭ ᠢ᠋ ᠬᠦᠨᠳᠦᠳᠬᠡᠬᠦ᠌ ᠭᠦᠨ ᠵᠤᠵᠠᠭᠠᠨ ᠠᠭᠤᠷ ᠠᠮᠢᠰᠬᠤᠯ᠎ᠢ ᠦᠷᠭᠦᠯᠵᠢᠯᠡᠨ ᠪᠣᠶ ᠪᠣᠯᠭᠠᠬᠤ ᠬᠡᠷᠡᠭᠲᠡᠶ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面