ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-23 11:05:55

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠥᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠳᠠᠯᠠᠨ ᠬᠠᠷ᠎ᠠ ᠠᠭᠤᠯᠠ᠎ᠶᠢᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ ᠠᠮᠢ ᠠᠬᠤᠢ᠎ᠶᠢᠨ ᠬᠠᠮᠠᠭᠠᠯᠠᠯᠲᠠ ᠪᠠ ᠨᠠᠮᠤᠷ ᠡᠪᠦᠯ᠎ᠦᠨ ᠤᠯᠠᠷᠢᠯ᠎ᠤᠨ ᠲᠦᠢᠮᠡᠷ ᠢ᠋ ᠰᠡᠷᠭᠡᠢᠯᠡᠬᠦ ᠠᠵᠢᠯ᠎ᠢ ᠪᠠᠢᠴᠠᠭᠠᠨ ᠰᠤᠳᠤᠯᠬᠤ ᠳ᠋ᠠᠭᠠᠨ᠂ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠂ ᠨᠤᠭᠤ ᠭᠠᠵᠠᠷ᠂ ᠨᠠᠭᠤᠷ ᠪᠦᠷᠢᠳᠦ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠶᠢᠨ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ ᠵᠢ ᠯᠠᠪᠳᠠᠭᠤᠨ ᠪᠠᠳᠤᠳᠠᠢ ᠰᠠᠢᠳᠤᠷ ᠬᠢᠵᠤ᠂ ᠣᠢ ᠰᠢᠭᠤᠢ ᠡᠪᠡᠰᠦ ᠪᠡᠯᠴᠢᠭᠡᠷ᠎ᠢ ᠡᠪᠳᠡᠬᠦ᠂ ᠲᠣᠭᠲᠠᠭᠠᠯ ᠡᠴᠡ ᠵᠥᠷᠢᠴᠡᠨ ᠠᠲᠠᠷ ᠬᠠᠭᠠᠯᠪᠤᠷᠢᠯᠠᠬᠤ ᠮᠠᠯ ᠮᠠᠯᠵᠢᠬᠤ ᠵᠡᠷᠭᠡ ᠦᠢᠯᠡ ᠠᠵᠢᠯᠯᠠᠭ᠎ᠠ ᠳ᠋ᠤ ᠴᠢᠩᠭ᠎ᠠ ᠴᠤᠬᠢᠯᠳᠠ ᠦᠭᠴᠤ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠵᠠᠮ ᠵᠢᠡᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠳᠠᠢ ᠭᠡᠵᠤ ᠴᠢᠬᠤᠯᠠᠴᠢᠯᠠᠵᠠᠢ᠃

ᠪᠦᠦ ᠭᠠᠩ ᠤᠷᠢᠳ ᠬᠣᠵᠢᠳ ᠳᠠᠯᠠᠨ ᠬᠠᠷ᠎ᠠ ᠠᠭᠤᠯᠠ᠎ᠶᠢᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠭᠣᠣᠯ ᠬᠠᠮᠠᠭᠠᠯᠠᠯᠲᠠ᠎ᠶᠢᠨ ᠣᠷᠣᠨ ᠪᠣᠯᠣᠨ ᠡᠩ᠎ᠦᠨ ᠡᠵᠡᠮᠰᠢᠯ᠎ᠦᠨ ᠣᠷᠣᠨ᠎ᠳᠤ ᠬᠦᠷᠴᠦ᠂ ᠠᠮᠢ ᠠᠬᠤᠢ᠎ᠶᠢᠨ ᠰᠢᠰᠲᠧᠮ᠎ᠦᠨ ᠵᠠᠰᠠᠯᠲᠠ᠎ᠶᠢᠨ ᠣᠳᠣᠬᠢ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠲᠡᠦᠬᠡ ᠵᠢᠨ ᠦᠯᠡᠳᠡᠭᠳᠡᠯ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ᠂ ᠲᠠᠷᠢᠶᠠᠯᠠᠬᠤ᠎ᠶᠢ ᠵᠣᠭᠰᠣᠭᠠᠵᠤ ᠪᠡᠯᠴᠢᠭᠡᠷᠯᠡᠭᠦᠯᠬᠦ᠎ᠶᠢ ᠵᠣᠭᠰᠤᠭᠠᠬᠤ ᠨᠥᠬᠥᠪᠦᠷᠢ᠂ ᠡᠳᠦᠷ ᠲᠤᠲᠤᠮ᠎ᠤᠨ ᠬᠠᠮᠢᠶᠠᠷᠤᠨ ᠡᠵᠡᠮᠳᠡᠵᠦ ᠠᠷᠠᠴᠢᠯᠠᠨ ᠬᠠᠮᠠᠭᠠᠯᠠᠬᠤ᠂ ᠣᠶ ᠰᠢᠭᠤᠢ ᠡᠪᠡᠰᠦ ᠪᠡᠯᠴᠢᠭᠡᠷ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠪᠠ᠃ ᠲᠡᠷᠡ᠂ ᠳᠠᠯᠠᠨ ᠬᠠᠷ᠎ᠠ ᠠᠭᠤᠯᠠ ᠪᠣᠯ ᠮᠤᠨᠠ ᠠᠭᠤᠯᠠ ᠨᠢᠷᠤᠭᠤ᠎ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ᠌ ᠣᠷᠣᠨ᠎ᠤ ᠲᠥᠪ ᠬᠤᠳᠠ ᠵᠢᠨ ᠪᠣᠬᠢᠷᠲᠤᠯ ᠦᠭᠡᠢ ᠴᠡᠴᠡᠷᠯᠢᠭ ᠮᠥᠨ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠵᠤ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠠᠬᠢᠭᠤᠯᠵᠤ᠂ ᠲᠠᠷᠢᠶᠠᠯᠠᠬᠤ᠎ᠶᠢ ᠵᠣᠭᠰᠣᠭᠠᠵᠤ ᠪᠡᠯᠴᠢᠭᠡᠷᠯᠡᠭᠦᠯᠬᠦ᠎ᠶᠢ ᠴᠠᠭᠠᠵᠠᠯᠠᠬᠤ᠂ ᠠᠭᠤᠷᠬᠠᠢ᠎ᠶᠢ ᠰᠡᠷᠭᠦᠭᠡᠨ ᠵᠠᠰᠠᠬᠤ ᠪᠠ ᠤᠰᠤᠨ᠎ᠤ ᠡᠬᠢ ᠪᠠᠶᠠᠯᠢᠭ᠋᠎ᠢ ᠬᠠᠮᠠᠭᠠᠯᠠᠨ ᠠᠰᠢᠭ᠍ᠯᠠᠬᠤ ᠵᠡᠷᠭᠡ ᠠᠵᠢᠯ᠎ᠢ ᠴᠢᠩᠭᠠᠳᠬᠠᠵᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ᠎ᠪᠠᠷ ᠠᠷᠠᠳ᠎ᠲᠤ ᠠᠰᠢᠭ᠋ ᠬᠦᠷᠲᠡᠭᠡᠬᠦ᠂ ᠠᠮᠢ ᠠᠬᠤᠢ᠎ᠪᠠᠷ ᠠᠷᠠᠳ᠎ᠲᠤ ᠲᠤᠰᠠ ᠬᠦᠷᠭᠡᠬᠦ᠂ ᠠᠮᠢ ᠠᠬᠤᠢ᠎ᠪᠠᠷ ᠠᠷᠠᠳ᠎ᠲᠤ ᠦᠢᠯᠡᠴᠢᠯᠡᠬᠦ᠎ᠶᠢ ᠪᠣᠳᠠᠲᠠᠢ ᠠᠵᠢᠯ᠎ᠤᠨ ᠳᠤᠮᠳᠠ᠎ᠪᠠᠨ ᠨᠠᠢᠳᠠᠪᠤᠷᠢᠵᠢᠭᠤᠯᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠤᠯᠠᠨ ᠲᠦᠮᠡᠨ᠎ᠦ ᠦᠵᠡᠰᠬᠦᠯᠡᠩᠲᠦ ᠰᠠᠢᠬᠠᠨ ᠠᠮᠢ ᠠᠬᠤᠢ ᠣᠷᠴᠢᠨ ᠲᠣᠭᠣᠷᠢᠨ᠂ ᠴᠢᠨᠠᠷ ᠰᠠᠢᠲᠠᠢ ᠠᠮᠢᠳᠤᠷᠠᠯ᠎ᠤᠨ ᠬᠡᠷᠡᠭᠴᠡᠭᠡ᠎ᠶᠢ ᠨᠡᠩ ᠰᠠᠢᠲᠤᠷ ᠬᠠᠩᠭᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

ᠣᠳᠣᠬᠠᠨ᠎ᠳᠤ ᠶᠠᠭ ᠭᠠᠯ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠭᠠᠳ ᠪᠤᠢ᠂ ᠪᠤᠤ ᠭᠠᠩ ᠢᠮᠠᠭᠠᠲᠤ ᠤᠢ ᠰᠢᠭᠤᠢ᠎ᠶᠢᠨ ᠴᠡᠴᠡᠷᠯᠢᠭ᠎ᠦᠨ ᠭᠠᠯ ᠰᠡᠷᠭᠡᠢᠯᠡᠬᠦ ᠪᠠᠢᠴᠠᠭᠠᠯᠲᠠ᠎ᠶᠢᠨ ᠦᠷᠳᠡᠭᠡ᠂ ᠭᠤᠷᠪᠠᠨ ᠤ᠋ ᠭᠠᠯ ᠰᠡᠷᠭᠡᠢᠯᠡᠬᠦ ᠵᠢᠯᠤᠭᠣᠳᠬᠤ ᠲᠥᠪ᠎ᠲᠦ᠂ ᠭᠠᠯ ᠰᠡᠷᠭᠡᠢᠯᠡᠬᠦ ᠡᠳ᠋ ᠪᠣᠳᠠᠰ᠎ᠤᠨ ᠨᠥᠭᠡᠴᠡ᠂ ᠵᠢᠵᠢᠭᠦᠷᠯᠡᠨ ᠰᠠᠬᠢᠬᠤ ᠵᠡᠷᠭᠡ ᠠᠵᠢᠯ᠎ᠢ ᠨᠠᠷᠢᠨ ᠣᠢᠯᠠᠭᠠᠪᠠ᠃ ᠲᠡᠷᠡ᠂ ᠬᠦᠮᠦᠨ᠎ᠤ ᠰᠡᠷᠭᠡᠢᠯᠡᠯᠲᠡ᠂ ᠪᠣᠳᠠᠰ᠎ᠤᠨ ᠰᠡᠷᠭᠡᠢᠯᠡᠯᠲᠡ᠂ ᠮᠡᠷᠭᠡᠵᠢᠯ᠎ᠦᠨ ᠰᠡᠷᠭᠡᠢᠯᠡᠯᠲᠡ᠂ ᠣᠶᠤᠨᠲᠤ ᠰᠡᠷᠭᠡᠢᠯᠡᠯᠲᠡ᠎ᠶᠢᠨ ᠬᠠᠮᠵᠢᠯᠴᠠᠨ ᠬᠦᠴᠦᠯᠡᠬᠦ᠎ᠶᠢ ᠠᠬᠢᠭᠤᠯᠵᠤ᠂ 24 ᠴᠠᠭ᠎ᠢᠶᠠᠷ ᠵᠢᠵᠢᠭᠦᠷᠯᠡᠨ ᠰᠠᠬᠢᠬᠤ ᠪᠠ ᠪᠠᠢᠩᠭᠤᠵᠢᠭ᠍ᠰᠠᠨ ᠲᠣᠭᠣᠷᠢᠨ ᠬᠠᠮᠠᠭᠠᠯᠠᠵᠤ ᠲᠣᠭᠣᠷᠢᠨ ᠪᠠᠢᠴᠠᠭᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠭᠤᠯᠠᠨ᠎ᠳᠤ ᠣᠷᠣᠬᠤ ᠵᠢ ᠳᠡᠩᠰᠡᠯᠡᠨ ᠲᠡᠮᠳᠡᠭᠯᠡᠬᠦ᠂ ᠭᠠᠯ ᠡᠭᠦᠰᠭᠡᠭᠴᠢ ᠵᠢ ᠬᠣᠷᠢᠶᠠᠨ ᠠᠪᠬᠤ ᠵᠡᠷᠭᠡ ᠠᠷᠭ᠎ᠠ ᠬᠡᠮᠵᠢᠶ᠎ᠡ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠦᠷᠢᠮ ᠡᠴᠡ ᠵᠥᠷᠢᠴᠡᠨ ᠭᠠᠯ ᠨᠣᠴᠣᠭᠠᠬᠤ ᠠᠵᠢᠯ᠎ᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠣᠶ ᠳᠤᠳᠤᠷᠠᠬᠢ ᠰᠢᠲᠠᠮᠠᠬᠠᠢ ᠪᠣᠳᠠᠰ᠎ᠢ ᠪᠠᠢᠩᠭᠤ ᠴᠡᠪᠡᠷᠯᠡᠨ ᠠᠷᠢᠯᠭᠠᠵᠤ᠂ ᠭᠠᠯ᠎ᠤᠨ ᠭᠠᠮᠰᠢᠭ᠋᠎ᠤᠨ ᠬᠡᠮ ᠰᠣᠭᠣᠭ᠎ᠢ ᠴᠠᠭ ᠲᠤᠬᠠᠢ ᠳ᠋ᠤᠨᠢ ᠠᠷᠢᠯᠭᠠᠵᠤ᠂ ᠭᠠᠯ ᠰᠡᠷᠭᠡᠢᠯᠡᠬᠦ ᠰᠠᠨᠠᠭᠠᠴᠢᠯᠠᠭᠠᠲᠤ ᠳᠠᠢᠯᠠᠯᠳᠤᠭᠠᠨ᠎ᠢ ᠰᠠᠢᠲᠤᠷ ᠬᠢᠬᠦ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ᠎ᠢ ᠲᠡᠭᠦᠯᠳᠡᠷᠵᠢᠭᠦᠯᠵᠦ᠂ ᠠᠢᠮᠠᠭ ᠬᠣᠲᠠ ᠠᠯᠤᠰᠯᠠᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠴᠢᠩᠭᠠᠳᠬᠠᠵᠤ᠂ ᠵᠢᠩᠭᠢᠨᠢ ᠪᠠᠢ᠍ᠢᠯᠳᠤᠭᠠᠨᠴᠢᠯᠠᠭᠰᠠᠨ ᠰᠣᠷᠢᠯᠲᠠ᠎ᠶᠢ ᠵᠣᠬᠢᠶᠠᠨ ᠪᠠᠢᠭᠤᠯᠵᠤ᠂ ᠭᠠᠯ ᠤᠨᠳᠠᠷᠠᠭᠠᠬᠤ ᠬᠦᠴᠦᠨ ᠪᠠ ᠡᠳ᠋ ᠪᠤᠳᠠᠰ ᠢ᠋ ᠵᠤᠬᠢᠬᠤ ᠬᠡᠮᠵᠢᠶ᠎ᠠ ᠪᠡᠷ ᠡᠮᠦᠨᠡᠰᠢ ᠪᠠᠢᠷᠢᠯᠠᠭᠤᠯᠵᠤ᠂ ᠭᠠᠯ ᠲᠦᠢᠮᠡᠷ᠎ᠢ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠨᠤᠮᠢᠨ ᠤᠰᠤ ᠬᠥᠬᠡᠮᠳᠦᠭ ᠠᠭᠤᠯᠠ ᠪᠠ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠡᠷᠡᠰ ᠰᠠᠢᠲᠤᠷ ᠬᠠᠮᠠᠭᠠᠯᠠᠬᠤ ᠬᠡᠷᠡᠭᠳᠠᠢ ᠭᠡᠵᠤ ᠱᠠᠭᠠᠷᠳᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面