ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-23 11:08:31

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠦᠩ   ᠵᠠᠩ ᠶᠠᠨ ᠺᠦᠨ ᠲᠣᠭᠯᠠᠯᠲᠠ᠎ᠶᠢ ᠰᠣᠨᠢᠷᠬᠠᠪᠠ


10 ᠰᠠᠷ᠎ᠠ᠎ᠶᠢᠨ 22 ᠤ᠋ᠨ ᠣᠷᠣᠢ᠂ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠥᠪᠡᠷᠲᠡᠭᠡᠨ ᠵᠠᠰᠠᠬᠤ ᠣᠷᠣᠨ᠎ᠤ ᠨᠠᠢᠷᠠᠯ ᠬᠥᠭᠵᠢᠮ᠎ᠦᠨ ᠦᠳᠡᠰᠢᠯᠡᠭᠡ 《ᠭᠠᠢᠬᠠᠮᠰᠢᠭ᠍ᠲᠤ ᠴᠤᠤᠷᠢᠶ᠎ᠠ·ᠤᠷᠳᠤ ᠵᠠᠮ᠎ᠤᠨ ᠠᠶᠠᠨ ᠲᠠᠢ᠍ᠢᠨ᠎ᠦ ᠮᠥᠴᠡᠯᠭᠡ ᠳᠠᠭᠤᠤ》 ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠵᠡᠷᠭᠡ ᠤᠳᠤᠷᠢᠳᠬᠤ ᠨᠤᠶ᠋ᠭᠦᠳ ᠦᠨᠳᠦᠰᠦᠲᠡᠨ ᠨᠤᠭᠦᠳ ᠤ᠋ᠨ ᠡᠯ᠎ᠡ ᠡᠲᠡᠭᠡᠳ᠎ᠦᠨ ᠺᠠᠳ᠋ᠷ ᠤᠯᠠᠨ ᠲᠦᠮᠡᠨ᠎ᠲᠠᠢ ᠬᠠᠮᠲᠤ ᠲᠣᠭᠯᠠᠯᠲᠠ᠎ᠶᠢ ᠰᠣᠨᠢᠷᠬᠠᠵᠤ᠂ ᠬᠤᠪᠢᠰᠬᠠᠯ᠎ᠤᠨ ᠰᠣᠩᠭᠣᠳᠠᠭ ᠪᠦᠲᠦᠭᠡᠯ ᠢ᠋ ᠡᠷᠭᠢᠴᠡᠭᠦᠯᠵᠦ᠂ ᠭᠠᠢᠬᠠᠮᠰᠢᠭ᠍ᠲᠤ ᠣᠨ ᠰᠠᠷ᠎ᠠ᠎ᠶᠢ ᠡᠷᠭᠢᠴᠡᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ᠋ ᠰᠢᠩᠭᠡᠭᠡᠪᠡ᠃



10 ᠰᠠᠷ᠎ᠠ᠎ᠶᠢᠨ 22 ᠤ᠋ᠨ ᠣᠷᠣᠢ᠂ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠥᠪᠡᠷᠲᠡᠭᠡᠨ ᠵᠠᠰᠠᠬᠤ ᠣᠷᠣᠨ᠎ᠤ ᠨᠠᠢᠷᠠᠯ ᠬᠥᠭᠵᠢᠮ᠎ᠦᠨ ᠦᠳᠡᠰᠢᠯᠡᠭᠡ 《ᠭᠠᠢᠬᠠᠮᠰᠢᠭ᠍ᠲᠤ ᠴᠤᠤᠷᠢᠶ᠎ᠠ · ᠤᠷᠳᠤ ᠵᠠᠮ᠎ᠤᠨ ᠠᠶᠠᠨ ᠲᠠᠢ᠍ᠢᠨ᠎ᠦ ᠮᠥᠴᠡᠯᠭᠡ ᠳᠠᠭᠤᠤ》 ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠵᠡᠷᠭᠡ ᠤᠳᠤᠷᠢᠳᠬᠤ ᠨᠤᠶ᠋ᠭᠦᠳ ᠦᠨᠳᠦᠰᠦᠲᠡᠨ ᠨᠤᠭᠦᠳ ᠤ᠋ᠨ ᠡᠯ᠎ᠡ ᠡᠲᠡᠭᠡᠳ᠎ᠦᠨ ᠺᠠᠳ᠋ᠷ ᠤᠯᠠᠨ ᠲᠦᠮᠡᠨ᠎ᠲᠠᠢ ᠬᠠᠮᠲᠤ ᠲᠣᠭᠯᠠᠯᠲᠠ᠎ᠶᠢ ᠰᠣᠨᠢᠷᠬᠠᠵᠠᠢ᠃

ᠰᠤᠷᠪᠤᠯᠵᠢᠯᠠᠬᠴᠢ  ᠮᠠ ᠵᠢᠶᠠᠨ ᠪᠢᠩ  ᠰᠡᠬᠦᠳᠡᠷᠯᠡᠪᠡ


ᠦᠳᠡᠰᠢ᠎ᠶᠢᠨ ᠬᠥᠰᠢᠭᠡᠨ ᠳᠣᠣᠷᠠᠬᠢ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠳᠦ ᠥᠩᠭᠡᠲᠦ ᠳ᠋ᠧᠩ ᠳᠤᠸᠠᠯᠠᠵᠤ᠂ ᠵᠦᠴᠦᠭᠡ᠎ᠶᠢᠨ ᠲᠠᠯᠠᠪᠠᠢ᠎ᠳᠤ ᠬᠦᠮᠦᠰ ᠲᠦᠭᠦᠷᠲᠡᠯ᠎ᠡ ᠰᠠᠭᠤᠯᠴᠠᠵᠤ᠂ ᠬᠦᠷ ᠬᠥᠭᠵᠢᠶᠡᠨ᠎ᠢᠶᠡᠷ ᠪᠢᠯᠬᠠᠨ᠎ᠠ᠃ ᠳᠠᠭᠤᠤ ᠬᠥᠭᠵᠢᠮ᠎ᠦᠨ ᠦᠳᠡᠰᠢᠯᠡᠭᠡ 《ᠤᠯᠠᠭᠠᠨ ᠲᠤᠭ᠎ᠤᠨ ᠮᠠᠭᠲᠠᠭᠠᠯ》 ᠤ᠋ᠨ ᠰᠦᠷ ᠵᠢᠪᠬᠤᠯᠠᠩᠲᠤ ᠬᠦᠭ ᠠᠶᠠᠰ ᠳᠤᠮᠳᠠ ᠵᠢᠩᠬᠢᠨᠢ᠎ᠪᠡᠷ ᠡᠬᠢᠯᠡᠪᠡ᠃ ᠡᠮᠡᠭᠳᠠᠢ ᠵᠢᠨ ᠭᠣᠴᠣᠯᠠᠯ ᠳᠠᠭᠤᠤ 《ᠶᠢᠩ ᠱᠠᠨ ᠬᠣᠩ》 ᠨᠢ ᠭᠦᠨ ᠵᠤᠵᠠᠭᠠᠨ ᠬᠠᠢᠷ᠎ᠠ ᠰᠡᠳᠬᠢᠯᠭᠡ᠎ᠪᠡᠷ᠎ᠢᠶᠡᠨ ᠰᠣᠪᠢᠶᠠᠳ ᠣᠷᠣᠨ᠎ᠤ ᠠᠷᠠᠳ ᠲᠦᠮᠡᠨ᠎ᠦ ᠤᠯᠠᠭᠠᠨ ᠴᠡᠷᠢᠭ᠎ᠲᠦ ᠲᠠᠯᠪᠢᠭ᠍ᠰᠠᠨ ᠬᠦᠰᠡᠯ ᠡᠷᠡᠮᠡᠯᠵᠡᠯ᠎ᠢ ᠢᠯᠡᠳᠬᠡᠵᠡᠢ; 《ᠭᠦᠨ ᠵᠤᠵᠠᠭᠠᠨ ᠬᠠᠢᠷ᠎ᠠ ᠰᠡᠳᠬᠢᠯᠭᠡ》 ᠭᠡᠬᠦ ᠳᠠᠭᠤᠤ ᠨᠢ ᠡᠶᠡᠯᠳᠡᠭ ᠵᠥᠭᠡᠯᠡᠨ ᠠᠶᠠᠰ᠎ᠢᠶᠠᠷ᠂ ᠤᠷᠳᠤ ᠵᠠᠮ᠎ᠤᠨ ᠠᠶᠠᠨ ᠲᠠᠢ᠍ᠢᠨ ᠳ᠋ᠡᠬᠢ ᠬᠠᠮᠤᠭ᠎ᠤᠨ ᠰᠡᠳᠬᠢᠯ ᠬᠥᠳᠡᠯᠭᠡᠮ᠎ᠡ ᠴᠡᠷᠢᠭ ᠠᠷᠠᠳ᠎ᠤᠨ ᠬᠠᠢᠷ᠎ᠠ ᠰᠡᠳᠬᠢᠯᠭᠡ᠎ᠶᠢ ᠳᠠᠭᠤᠷᠢᠰᠤᠭᠤᠯᠪᠠ; ᠡᠷᠡᠭᠲᠡᠢ᠎ᠶᠢᠨ ᠭᠣᠴᠣᠯᠠᠯ ᠳᠠᠭᠤᠤ 《ᠬᠠᠢᠷᠠᠳᠤ ᠮᠢᠨᠢ᠂ ᠲᠠ ᠰᠣᠨᠣᠰᠴᠤ ᠪᠠᠢᠨ᠎ᠠ ᠦᠦ》 ᠨᠢ ᠬᠤᠪᠢᠰᠬᠠᠯᠲᠤ ᠪᠠᠢᠯᠳᠤᠭ᠍ᠴᠢ᠎ᠶᠢᠨ ᠬᠠᠢᠷᠠᠳᠠᠢ ᠬᠦᠮᠦᠨ ᠵᠢᠡᠨ ᠳᠤᠷᠠᠰᠤᠨ ᠰᠠᠨᠠᠭᠠᠯᠵᠠᠬᠤ ᠰᠡᠳᠭᠢᠯᠭᠡ ᠪᠠ ᠡᠷᠡᠰ ᠪᠠᠳᠤ ᠬᠤᠪᠢᠰᠬᠠᠯ᠎ᠤᠨ ᠢᠲᠡᠭᠡᠯ ᠵᠣᠷᠢᠭ᠋ ᠢ᠋ ᠢᠯᠡᠳᠬᠡᠪᠡ; 《ᠶᠠᠨ ᠠᠨ᠎ᠤ ᠮᠠᠭᠲᠠᠭᠠᠯ》᠂《ᠡᠮᠡᠭᠲᠡᠢ ᠤᠯᠠᠭᠠᠨ ᠴᠡᠷᠢᠭ》 ᠨᠢ ᠬᠤᠪᠢᠰᠬᠠᠯ᠎ᠤᠨ ᠭᠣᠯᠣᠮᠲᠠ ᠣᠷᠣᠨ᠎ᠢ ᠪᠢᠰᠢᠷᠡᠨ ᠬᠦᠨᠳᠦᠳᠬᠡᠭᠰᠡᠨ ᠰᠡᠳᠬᠢᠯᠭᠡ᠎ᠪᠡᠨ ᠢᠯᠡᠳᠬᠡᠵᠦ᠂ ᠡᠮᠡᠭᠳᠠᠢ ᠤᠯᠠᠭᠠᠨ ᠴᠡᠷᠢᠭ᠎ᠦᠨ ᠪᠠᠢᠯᠳᠤᠭ᠍ᠴᠢᠳ᠎ᠤᠨ ᠡᠷᠡᠯᠬᠡᠭ ᠪᠠᠭᠠᠲᠤᠷᠯᠢᠭ᠋ ᠬᠤᠪᠢᠰᠬᠠᠯᠲᠤ ᠳᠦᠷᠢ ᠲᠥᠷᠬᠦ᠎ᠶᠢ ᠵᠢᠷᠤᠭᠯᠠᠵᠤ᠂ ᠬᠤᠪᠢᠰᠬᠠᠯ᠎ᠤᠨ ᠡᠩᠨᠡᠭᠡ᠎ᠶᠢᠨ ᠴᠣᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ; 《ᠣᠷᠳᠣ᠌ ᠵᠠᠮ᠎ᠤᠨ ᠠᠶᠠᠨ ᠲᠡᠶ᠋ᠢᠨ᠎ᠦ ᠮᠥᠴᠡᠯᠭᠡ ᠳᠠᠭᠤᠤ》 ᠨᠢ ᠨᠠᠢᠷᠠᠯ ᠳᠠᠭᠤᠤ ᠪᠠ ᠤᠷᠠᠨ ᠤᠩᠰᠢᠯᠭ᠎ᠠ᠎ᠶᠢᠨ ᠬᠡᠯᠪᠡᠷᠢ᠎ᠪᠡᠷ ᠠᠷᠪᠠᠨ ᠪᠠᠳᠠᠭ ᠳᠠᠭᠤᠤ᠎ᠪᠠᠷ ᠳᠡᠮᠵᠢᠨ᠂ ᠤᠯᠠᠭᠠᠨ ᠴᠡᠷᠢᠭ᠎ᠦᠨ ᠬᠣᠶᠠᠷ ᠲᠦᠮᠡ ᠲᠠᠪᠤᠨ ᠮᠢᠩᠭᠠᠨ ᠭᠠᠵᠠᠷ᠎ᠤᠨ ᠣᠷᠳᠣ᠌ ᠵᠠᠮ᠎ᠤᠨ ᠠᠶᠠᠨ ᠲᠡᠶ᠋ᠢᠨ᠎ᠦ ᠰᠦᠷ ᠵᠢᠪᠬᠤᠯᠠᠩᠲᠤ ᠲᠡᠦᠬᠡᠨ ᠶᠠᠪᠤᠴᠠ᠎ᠶᠢ ᠪᠥᠬᠥ ᠦᠵᠡᠭᠳᠡᠯ᠎ᠢᠶᠡᠷ ᠢᠯᠡᠷᠡᠭᠦᠯᠵᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠡᠰᠢᠵᠦ᠂ ᠦᠳᠡᠰᠢᠯᠡᠭᠡ᠎ᠶᠢ ᠣᠷᠭᠢᠯ᠎ᠳᠤ ᠬᠦᠷᠭᠡᠪᠡ᠃

ᠪᠦᠬᠦᠶ᠋ᠢᠯᠡ ᠳᠠᠭᠤᠤ ᠬᠥᠭᠵᠢᠮ᠎ᠦᠨ ᠦᠳᠡᠰᠢᠯᠡᠭᠡ ᠨᠢ ᠨᠠᠢᠷᠠᠯ ᠬᠥᠭᠵᠢᠮ᠂ ᠨᠠᠢᠷᠠᠯ ᠳᠠᠭᠤᠤ᠂ ᠭᠣᠴᠣᠯᠠᠯ ᠳᠠᠭᠤᠤ ᠵᠡᠷᠭᠡ ᠬᠡᠯᠪᠡᠷᠢ᠎ᠶᠢ ᠠᠭᠤᠰᠤᠯᠴᠠᠭᠤᠯᠵᠤ᠂ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ᠎ᠦ ᠴᠢᠰᠤᠲᠤ ᠪᠠᠢᠯᠳᠤᠭᠠᠨ᠂ ᠨᠤᠭᠤᠷᠠᠰᠢ ᠦᠭᠡᠢ ᠪᠠᠭᠠᠲᠤᠷᠯᠢᠭ᠋ ᠲᠤᠤᠯᠢᠰ᠎ᠢ ᠤᠷᠠᠯᠢᠭ᠋᠎ᠢᠶᠠᠷ ᠳᠠᠬᠢᠨ ᠢᠯᠡᠷᠡᠭᠦᠯᠵᠦ᠂ ᠳᠤᠮᠳᠠᠳᠤ ᠤᠯᠤᠰ᠎ᠤᠨ ᠡᠪ ᠬᠠᠮᠲᠤᠴᠤᠳ ᠪᠣᠯᠣᠨ ᠤᠯᠠᠭᠠᠨ ᠴᠡᠷᠢᠭ᠎ᠦᠨ ᠪᠠᠢᠯᠳᠤᠭ᠍ᠴᠢᠳ᠎ᠤᠨ ᠠᠮᠢ ᠨᠠᠰᠤ ᠪᠣᠯᠣᠨ ᠬᠠᠯᠠᠭᠤᠨ ᠴᠢᠰᠤ᠎ᠪᠠᠷ᠎ᠢᠶᠠᠨ ᠴᠣᠭᠴᠠᠯᠠᠭᠰᠠᠨ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠠᠮᠢᠳᠤᠯᠢᠭ᠋᠎ᠢᠶᠠᠷ ᠢᠯᠡᠷᠡᠭᠦᠯᠵᠦ᠂ ᠪᠢᠳᠡᠨ ᠤ᠋ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠴᠦᠬᠦᠷᠡᠰᠢ ᠦᠭᠡᠢ ᠡᠷᠡᠮᠡᠬᠡᠢᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠬᠦᠴᠦ᠎ᠪᠡᠨ ᠲᠥᠪᠯᠡᠷᠡᠭᠦᠯᠦᠨ ᠨᠠᠢᠳᠠᠪᠤᠷᠢᠵᠢᠭᠤᠯᠵᠤ᠂ ᠰᠢᠨ᠎ᠡ ᠣᠷᠳᠣ᠌ ᠵᠠᠮ᠎ᠤᠨ ᠠᠶᠠᠨ ᠲᠡᠶ᠋ᠢᠨ᠎ᠳ᠋ᠤ ᠰᠢᠨ᠎ᠡ ᠬᠡᠷᠡᠯ ᠰᠠᠴᠤᠷᠠᠩᠭᠤᠢ ᠠᠮᠵᠢᠯᠲᠠ᠎ᠶᠢ ᠴᠢᠷᠮᠠᠢᠨ ᠡᠭᠦᠳᠬᠦ᠎ᠶᠢ ᠵᠣᠷᠢᠭ᠍ᠵᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面