ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-28 09:53:25

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ

10 ᠰᠠᠷ᠎ᠠ᠎ᠶᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠪᠠᠶ᠋ᠢᠩᠭᠤ ᠎ᠶᠢᠨ ᠬᠤᠷᠢᠶ᠎ᠠ ᠵᠢᠨ ᠠᠷᠪᠠ ᠶᠢᠰᠦᠳᠦᠭᠡᠷ ᠬᠤᠷᠠᠯ ᠬᠥᠬᠡᠬᠣᠲᠠ᠎ᠳᠤ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠴᠡᠴᠡᠭ᠂ ᠸᠧᠶ ᠭᠦᠸᠧ ᠨᠠᠨ᠂ ᠵᠠᠩ ᠯᠸᠢ᠂ ᠶᠠᠩ ᠵᠢᠶᠧ᠂ ᠵᠢᠨ ᠵᠤᠸᠠᠩ᠂ ᠢᠦᠶ ᠷᠧᠨ ᠵᠢᠶᠧ ᠨᠠᠷᠢᠨ ᠪᠢᠴᠢᠭ᠎ᠦᠨ ᠳᠠᠷᠤᠭ᠎ᠠ᠎ᠶᠢᠨ ᠵᠢᠱ᠌ᠢᠭᠳᠡᠭᠴᠢ ᠰᠦᠨ ᠯᠢ ᠵᠢᠶᠠᠨ ᠬᠤᠷᠠᠯ᠎ᠳᠤ ᠣᠷᠣᠯᠴᠠᠵᠠᠶ᠃

ᠬᠤᠷᠠᠯ᠎ᠡᠴᠡ᠂ ᠪᠦᠬᠦ᠌ ᠣᠷᠣᠨ ᠎ᠤ ᠡᠯ᠎ᠡ ᠱᠠᠲᠤᠨ᠎ᠤ ᠤᠯᠤᠰ ᠲᠥᠷᠥ᠎ᠶᠢᠨ ᠵᠥᠪᠯᠡᠯᠭᠡᠨ᠎ᠦ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠣᠯᠠᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠤᠯᠤᠰ ᠲᠥᠷᠥ ᠂ ᠪᠦᠬᠦ᠌ ᠲᠠᠯ᠎ᠠ᠂ ᠪᠠᠶ᠋ᠢᠯᠳᠤᠬᠤ ᠪᠣᠳᠣᠯᠭ᠎ᠠ᠎ᠶᠢᠨ ᠥᠨᠳᠥᠷᠴᠡ ᠡᠴᠡ᠂ ᠶᠡᠷᠦᠩᠬᠡᠢ ᠱᠦᠵᠢ  ᠰᠢ ᠵᠢᠨ ᠫᠢᠩ᠎ᠦᠨ ᠡᠨᠡ ᠤᠳᠠᠭ᠎ᠠ᠎ᠶᠢᠨ ᠰᠢᠨᠵᠢᠯᠡᠨ ᠪᠠᠶ᠋ᠢᠴᠠᠭᠠᠯᠲᠠ᠎ᠶᠢᠨ ᠴᠢᠬᠤᠯᠠ ᠶᠡᠬᠡ ᠠᠴᠢ ᠬᠣᠯᠪᠣᠭᠳᠠᠯ ᠎ᠢ ᠭᠦᠢᠴᠡᠳ ᠲᠠᠨᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠮᠢ ᠠᠬᠤᠶ᠎ᠶᠢᠨ ᠪᠣᠯᠪᠠᠰᠤᠨ ᠎ᠤ ᠪᠠᠶ᠋ᠢᠭᠤᠯᠤᠯᠲᠠ᠎ᠶᠢ ᠴᠢᠩᠭᠠᠳᠬᠠᠬᠤ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ ᠎ᠤ ᠠᠵᠤ ᠦᠢᠯᠡᠰ ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠂ ᠤᠯᠤᠰ᠎ᠤᠨ ᠴᠢᠬᠤᠯᠠ ᠮᠠᠯ ᠎ᠤᠨ ᠠᠰᠢᠭ ᠰᠢᠮ᠎ᠡ ᠲᠠᠷᠢᠶᠠᠯᠠᠩ ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ ᠎ᠢ ᠪᠥᠲᠥᠭᠡᠨ ᠪᠠᠶ᠋ᠢᠭᠤᠯᠬᠤ᠂ ᠭᠠᠵᠠᠷ ᠣᠷᠣᠨ ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ ᠎ᠶᠢ  ᠠᠬᠢᠭᠤᠯᠬᠤ᠂ ᠨᠠᠮ᠎ᠤᠨ ᠪᠦᠬᠦ᠌ ᠲᠠᠯ᠎ᠠ ᠎ᠶᠢᠨ ᠤᠳᠤᠷᠢᠳᠤᠯᠭ᠎ᠠ ᠪᠠ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠱᠠᠭᠠᠷᠳᠠᠯᠭ᠎ᠠ ᠵᠢ ᠪᠦᠬᠦ ᠲᠠᠯ᠎ᠠ ᠪᠡᠷ ᠨᠠᠢᠳᠠᠪᠦᠷᠢᠵᠢᠭᠤᠯᠵᠤ᠂ ᠲᠤᠰᠢᠶᠠᠯ᠎ᠢᠶᠠᠨ ᠭᠦᠢᠴᠡᠳᠬᠡᠵᠦ ᠬᠦᠴᠦᠯᠡᠨ ᠠᠵᠢᠯᠯᠠᠬᠤ ᠭᠤᠤᠯᠳᠠᠯᠭ᠎ᠠ᠎ᠶᠢ ᠣᠨᠣᠪᠴᠢᠲᠠᠶ ᠣᠯᠵᠤ᠂ ᠲᠤᠰᠬᠠᠶ ᠵᠥᠪᠯᠡᠬᠦ᠌ ᠪᠠᠶ᠋ᠢᠭᠤᠯᠤᠮᠵᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ ᠎ᠦᠨ ᠠᠵᠢᠯ ᠦᠢᠯᠡᠰ ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠪᠠᠰᠠ ᠬᠤᠯᠪᠤᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢᠯᠡᠰ᠎ᠢ ᠬᠢᠨᠠᠨ ᠵᠥᠪᠯᠡᠵᠦ᠍ ᠪᠠᠲᠤᠯᠠᠪᠠ᠃ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠤᠤᠯ᠎ᠤᠨ ᠳᠡᠳ᠋ ᠵᠠᠬᠢᠷᠤᠯ ᠠᠨ ᠵᠢᠩ ᠽᠧ ᠤᠷᠢᠯᠭ᠎ᠠ᠎ᠪᠠᠷ ᠲᠤᠰᠬᠠᠢ ᠰᠡᠳᠦᠪᠲᠦ᠍ ᠲᠠᠶ᠋ᠢᠯᠤᠮᠵᠢ ᠬᠢᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面