ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-29 09:57:39

ᠵᠣᠬᠢᠶᠠᠭ᠍ᠴᠢ᠄ ᠵᠠᠩ ᠺᠦᠢ᠂ ᠪᠠᠢ ᠷᠦ ᠢᠦᠢ ᠣᠩᠱᠢᠭ᠍ᠰᠠᠨ ᠣᠳᠠᠭ᠎ᠠ᠄ 3

ᠰᠦᠢ ᠴᠢᠩ   ᠰᠦᠨ ᠵᠢᠶᠦ᠋ᠨ ᠴᠢᠩ ᠬᠤᠷᠡᠯ᠎ᠳᠤ ᠣᠷᠣᠯᠴᠠᠪᠠ


10 ᠰᠠᠷ᠎ᠠ᠎ᠶᠢᠨ 28᠎ᠤ᠋ ᠡᠳᠦᠷ᠂ 《ᠶᠡᠷᠦᠩᠬᠡᠢ ᠱᠦᠵᠢ ᠰᠢ ᠵᠢᠨ ᠫᠢᠩ᠎ᠦᠨ ᠲᠥᠪ᠎ᠦᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ ᠪᠠᠢᠭᠤᠯᠤᠭᠳᠠᠭᠰᠠᠨ 70 ᠵᠢᠯ᠎ᠦᠨ ᠤᠢ᠎ᠳᠤ ᠢᠯᠡᠭᠡᠭᠰᠡᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠶᠠᠷᠢᠯᠴᠠᠬᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠰᠦᠢ ᠴᠢᠩ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠵᠠᠬᠢᠷᠤᠯ ᠰᠦᠨ ᠵᠢᠶᠦ᠋ᠨ ᠴᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠲᠥᠪ᠎ᠦᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ ᠪᠠᠢᠭᠤᠯᠤᠭᠳᠠᠭᠰᠠᠨ 70 ᠵᠢᠯ᠎ᠦᠨ ᠣᠶ᠎ᠳᠤ ᠢᠯᠡᠭᠡᠭᠰᠡᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶᠢᠨ ᠬᠤᠷᠢᠶ᠎ᠠ ᠵᠢᠨ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠤᠯᠠᠮᠵᠢᠯᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠪᠠ᠃ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ᠎ᠦᠨ ᠪᠤᠰᠤ ᠬᠥᠮᠥᠰ ᠵᠢᠴᠢ ᠠᠢᠮᠠᠭ ᠬᠣᠲᠠ᠎ᠶᠢᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠲᠥᠯᠥᠭᠡᠯᠡᠭᠴᠢᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠬᠤᠷᠠᠯ᠎ᠡᠴᠡ᠂ 《ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ ᠨᠡᠢᠭᠡᠮ ᠵᠢᠷᠤᠮ᠎ᠤᠨ ᠬᠢ ᠪᠠᠢᠬᠤ》 ᠦᠨᠳᠦᠰᠦᠨ ᠴᠢᠭᠯᠡᠯ᠎ᠢ ᠪᠠᠲᠤ ᠰᠠᠬᠢᠵᠤ᠂ ᠦᠵᠡᠯ ᠰᠠᠨᠠᠭ᠎ᠠ ᠤᠯᠤᠰ ᠲᠦᠷᠦ᠎ᠶᠢᠨ ᠵᠢᠯᠣᠭᠣᠳᠤᠮᠵᠢ᠎ᠶᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠤᠯᠤᠰ ᠲᠦᠷᠦ᠎ᠶᠢᠨ ᠬᠠᠮᠲᠤ᠎ᠶᠢᠨ ᠲᠠᠨᠢᠯᠲᠠ᠎ᠶᠢᠨ ᠬᠥᠮᠦᠵᠢᠯ᠎ᠢ ᠪᠣᠳᠠᠲᠠᠢ ᠠᠳᠬᠤᠵᠤ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ᠎ᠤ ᠰᠤᠳᠤᠯᠭᠠᠨ᠎ᠢᠶᠠᠷ ᠵᠠᠰᠠᠭ᠎ᠤᠨ ᠶᠠᠪᠤᠳᠠᠯ᠎ᠢ ᠵᠥᠪᠯᠡᠬᠦ ᠲᠦᠪᠰᠢᠨ᠎ᠢᠶᠡᠨ ᠳᠡᠭᠡᠭᠰᠢᠯᠡᠭᠦᠯᠵᠦ᠂ ᠰᠤᠷᠭᠠᠭᠤᠯᠢ ᠵᠢ ᠴᠢᠨᠭᠭ᠎ᠠ ᠵᠠᠰᠠᠵᠦ ᠵᠢᠭᠠᠨ ᠰᠤᠷᠭᠠᠯᠳᠠ ᠵᠢ ᠴᠢᠨᠭᠭ᠎ᠠ ᠵᠠᠰᠠᠵᠦ ᠰᠤᠷᠤᠯᠴᠠᠯᠭ᠎ᠠ᠎ᠶᠢ ᠴᠢᠨᠭᠭ᠎ᠠ ᠵᠠᠰᠠᠵᠦ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠦᠨᠡᠨ ᠬᠦ᠌ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠨᠢᠭᠡᠳᠦᠮᠡᠯ ᠹᠷᠣᠨᠲ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠨᠡᠢᠭᠡᠮ ᠵᠢᠷᠤᠮ᠎ᠤᠨ ᠳᠡᠬᠡᠳᠦ ᠰᠤᠷᠭᠠᠭᠤᠯᠢ ᠵᠢᠨ ᠬᠦᠴᠦᠨ ᠴᠢᠳᠠᠯ᠎ᠢ ᠡᠷᠭᠦᠬᠦ ᠬᠡᠷᠡᠭᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面