ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-29 10:02:59

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠪᠠ


10 ᠰᠠᠷ᠎ᠠ᠎ᠶᠢᠨ 28 ᠤ᠋ ᠡᠳᠦᠷ᠂ ᠪᠦᠬᠦ᠌ ᠣᠷᠣᠨ᠎ᠤ ᠬᠣᠰᠢᠭᠤ ᠰᠢᠶᠠᠨ (ᠬᠤᠳᠠ᠂ ᠲᠣᠭᠣᠷᠢᠭ) ᠤ᠋ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ᠎ᠶᠢᠨ ᠲᠤᠰᠬᠠᠢ ᠰᠡᠳᠦᠪᠲᠦ᠍ ᠪᠣᠯᠪᠠᠰᠤᠷᠠᠯ᠎ᠤᠨ ᠠᠩᠬᠢ ᠬᠥᠬᠡᠬᠣᠲᠠ᠎ᠳᠤ ᠰᠤᠷᠤᠯᠭ᠎ᠠ ᠡᠬᠢᠯᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠴᠡᠴᠡᠭ ᠰᠤᠷᠤᠯᠭ᠎ᠠ ᠡᠬᠢᠯᠡᠬᠦ᠌ ᠶᠣᠰᠣᠯᠠᠯ᠎ᠢ ᠡᠷᠭᠢᠯᠡᠪᠡ᠃

ᠲᠣᠰ ᠤᠳᠠᠭᠠᠨ ᠎ᠤ ᠪᠣᠯᠪᠠᠰᠤᠷᠠᠯ 3 ᠡᠳᠦᠷ ᠶᠠᠪᠤᠭᠳᠠᠨ᠎ᠠ᠂ ᠬᠣᠰᠢᠭᠤ ᠰᠢᠶᠠᠨ (ᠬᠣᠲᠠ᠂ ᠲᠤᠭᠤᠷᠢᠭ) ᠎ᠤ᠋ ᠤᠯᠤᠰ ᠲᠥᠷᠥ᠎ᠶᠢᠨ ᠵᠥᠪᠯᠡᠯᠭᠡᠨ᠎ᠦ ᠡᠭᠦᠷᠭᠡ ᠬᠠᠷᠢᠭᠤᠴᠠᠯᠭ᠎ᠠ ᠪᠡᠨ ᠭᠦᠢᠴᠡᠳᠬᠡᠬᠦ᠌ ᠬᠡᠷᠡᠭᠴᠡᠭᠡ ᠳ᠋ᠤ᠌ ᠠᠩᠬᠠᠷᠤᠯ᠎ᠢᠶᠠᠨ ᠲᠥᠪᠯᠡᠷᠡᠭᠦᠯᠦᠨ᠂ ᠶᠡᠷᠦᠩᠬᠡᠶ ᠱᠦᠵᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ᠌ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠢ ᠴᠢᠩᠭᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠢᠯᠠᠩᠭᠤᠶ᠎ᠠ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠤᠨᠤᠯ᠎ᠤᠨ ᠰᠤᠳᠤᠯᠭᠠᠨ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠪᠣᠳᠠᠲᠤ᠌ ᠠᠵᠢᠯᠯᠠᠭ᠎ᠠ᠎ᠶᠢ ᠤᠶᠠᠯᠳᠤᠭᠤᠯᠤᠨ᠂ ᠰᠤᠷᠤᠯᠭᠠᠲᠠᠨ᠎ᠤ ᠰᠢᠨ᠎ᠡ ᠴᠠᠭ ᠦᠶ᠎ᠡ᠎ᠶᠢᠨ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ ᠎ᠦ ᠰᠢᠨᠵᠢ ᠴᠢᠨᠠᠷ ᠎ᠤᠨ ᠪᠠᠶ᠋ᠢᠷᠢ ᠲᠣᠭᠲᠠᠭᠠᠯᠲᠠ᠂ ᠡᠭᠦᠷᠭᠡ ᠴᠢᠳᠠᠪᠬᠢ ᠵᠢᠨ ᠦᠢᠯᠡᠳᠦᠯ᠂ ᠠᠵᠢᠯ ᠎ᠤᠨ ᠵᠢᠮ᠎ᠡ ᠶᠣᠰᠣ ᠎ᠶᠢ ᠣᠨᠣᠪᠴᠢᠲᠠᠶ ᠡᠵᠡᠮᠰᠢᠵᠦ᠂ ᠲᠤᠰᠢᠶᠠᠯ᠎ᠬᠠᠷᠢᠭᠤᠴᠠᠯᠭ᠎ᠠ᠎ᠪᠠᠨ ᠭᠦᠢᠴᠡᠳᠬᠡᠬᠦ᠌ ᠴᠢᠳᠠᠪᠤᠷᠢ᠎ᠪᠠᠨ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》  ᠠᠵᠢᠯ ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠵᠢ ᠬᠦᠲᠦᠯᠦᠨ ᠵᠢᠯᠤᠭᠤᠳᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面