2026-10-30 15:03:04
10 ᠰᠠᠷ᠎ᠠ᠎ᠶᠢᠨ 29 ᠤ᠋ ᠦᠳᠡ᠎ᠶᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠭᠤᠴᠢᠨ ᠨᠢᠭᠡᠳᠦᠭᠡᠷ ᠬᠤᠷᠠᠯ ᠬᠥᠬᠡᠬᠣᠲᠠ᠎ᠳᠤ ᠬᠤᠷᠠᠯᠳᠤᠪᠠ᠃
ᠲᠤᠰ ᠤᠳᠠᠭ᠎ᠠ ᠵᠢᠨ ᠬᠤᠷᠠᠯ᠎ᠳᠤ ᠪᠠᠶ᠋ᠢᠩᠭᠤ᠎ᠶᠢᠨ ᠬᠣᠷᠢᠶ᠎ᠠ ᠵᠢᠨ 54 ᠪᠦᠷᠢᠯᠳᠦᠬᠦᠨ ᠣᠷᠣᠯᠴᠠᠵᠤ᠂ ᠬᠠᠤᠯᠢ᠎ᠳᠤ ᠲᠣᠭᠲᠠᠭᠠᠭᠰᠠᠨ ᠬᠥᠮᠦᠨ᠎ᠦ ᠲᠣᠭ᠎ᠠ᠎ᠳᠤ ᠨᠡᠶ᠋ᠢᠴᠡᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠎ᠦᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠪᠠᠶ᠋ᠢᠩᠭᠤ᠎ᠶᠢᠨ ᠳᠡᠳ᠋ ᠡᠷᠬᠢᠯᠡᠭᠴᠢ ᠵᠠᠩ ᠱᠤᠤ ᠴᠦᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠳᠡᠳ᠋ ᠡᠷᠬᠢᠯᠡᠭᠴᠢ ᠵᠧᠩ ᠬᠣᠩ ᠹᠠᠨ᠂ ᠳ᠋ᠢᠩ ᠰᠢᠤ ᠹᠸᠩ᠂ ᠮᠸᠩ ᠰᠢᠶᠠᠨ ᠳ᠋ᠦᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠲᠠᠩ ᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ ᠪᠠᠶ᠋ᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠢ᠃
ᠬᠤᠷᠠᠯ᠎ᠤᠨ ᠵᠥᠪᠯᠡᠬᠦ᠌ ᠵᠦᠢᠯᠡᠰ᠎ᠢ ᠪᠠᠲᠤᠯᠠᠭᠰᠠᠨ᠎ᠤ ᠳᠠᠷᠠᠭ᠎ᠠ᠂ ᠬᠤᠷᠠᠯ᠎ᠡᠴᠡ ᠯᠢ ᠢᠦᠶ ᠭᠠᠩ᠂ ᠲᠠᠩ ᠢ᠂ ᠯᠢ ᠶᠦᠩ ᠵᠢᠶᠦ᠋ᠨ᠎ᠦ ᠬᠢᠭᠰᠡᠨ ᠲᠤᠰᠢᠶᠠᠯ᠎ᠳᠤ ᠲᠣᠮᠢᠯᠠᠵᠤ ᠲᠤᠰᠢᠶᠠᠯ᠎ᠡᠴᠡ᠎ᠨᠢ ᠪᠠᠭᠤᠯᠭᠠᠬᠤ᠎ᠪᠠᠷ ᠳᠡᠪᠰᠢᠭᠦᠯᠦᠭᠰᠡᠨ ᠬᠥᠮᠦᠰ᠎ᠦᠨ ᠪᠠᠶ᠋ᠢᠳᠠᠯ᠎ᠤᠨ ᠲᠤᠬᠠᠶ ᠲᠣᠳᠣᠷᠬᠠᠶ᠋ᠢᠯᠠᠯᠲᠠ᠎ᠶᠢ ᠲᠣᠰ ᠲᠣᠰ ᠰᠣᠨᠣᠰᠴᠤ᠌᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠲᠥᠯᠥᠭᠡᠯᠡᠭᠴᠢᠳ ᠤ᠋ᠨ ᠬᠢᠷᠢ ᠬᠡᠮ᠎ᠢ ᠬᠢᠨᠠᠨ ᠪᠠᠶ᠋ᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ ᠭᠡᠰᠢᠭᠦᠨ ᠸᠠᠨ ᠴᠤᠤ ᠴᠢ᠎ᠶᠢᠨ ᠬᠢᠭᠰᠡᠨ ᠣᠨᠴᠠ ᠵᠠᠷᠢᠮ ᠲᠥᠯᠥᠭᠡᠯᠡᠭᠴᠢ᠎ᠶᠢᠨ ᠲᠥᠯᠥᠭᠡᠯᠡᠭᠴᠢ᠎ᠶᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶᠢ ᠰᠣᠨᠣᠰᠴᠤ᠌ ᠬᠢᠨᠠᠨ ᠵᠥᠪᠯᠡᠭᠰᠡᠨ ᠪᠥᠭᠡᠳ ᠡᠨᠡ ᠬᠦ᠌ ᠮᠡᠳᠡᠭᠦᠯᠦᠯᠲᠡ᠎ᠶᠢ ᠪᠠᠳᠤᠯᠠᠯᠳᠠ ᠬᠢᠵᠤ ᠪᠠᠲᠤᠯᠠᠪᠠ᠃
ᠬᠤᠷᠠᠯ᠎ᠡᠴᠡ᠂ ᠯᠢᠦ ᠱᠤᠸᠠᠩ ᠨᠥᠬᠥᠷ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭᠠᠬᠤ ᠵᠥᠪᠯᠡᠯ᠎ᠦᠨ ᠡᠷᠬᠢᠯᠡᠭᠴᠢ᠎ᠶᠢᠨ ᠲᠤᠰᠢᠶᠠᠯ᠎ᠡᠴᠡ᠎ᠪᠠᠨ ᠪᠠᠭᠤᠬᠤ ᠭᠤᠶᠤᠴᠢᠯᠠᠯ᠎ᠢ ᠬᠦᠯᠢᠶᠡᠨ ᠠᠪᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠲᠣᠭᠲᠠᠭᠠᠯ᠎ᠢ ᠬᠢᠨᠠᠨ ᠵᠥᠪᠯᠡᠭᠰᠡᠨ ᠪᠦᠭᠡᠳ ᠪᠠᠳᠤᠯᠠᠯᠳᠠ ᠬᠢᠵᠤ ᠪᠠᠲᠤᠯᠠᠪᠠ᠃
ᠬᠤᠷᠠᠯ᠎ᠡᠴᠡ ᠠᠵᠢᠯᠳᠠᠨ᠎ᠤ ᠶᠠᠪᠤᠳᠠᠯ᠎ᠤᠨ ᠲᠤᠰᠢᠶᠠᠯ᠎ᠳᠤ ᠲᠣᠮᠢᠯᠠᠵᠤ ᠲᠤᠰᠢᠶᠠᠯ᠎ᠡᠴᠡ᠎ᠨᠢ ᠪᠠᠭᠤᠯᠭᠠᠬᠤ ᠵᠦᠢᠯᠡᠰ᠎ᠢ ᠪᠠᠲᠤᠯᠠᠵᠤ᠂ ᠸᠠᠩ ᠽᠢ ᠯᠢᠶᠠᠨᠢ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ᠎ᠪᠡᠷ ᠲᠣᠮᠢᠯᠠᠪᠠ; ᠾᠧ ᠸᠧᠶ ᠬᠤᠸᠠ᠎ᠶᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠎ᠶᠢᠨ ᠲᠤᠰᠢᠶᠠᠯ᠎ᠳᠤ ᠲᠣᠮᠢᠯᠠᠬᠤ᠎ᠪᠠᠷ ᠲᠣᠭᠲᠠᠪᠠ᠃
ᠬᠤᠷᠠᠯ᠎ᠡᠴᠡ ᠸᠠᠩ ᠽᠢ ᠯᠢᠶᠠᠨ ᠨᠥᠬᠥᠷ᠎ᠢᠶᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠡᠷᠭᠢᠯᠡᠭᠴᠢ᠎ᠶᠢᠨ ᠲᠤᠰᠢᠶᠠᠯ᠎ᠢ ᠣᠷᠣᠯᠠᠨ ᠡᠬᠦᠷᠬᠡᠯᠡᠬᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠲᠣᠭᠲᠠᠭᠠᠯ᠎ᠢ ᠬᠢᠨᠠᠨ ᠵᠥᠪᠯᠡᠭᠰᠡᠨ ᠪᠦᠭᠡᠳ ᠪᠠᠲᠤᠯᠠᠯᠲᠠ ᠬᠢᠵᠦ ᠪᠠᠲᠤᠯᠠᠪᠠ᠃
ᠵᠠᠩ ᠱᠤᠤ ᠴᠦᠨ ᠡᠴᠡ ᠾᠧ ᠸᠧᠢ ᠬᠤᠸᠠ ᠵᠡᠷᠭᠡ ᠰᠢᠨ᠎ᠡ᠎ᠪᠡᠷ ᠲᠤᠰᠢᠶᠠᠯ᠎ᠳᠤ ᠳᠤᠮᠢᠯᠠᠭᠳᠠᠭᠰᠠᠳ ᠲᠦ᠍ ᠲᠤᠰᠢᠶᠠᠯ᠎ᠳᠤ ᠲᠣᠮᠢᠯᠠᠬᠤ ᠪᠢᠴᠢᠭ ᠭᠠᠷᠳᠠᠭᠤᠯᠵᠠᠢ᠃
ᠰᠢᠨ᠎ᠡ᠎ᠪᠡᠷ ᠲᠤᠰᠢᠶᠠᠯ᠎ᠳᠤ ᠳᠤᠮᠢᠯᠠᠭᠳᠠᠭᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭᠠᠷᠢᠭ᠍ᠯᠠᠵᠤ᠂ ᠾᠧ ᠸᠧᠢ ᠬᠤᠸᠠ ᠳᠠᠭᠠᠭᠤᠯᠤᠨ ᠲᠠᠩᠭᠠᠷᠢᠭ᠍ᠯᠠᠭᠰᠠᠨ ᠪᠥᠭᠡᠳ ᠣᠪᠣᠷ᠎ᠢᠶᠠᠨ ᠢᠯᠡᠳᠬᠡᠬᠦ ᠦᠭᠡ ᠬᠡᠯᠡᠵᠡᠢ᠃
ᠬᠤᠷᠠᠯ᠎ᠡᠴᠡ᠂ ᠲᠤᠰ ᠤᠳᠠᠭᠠᠨ᠎ᠤ ᠬᠤᠷᠠᠯ᠎ᠳᠤ ᠠᠵᠢᠯᠲᠠᠨ᠎ᠤ ᠶᠠᠪᠤᠳᠠᠯ᠎ᠤᠨ ᠬᠣᠯᠪᠣᠭᠳᠠᠯ ᠪᠦᠬᠦᠢ ᠵᠦᠢᠯᠡᠰ᠎ᠢ ᠪᠠᠲᠤᠯᠠᠪᠠ᠃ ᠰᠢᠨ᠎ᠡ᠎ᠪᠡᠷ ᠲᠣᠮᠢᠯᠠᠭᠳᠠᠭᠰᠠᠳ ᠦᠨᠳᠦᠰᠦᠨ ᠬᠠᠤᠯᠢ ᠪᠣᠯᠣᠨ ᠬᠠᠤᠯᠢ ᠴᠠᠭᠠᠵᠠ᠎ᠡᠴᠡ ᠣᠯᠭᠣᠭᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠂ ᠲᠥᠪ ᠭᠣᠣᠯᠴᠢ᠎ᠪᠠᠷ ᠡᠷᠬᠡ᠎ᠪᠡᠨ ᠬᠡᠷᠡᠭᠯᠡᠬᠦ᠂ ᠬᠠᠤᠯᠢ ᠶᠣᠰᠣᠭᠠᠷ ᠡᠷᠬᠡ᠎ᠪᠡᠨ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠡᠨ ᠬᠡᠷᠡᠭᠯᠡᠬᠦ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠬᠦ᠎ᠶᠢ ᠪᠠᠷᠢᠮᠲᠠᠯᠠᠵᠤ᠂ ᠰᠠᠨᠠᠭᠠᠴᠢᠯᠠᠭ᠎ᠠ᠎ᠡᠴᠡ᠎ᠪᠠᠨ ᠠᠷᠠᠳ ᠲᠦᠮᠡᠨ᠎ᠦ ᠬᠢᠨᠠᠯᠲᠠ᠎ᠶᠢ ᠬᠦᠯᠢᠶᠡᠵᠦ᠂ ᠪᠣᠳᠠᠲᠠᠢ ᠠᠵᠢᠯᠯᠠᠵᠤ ᠪᠣᠳᠠᠲᠤ ᠠᠮᠵᠢᠯᠲᠠ᠎ᠪᠠᠷ᠎ᠢᠶᠠᠨ ᠪᠦᠭᠦ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠭᠦ᠎ᠶᠢ ᠬᠦᠰᠡᠵᠦ ᠪᠠᠢᠨ᠎ᠠ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠤᠨ ᠤᠯᠠᠭᠠᠨᠴᠠᠪ ᠬᠣᠲᠠ᠎ᠳᠤ ᠭᠦᠨᠵᠡᠭᠡᠢᠷᠡᠨ ᠰᠢᠨᠵᠢᠯᠡᠨ ᠪᠠᠢᠴᠠᠭᠠᠬᠰᠠᠨ ᠨᠢ ᠪᠦᠭᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠥᠷᠥ᠎ᠶᠢᠨ ᠠᠮᠢᠳᠤᠷᠠᠯ᠎ᠳᠠᠬᠢ ᠲᠣᠮᠣ᠌ ᠶᠠᠪᠤᠳᠠᠯ ᠪᠣᠯᠣᠨ᠎ᠠ᠃ ᠰᠢᠨᠵᠢᠯᠡᠨ ᠪᠠᠢᠴᠠᠭᠠᠬᠤ ᠬᠤᠭᠤᠴᠠᠭᠠᠨ᠎ᠳᠤ ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠦ ᠴᠢᠬᠤᠯᠠ ᠵᠢᠭᠠᠪᠤᠷᠢ ᠥᠭᠴᠦ ᠂ ᠢᠮᠠᠭᠲᠠ ᠳᠤᠭᠤᠰᠢᠯᠠᠭᠤᠯᠬᠤ ᠴᠢᠬᠤᠯᠠ ᠱᠠᠭᠠᠷᠳᠠᠯᠭ᠎ᠠ ᠪᠠᠢᠬᠤ ᠪᠥᠭᠡᠳ ᠪᠠᠰᠠ ᠴᠠᠭ ᠦᠶ᠎ᠡ᠎ᠶᠢ ᠲᠠᠭᠠᠨ ᠪᠦᠭᠦ ᠲᠠᠯ᠎ᠠ᠎ᠪᠠᠷ ᠤᠷᠤᠭᠰᠢᠯᠠᠬᠤ ᠰᠢᠨ᠎ᠡ ᠦᠵᠡᠯᠲᠡ ᠰᠢᠨ᠎ᠡ ᠪᠠᠢᠷᠢᠯᠠᠭᠤᠯᠤᠯᠲᠠ᠎ᠲᠠᠢ ᠪᠠᠢᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠲᠥᠯᠥᠪᠵᠢᠭᠦᠯᠵᠦ ᠂ ᠰᠠᠢᠲᠤᠷ ᠪᠡᠶᠡᠯᠡᠭᠦᠯᠬᠦ᠎ᠳᠦ ᠴᠦ᠍ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠪᠠᠢᠩᠭᠤ᠎ᠶᠢᠨ ᠬᠤᠷᠢᠶ᠎ᠠ ᠵᠢᠨ ᠪᠦᠷᠢᠯᠳᠦᠭᠦᠨ ᠨᠠᠷ ᠳᠡᠭᠡᠳᠦ ᠬᠡᠮᠵᠢᠶᠡᠨ᠎ᠦ ᠤᠯᠤᠰ ᠲᠥᠷᠥ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠂ ᠦᠶ᠋ᠯᠡ ᠠᠵᠢᠯᠯᠠᠭ᠎ᠠ᠎ᠶᠢᠨ ᠤᠬᠠᠮᠰᠠᠷ᠎ᠢᠶᠠᠷ ᠰᠤᠷᠤᠯᠴᠠᠨ ᠲᠤᠭᠤᠰᠢᠯᠠᠭᠤᠯᠵᠤ ᠨᠠᠢᠳᠠᠪᠤᠷᠢᠵᠢᠭᠤᠯᠬᠤ ᠠᠵᠢᠯ᠎ᠢ ᠪᠦᠭᠦ ᠲᠠᠯ᠎ᠠ᠎ᠪᠠᠷ ᠰᠠᠢᠲᠤᠷ ᠠᠳᠬᠤᠵᠤ᠂ ᠪᠠᠢᠩᠭᠤ᠎ᠶᠢᠨ ᠬᠤᠷᠢᠶ᠎ᠠ ᠵᠢᠨ ᠬᠠᠤᠯᠢ ᠲᠣᠭᠲᠠᠭᠠᠬᠤ ᠪᠠᠲᠤᠯᠠᠭ᠎ᠠ᠎ᠶᠢ ᠴᠢᠩᠭᠠᠳᠬᠠᠬᠤ ᠂ ᠬᠢᠨᠠᠯᠲᠠ ᠲᠠᠯᠪᠢᠵᠤ ᠠᠬᠢᠭᠤᠯᠬᠤ᠎ᠶᠢ ᠴᠢᠩᠭᠠᠳᠬᠠᠬᠤ᠂ ᠲᠥᠯᠥᠭᠡᠯᠡᠭᠴᠢᠳ᠎ᠦᠨ ᠦᠢᠯᠡᠳᠦᠯ᠎ᠢ ᠪᠠᠳᠠᠷᠠᠭᠤᠯᠬᠤ᠎ᠳᠤ ᠬᠦᠴᠦᠨ ᠴᠢᠳᠠᠯ᠎ᠢᠶᠠᠨ ᠡᠷᠭᠦᠵᠦ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠠᠵᠢᠯ᠎ᠤᠨ ᠪᠠᠢᠭᠤᠯᠤᠮᠵᠢ᠎ᠶᠢᠨ ᠬᠠᠷᠢᠭᠤᠴᠠᠯᠭᠠᠲᠠᠨ ᠨᠦᠬᠦᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠦᠬᠦᠳ ᠬᠤᠷᠠᠯ᠎ᠳᠤ ᠰᠤᠯᠠ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃