ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-31 16:46:48

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠥᠩ ᠬᠤᠷᠠᠯ ᠢ᠋ ᠡᠷᠭᠢᠯᠡᠵᠠᠢ


10 ᠰᠠᠷ᠎ᠠ᠎ᠶᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠬᠤᠷᠠᠯ᠎ᠢ ᠡᠷᠭᠢᠯᠡᠵᠠᠢ᠃

ᠬᠤᠷᠠᠯ ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠴᠢᠬᠤᠯᠠ ᠬᠤᠷᠠᠯ ᠪᠣᠯᠣᠨ᠎ᠠ᠃ ᠪᠦᠬᠦᠳᠠ ᠬᠤᠷᠠᠯ ᠡᠴᠡ ᠬᠢᠨᠠᠨ ᠵᠥᠪᠯᠡᠵᠦ ᠪᠠᠲᠤᠯᠠᠭᠰᠠᠨ 《ᠪᠦᠬᠦ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ᠎ᠶᠢ ᠴᠦᠬᠦᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ  ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠨᠢ ᠰᠢᠨ᠎ᠡ ᠴᠠᠭ ᠦᠶ᠎ᠡ᠎ᠳᠦ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠠᠭᠤᠤ ᠶᠡᠬᠡ  ᠠᠮᠵᠢᠯᠲᠠ ᠪᠦᠲᠦᠮᠵᠢ  ᠪᠣᠯᠣᠨ ᠡᠷᠬᠢᠮ ᠨᠠᠨᠳᠢᠨ ᠲᠤᠷᠰᠢᠯᠭ᠎ᠠ᠎ᠶᠢ ᠭᠦᠨᠵᠡᠭᠡᠢ ᠳ᠋ᠦᠩᠨᠡᠵᠦ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠪᠠᠢᠳᠠᠯ ᠪᠣᠯᠣᠨ ᠡᠭᠦᠷᠭᠡ᠎ᠶᠢ ᠭᠦᠨᠵᠡᠭᠡᠢ ᠵᠠᠳᠠᠯᠵᠤ᠂ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠢᠶᠡᠨ ᠬᠦᠴᠦᠷᠬᠡᠭᠵᠢᠭᠦᠯᠬᠦ ᠳ᠋ᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠬᠢᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠦᠬᠦᠳᠠ ᠬᠤᠷᠠᠯ᠎ᠤᠨ 《ᠲᠣᠭᠲᠠᠭᠠᠯ》 ᠢ᠋ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠯᠤᠭ᠎ᠠ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠦᠬᠦᠷᠡᠰᠢ ᠦᠭᠡᠢ ᠪᠠᠷᠢᠮᠳᠠᠯᠠᠨ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

ᠬᠤᠷᠠᠯ ᠡᠴᠡ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ᠂ ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠳ᠋ᠤ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ᠎ᠶᠢ ᠭᠦᠨᠵᠡᠭᠡᠢ ᠲᠠᠨᠢᠬᠤ ᠬᠡᠷᠡᠭᠲᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠤᠢᠯ᠎ᠤᠨ ᠶᠡᠬᠡ ᠤᠯᠤᠰ ᠲᠦᠷᠦ᠎ᠶᠢᠨ ᠰᠥᠰᠥ ᠵᠣᠷᠢᠭ᠋ ᠪᠣᠯᠣᠨ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ᠂ ᠬᠢᠲᠤᠭᠠᠨ ᠢᠷ ᠢ᠋ ᠳᠣᠲᠣᠭ᠍ᠰᠢ ᠬᠠᠨᠳᠤᠭᠤᠯᠵᠤ᠂ ᠬᠦᠨᠳᠦ ᠡᠷᠡᠭᠦᠦ ᠬᠠᠦᠯᠢ᠎ᠪᠡᠷ ᠰᠠᠮᠠᠭᠤᠷᠠᠯ᠎ᠢ ᠵᠠᠰᠠᠵᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠲᠡᠬᠡᠷ᠎ᠡ ᠠᠭᠤᠵᠢᠭᠤ ᠰᠤᠯᠠ ᠵᠥᠭᠡᠯᠡᠨ ᠪᠠᠢᠭᠰᠠᠨ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠤᠷᠳᠤ ᠬᠤᠭᠤᠴᠠᠭ᠎ᠠ᠎ᠪᠠᠷ ᠬᠣᠷᠢᠭ᠍ᠯᠠᠨ ᠵᠤᠭᠰᠤᠭᠠᠵᠤ ᠴᠢᠳᠠᠭᠰᠠᠨ ᠦᠭᠡᠢ ᠵᠠᠷᠢᠮ ᠭᠠᠵᠢᠭᠤ ᠰᠤᠷᠲᠠᠯ᠎ᠢ ᠬᠣᠷᠢᠭ᠍ᠯᠠᠨ ᠵᠤᠭᠰᠤᠭᠠᠵᠤ᠂ ᠤᠯᠠᠨ ᠵᠢᠯ ᠠᠷᠢᠯᠭᠠᠭᠠᠳᠤᠢ ᠪᠠᠢᠭᠰᠠᠨ ᠵᠠᠷᠢᠮ ᠠᠷᠬᠠᠭ ᠭᠡᠮ᠎ᠢ ᠵᠠᠯᠠᠷᠠᠭᠤᠯᠤᠨ ᠵᠠᠰᠠᠵᠤ᠂ ᠨᠠᠮ᠂ ᠤᠯᠤᠰ᠂ ᠴᠡᠷᠢᠭ ᠠᠩᠭᠢ᠎ᠶᠢᠨ ᠳᠣᠲᠣᠭᠠᠳᠤ᠎ᠳᠤ ᠣᠷᠣᠰᠢᠵᠤ ᠪᠠᠢᠭᠰᠠᠨ ᠬᠦᠨᠳᠦ ᠨᠣᠴᠢᠲᠠᠢ ᠬᠡᠮ ᠰᠤᠭᠤᠭ᠎ᠢ ᠠᠷᠢᠯᠭᠠᠭᠰᠠᠨ ᠵᠢᠡᠷ ᠨᠠᠮ ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠲᠠᠢ ᠪᠣᠯᠵᠠᠢ᠃ ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠵᠠᠭᠤᠨ ᠵᠢᠯ᠎ᠦᠨ ᠲᠣᠮᠣ᠌ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠰᠢᠨ᠎ᠡ ᠠᠬᠤᠢ ᠪᠠᠢᠳᠠᠯ᠎ᠢ ᠨᠡᠭᠡᠭᠡᠵᠦ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠵᠤ᠂ ᠨᠠᠮ ᠪᠣᠯᠣᠨ ᠠᠷᠠᠳ ᠲᠦᠮᠡᠨ ᠨᠠᠮ ᠵᠢᠡᠨ ᠬᠦᠴᠦᠷᠬᠡᠭᠵᠢᠭᠦᠯᠵᠤ ᠤᠯᠤᠰ ᠵᠢᠡᠨ ᠬᠦᠴᠦᠷᠬᠡᠭᠵᠢᠭᠦᠯᠬᠦ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠲᠡᠮᠡᠴᠡᠨ ᠣᠯᠪᠠ᠃ ᠡᠳᠡᠭᠡᠷ ᠠᠮᠵᠢᠯᠲᠠ ᠪᠦᠲᠦᠮᠵᠢ᠎ᠶᠢ ᠣᠯᠣᠭᠰᠠᠨ᠎ᠤ ᠦᠨᠳᠦᠰᠦᠨ ᠰᠢᠯᠳᠠᠭᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠪᠢᠳᠡ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠠᠭᠤᠤ ᠶᠡᠬᠡ ᠨᠠᠮ ᠪᠠᠶ᠋ᠢᠭᠤᠯᠤᠭᠰᠠᠨ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ 《ᠭᠤᠷᠪᠠᠨ ᠡᠷᠬᠡᠪᠰᠢ》 ᠶ᠋ᠢ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠰᠢᠯᠢᠳᠡᠭ ᠣᠨᠴᠠᠯᠢᠭ᠋ ᠰᠢᠨᠵᠢ ᠵᠢ ᠲᠠᠰᠤᠷᠠᠯᠳᠠ ᠦᠭᠡᠢ ᠪᠠᠳᠠᠷᠠᠭᠤᠯᠵᠤ᠂ ᠨᠠᠮ᠎ᠤᠨ ᠥᠪᠡᠷ᠎ᠪᠡᠶ᠎ᠡ ᠵᠢᠨ ᠬᠤᠪᠢᠰᠬᠠᠯ ᠬᠢᠬᠦ ᠵᠢ ᠨᠡᠩ ᠬᠦᠴᠦᠯᠡᠨ ᠬᠦᠨᠵᠡᠬᠡᠢᠷᠡᠬᠦᠯᠦᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ᠎ᠡᠴᠡ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃ ᠨᠠᠮᠴᠢ ᠴᠢᠨᠠᠷ᠎ᠢ ᠴᠢᠩᠭᠠᠳᠬᠠᠬᠤ ᠡᠨᠡ ᠬᠦ᠌ ᠦᠨᠳᠦᠰᠦᠨ ᠴᠢᠨᠠᠷᠲᠠᠢ ᠡᠭᠦᠷᠭᠡ᠎ᠶᠢ ᠪᠣᠳᠠᠲᠠᠢᠵᠢᠭᠤᠯᠵᠤ᠂ ᠨᠠᠮ᠎ᠤᠨ ᠰᠢᠨ᠎ᠡ ᠡᠭᠦᠳᠦᠯᠲᠡ᠎ᠵᠢᠨ ᠣᠨᠣᠯ ᠵᠢᠠᠷ ᠰᠡᠳᠬᠢᠯ ᠢ᠋ ᠨᠢᠭᠲᠠᠷᠠᠭᠤᠯᠤᠨ ᠰᠦᠭ ᠰᠦᠨᠡᠰᠦ᠎ᠵᠢ ᠱᠤᠭᠤᠬᠤ᠎ᠵᠢ ᠪᠠᠷᠢᠮᠳᠠᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠬᠢᠨ᠎ᠤ ᠡᠪ ᠬᠠᠮᠳᠤᠴᠤᠳ᠎ᠤᠨ ᠤᠯᠤᠰ ᠲᠥᠷᠥ᠎ᠶᠢᠨ ᠤᠤᠷ ᠴᠢᠨᠠᠷ᠎ᠢᠶᠠᠨ ᠢᠮᠠᠭᠲᠠ ᠪᠠᠳᠤᠯᠠᠬᠤ᠎ᠶᠢ ᠠᠬᠢᠭᠤᠯᠬᠤ ᠬᠡᠷᠡᠭᠳᠡᠢ᠃ ᠨᠠᠮ᠎ᠤᠨ ᠲᠥᠪ ᠬᠤᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠤᠨ ᠶᠠᠰᠦ ᠴᠢᠨᠠᠷ ᠢ᠋ ᠳᠡᠭᠡᠭᠰᠢᠯᠡᠭᠦᠯᠵᠦ᠂ ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠪᠠᠢᠭᠤᠯᠤᠯ᠎ᠤᠨ ᠳᠠᠪᠠᠭᠤᠯᠢᠭ᠋᠂ ᠠᠵᠢᠯ᠎ᠤᠨ ᠳᠠᠪᠠᠭᠤᠯᠢᠭ᠋᠎ᠢ ᠨᠡᠩ ᠰᠠᠢᠲᠤᠷ ᠪᠠᠳᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠤᠭᠤᠮ᠎ᠢ ᠲᠤᠭᠤᠰᠢᠯᠠᠭᠤᠯᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ᠎ᠶᠢ ᠪᠠᠷᠢᠮᠲᠠᠯᠠᠨ᠂ ᠺᠠᠳ᠋ᠷᠴᠤᠳ᠎ᠤᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠰᠠᠢᠲᠠᠢ᠂ ᠣᠪᠣᠷ ᠰᠤᠷᠲᠠᠯ ᠰᠢᠯᠢᠳᠡᠭ ᠰᠠᠢᠨ᠂ ᠰᠠᠬᠢᠯᠭ᠎ᠠ ᠪᠠᠲᠤ ᠴᠢᠩᠭ᠎ᠠ ᠪᠦᠬᠦᠢ ᠥᠨᠳᠥᠷ ᠬᠡᠪ ᠪᠤᠯᠪᠠᠰᠤᠷᠠᠯ ᠲᠠᠢ ᠺᠠᠳ᠋ᠷ᠎ᠤᠨ ᠡᠩᠨᠡᠭᠡ᠎ᠶᠢ ᠬᠦᠴᠦᠯᠡᠨ ᠪᠠᠶ᠋ᠢᠭᠤᠯᠬᠤ ᠬᠡᠷᠡᠭᠲᠡᠢ᠃ ᠡᠯ᠎ᠡ ᠬᠦᠷᠢᠶ᠎ᠡ ᠴᠠᠷᠠᠭ᠎ᠠ ᠡᠯ᠎ᠡ ᠱᠠᠲᠤ ᠳᠠᠪᠬᠤᠷᠭ᠎ᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠥ᠎ᠶᠢᠨ ᠦᠢᠯᠡᠳᠦᠯ ᠴᠢᠳᠠᠪᠬᠢ ᠪᠣᠯᠣᠨ ᠵᠣᠬᠢᠶᠠᠨ ᠪᠠᠢᠭᠤᠯᠤᠯᠲᠠ᠎ᠶᠢᠨ ᠦᠢᠯᠡᠳᠦᠯ ᠴᠢᠳᠠᠪᠬᠢ᠎ᠶᠢ ᠴᠢᠩᠭᠠᠳᠬᠠᠵᠤ᠂ ᠨᠠᠮ᠎ᠤᠨ ᠱᠤᠭᠤᠮ ᠴᠢᠭᠯᠡᠯᠲᠡ ᠲᠥᠷᠥ᠎ᠶᠢᠨ ᠪᠣᠳᠣᠯᠭ᠎ᠠ ᠪᠣᠯᠣᠨ ᠨᠠᠮ᠎ᠤᠨ ᠲᠥᠪ ᠬᠤᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳ᠋ᠤ ᠳᠡᠭᠡᠳᠦ ᠳᠣᠣᠷᠠᠳᠤ ᠱᠠᠲᠤ᠎ᠪᠠᠷ᠎ᠢᠶᠠᠨ ᠬᠠᠮᠵᠢᠯᠴᠠᠵᠤ᠂ ᠵᠦᠪ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠢᠬᠤ᠎ᠶᠢ ᠪᠠᠲᠤᠯᠠᠬᠤ ᠬᠡᠷᠡᠭᠲᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠎ᠶᠢ ᠬᠠᠷᠢᠯᠴᠠᠨ ᠤᠶᠠᠯᠳᠤᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶᠢ ᠠᠬᠢᠭᠤᠯᠬᠤ ᠬᠡᠷᠡᠭᠲᠡᠢ᠃ ᠢᠯᠵᠢᠷᠠᠯ᠎ᠢ ᠵᠠᠯᠬᠠᠭᠠᠨ ᠰᠢᠢᠳᠬᠡᠵᠤ ᠵᠠᠰᠠᠬᠤ ᠰᠦᠷ ᠬᠦᠴᠦᠳᠤ  ᠪᠠᠢᠳᠠᠯ᠎ᠢ ᠪᠠᠲᠤᠯᠠᠵᠤ᠂ ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠨ᠂ ᠢᠯᠵᠢᠷᠡᠬᠦ᠎ᠡᠴᠡ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ ᠶᠡᠷᠦᠩᠬᠡᠢᠯᠡᠭᠰᠡᠨ ᠦᠷ᠎ᠡ ᠪᠦᠳᠦᠮᠵᠢ ᠦᠢᠯᠡᠳᠦᠯ᠎ᠢ ᠴᠢᠩᠭᠠᠳᠬᠠᠬᠤ ᠬᠡᠷᠡᠭᠲᠡᠢ᠃ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ᠎ᠳᠤ ᠬᠦᠴᠦᠲᠡᠢ ᠳᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ᠃ ᠬᠢᠨᠠᠯᠲᠠ ᠲᠠᠯᠪᠢᠬᠤ ᠰᠢᠰᠲᠧᠮ᠎ᠢ ᠬᠦᠴᠦᠯᠡᠨ ᠲᠡᠭᠦᠯᠳᠡᠷᠵᠢᠭᠦᠯᠵᠦ᠂ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠪᠣᠯᠣᠨ ᠡᠯ᠎ᠡ ᠲᠠᠯ᠎ᠠ᠎ᠶᠢᠨ ᠬᠢᠨᠠᠯᠲᠠ ᠲᠠᠯᠪᠢᠬᠤ ᠵᠢᠨ ᠭᠦᠨᠵᠡᠭᠡᠢ ᠠᠭᠤᠰᠤᠯᠴᠠᠬᠤ᠂ ᠥᠨᠳᠥᠷ ᠪᠦᠲᠦᠮᠵᠢᠲᠡᠢ᠎ᠪᠡᠷ ᠬᠣᠯᠪᠤᠭᠠᠯᠠᠨ ᠬᠥᠳᠡᠯᠦᠯᠴᠡᠬᠦ᠎ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠩᠭᠠᠳᠬᠠᠨ ᠪᠣᠳᠠᠲᠠᠢᠵᠢᠭᠤᠯᠵᠤ᠂ ᠬᠠᠷᠢᠭᠤᠴᠠᠯᠭ᠎ᠠ᠎ᠶᠢ ᠲᠤᠭᠤᠰᠢᠳᠠᠢ ᠨᠠᠢᠳᠠᠪᠤᠷᠢᠵᠢᠭᠤᠯᠬᠤ᠎ᠪᠠᠷ ᠠᠵᠢᠯ᠎ᠢᠶᠠᠨ ᠲᠤᠭᠤᠰᠢᠳᠠᠢ ᠬᠢᠬᠦ᠎ᠶᠢ ᠠᠬᠢᠭᠤᠯᠬᠤ ᠬᠡᠷᠡᠭᠲᠡᠢ᠃ ᠵᠢᠯ᠎ᠦᠨ ᠡᠴᠤᠰ ᠤᠨ᠎ᠤ ᠡᠬᠢᠨ᠎ᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ ᠃

ᠬᠤᠷᠠᠯ᠎ᠡᠴᠡ᠂ 10 ᠰᠠᠷ᠎ᠠ᠎ᠶᠢᠨ 23 ᠤ᠋ ᠡᠳᠦᠷ᠎ᠦᠨ ᠨᠠᠮ ᠤ᠋ᠨ ᠲᠦᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠤᠯᠤᠰ ᠲᠦᠷᠦ᠎ᠶᠢᠨ ᠲᠣᠭᠣᠷᠢᠨ ᠪᠠᠢᠴᠠᠭᠠᠯᠲᠠ᠎ᠶᠢᠨ ᠬᠤᠷᠴᠠ ᠰᠡᠯᠡᠮ᠎ᠡ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠲᠣᠭᠣᠷᠢᠨ ᠪᠠᠢᠴᠠᠭᠠᠵᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠴᠡᠭᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠴᠡᠭᠴᠡᠯᠡᠨ ᠰᠠᠢᠵᠢᠷᠠᠭᠤᠯᠬᠤ ᠳ᠋ᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠲᠣᠭᠣᠷᠢᠨ ᠪᠠᠢᠴᠠᠭᠠᠯᠲᠠ᠎ᠶᠢᠨ 《ᠰᠡᠭᠦᠯᠴᠢ᠎ᠶᠢᠨ ᠬᠠᠭᠠᠰ ᠠᠵᠢᠯ》᠎ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠵᠤ᠂ ᠴᠡᠭᠴᠡᠯᠡᠨ ᠰᠠᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ᠎ᠪᠡᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠲᠥᠪᠡᠳ᠎ᠦᠨ ᠨᠠᠬᠴᠦ᠋ ᠬᠣᠲᠠ᠎ᠶᠢᠨ ᠪᠠᠴᠸᠨ ᠰᠢᠶᠠᠨ᠎ᠳ᠋ᠤ 7.0 ᠲᠠᠰ᠎ᠤᠨ ᠭᠠᠵᠠᠷ ᠬᠥᠳᠡᠯᠦᠭᠰᠡᠨ ᠲᠤᠬᠠᠢ ᠴᠢᠬᠤᠯᠠ ᠵᠢᠭᠠᠪᠤᠷᠢ ᠪᠣᠯᠣᠨ ᠶᠡᠷᠦᠩᠬᠡᠢ ᠰᠠᠢᠳ ᠯᠢ ᠴᠢᠶᠠᠩ᠎ᠤᠨ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠡᠯ᠎ᠤᠨ ᠰᠡᠳᠬᠢᠬᠦᠢ᠎ᠶᠢ ᠴᠢᠩᠭᠠᠳᠬᠠᠵᠤ᠂ ᠴᠠᠭ ᠢᠮᠠᠬᠳᠠ ᠰᠠᠨᠠᠭ᠎ᠠ ᠠᠮᠤᠷ ᠦᠭᠡᠢ ᠪᠠᠢᠬᠤ ᠬᠠᠷᠢᠭᠤᠴᠠᠯᠭᠠᠳᠤ ᠰᠡᠳᠭᠢᠯᠭᠡ ᠪᠡᠷ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠡᠴᠡ ᠠᠪᠤᠷᠠᠬᠤ ᠠᠵᠢᠯ᠎ᠢ ᠰᠠᠢᠲᠤᠷ ᠠᠳᠬᠤᠬᠤ ᠬᠡᠷᠡᠭᠲᠡᠢ᠃ ᠭᠠᠵᠠᠷ ᠬᠥᠳᠡᠯᠦᠯᠲᠡ᠎ᠶᠢᠨ ᠭᠠᠮᠰᠢᠭ᠋᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠵᠤ᠂ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠰᠠᠢᠲᠤᠷ ᠬᠢᠵᠦ᠂ ᠭᠠᠮᠰᠢᠭ᠋᠎ᠢ ᠰᠡᠷᠭᠡᠢᠯᠡᠵᠦ ᠠᠶᠤᠯ᠎ᠡᠴᠡ ᠵᠠᠢᠯᠠᠬᠤ ᠤᠬᠠᠭᠤᠯᠭ᠎ᠠ᠎ᠶᠢ ᠪᠠᠢᠩᠭᠤ ᠥᠷᠨᠢᠭᠦᠯᠵᠦ᠂ ᠭᠠᠵᠠᠷ ᠬᠥᠳᠡᠯᠦᠯᠲᠡ᠎ᠶᠢ ᠰᠡᠷᠭᠡᠢᠯᠡᠵᠦ ᠭᠠᠵᠠᠷ ᠬᠥᠳᠡᠯᠦᠯᠲᠡ᠎ᠶᠢ ᠡᠰᠡᠷᠭᠦᠴᠡᠬᠦ ᠪᠠ ᠪᠠᠴᠢᠮ ᠪᠠᠢᠳᠠᠯ᠎ᠢ ᠠᠷᠭᠠᠴᠠᠭᠠᠵᠦ ᠠᠪᠤᠷᠠᠨ ᠲᠤᠰᠠᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面