ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-10-31 16:48:16

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠦᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ  

ᠪᠦᠦ ᠭᠠᠩ     ᠵᠠᠩ ᠶᠠᠨ ᠺᠦᠨ    ᠱᠢ ᠭᠤᠸᠠᠩ ᠬᠤᠢ  ᠣᠷᠣᠯᠴᠠᠪᠠ


10 ᠰᠠᠷ᠎ᠠ᠎ᠶᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠳ᠋᠎ᠦᠨ ᠵᠠᠰᠠᠭ ᠠᠵᠤ ᠠᠬᠤᠢ᠎ᠶᠢᠨ ᠬᠣᠷᠢᠶ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ᠎ᠤ ᠠᠵᠤ ᠠᠬᠤᠢ᠎ᠶᠢᠨ ᠡᠷᠭᠢᠯᠲᠡ᠎ᠶᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠲᠠᠷᠠᠭᠠᠴᠢ᠎ᠶᠢᠨ ᠱᠠᠲᠤᠨ᠎ᠤ ᠠᠵᠤ ᠠᠬᠤᠢ᠎ᠶᠢᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠨᠠᠮ᠎ᠤᠨ ᠬᠣᠷᠢᠶ᠎ᠠ ᠵᠢᠨ ᠡᠳ᠋᠎ᠦᠨ ᠵᠠᠰᠠᠭ ᠠᠵᠤ ᠠᠬᠤᠢ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂  ᠨᠠᠮ ᠎ᠤᠨ ᠬᠣᠷᠢᠳᠤᠭᠠᠷ ᠬᠤᠭᠤᠴᠠᠭᠠᠨ ᠎ᠤ  ᠲᠥᠪ ᠬᠣᠷᠢᠶ᠎ᠠ  ᠵᠢᠨ  ᠲᠠᠪᠤᠳᠤᠭᠠᠷ ᠪᠦᠬᠦᠳᠠ ᠬᠤᠷᠠᠯ ᠪᠣᠯᠣᠨ ᠶᠡᠷᠦᠩᠬᠡᠢ ᠱᠦᠵᠢ  ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠢᠯ᠎ᠦᠨ ᠡᠴᠦᠰ ᠤᠨ᠎ᠤ ᠡᠬᠢᠨ᠎ᠦ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠂ ᠠᠵᠤ ᠠᠬᠤᠢ᠎ᠶᠢᠨ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠢᠰᠢ ᠬᠦᠭᠵᠢᠬᠦ ᠵᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ᠂ ᠨᠠᠮ᠎ᠤᠨ ᠬᠣᠷᠢᠶ᠎ᠠ ᠵᠢᠨ ᠡᠳ᠋᠎ᠦᠨ ᠵᠠᠰᠠᠭ ᠠᠵᠤ ᠠᠬᠤᠢ᠎ᠶᠢᠨ ᠬᠣᠷᠢᠶ᠎ᠠ ᠵᠢᠨ ᠳᠡᠳ᠋ ᠡᠷᠬᠢᠯᠡᠭᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ ᠵᠢᠨ ᠱᠦᠵᠢ ᠱᠢ ᠭᠤᠸᠠᠩ ᠬᠣᠶ᠂ ᠬᠣᠯᠪᠣᠭᠳᠠᠯ ᠪᠦᠬᠦᠢ ᠮᠤᠵᠢ᠎ᠶᠢᠨ ᠲᠠᠰ᠎ᠤᠨ ᠤᠳᠤᠷᠢᠳᠤᠯᠭ᠎ᠠ ᠬᠤᠷᠠᠯ᠎ᠳᠤ ᠣᠷᠣᠯᠴᠠᠵᠠᠢ᠃

ᠬᠤᠷᠠᠯ ᠡᠴᠡ᠂ ᠡᠨᠡ ᠵᠢᠯ᠎ᠡᠴᠡ ᠨᠠᠭᠠᠰᠢ᠂ ᠪᠦᠬᠦ ᠣᠷᠣᠨ ᠳᠠᠶᠠᠭᠠᠷ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠠᠲᠤ ᠪᠤᠢ ᠪᠣᠯᠭᠠᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ᠎ᠶᠢᠨ ᠡᠷᠭᠢᠯᠲᠡ ᠲᠣᠭᠲᠠᠭᠤᠨ᠎ᠤ ᠳᠤᠮᠳᠠ ᠠᠬᠢᠯᠳᠠ ᠲᠠᠢ ᠪᠤᠯᠬᠤ᠂ ᠰᠢᠨ᠎ᠡ ᠰᠢᠯᠢᠳᠡᠭ ᠰᠠᠢᠨ ᠲᠡᠢᠰᠢ ᠬᠦᠭᠵᠢᠬᠦ ᠪᠠᠢᠳᠠᠯ᠎ᠢ ᠪᠠᠲᠤᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠵᠢᠱ᠌ᠢᠭᠰᠡᠨ ᠬᠠᠷᠠᠯᠲᠠ᠎ᠪᠠᠨ ᠪᠠᠳᠤ ᠡᠵᠡᠮᠳᠡᠵᠤ᠂ ᠳᠠᠪᠠᠭᠤᠯᠢᠭ ᠵᠢᠡᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠪᠣᠭᠣᠮᠲᠠ ᠰᠢᠪᠲᠤᠯᠬᠤ ᠡᠷᠴᠢ ᠵᠣᠷᠢᠭ᠋᠎ᠢᠶᠠᠷ ᠬᠣᠶᠠᠷ ᠰᠠᠷ᠎ᠠ ᠰᠢᠢᠳᠪᠦᠷᠢᠲᠦ ᠳᠠᠢᠯᠠᠯᠳᠤᠭᠠᠨ ᠬᠢᠵᠦ᠂ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠡᠭᠦᠷᠭᠡ᠎ᠪᠡᠨ ᠪᠡᠶᠡᠯᠡᠭᠦᠯᠬᠦ᠎ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃

ᠬᠤᠷᠠᠯ ᠡᠴᠡ᠂ ᠪᠦᠲᠦᠮᠵᠢᠲᠡᠢ ᠪᠡᠯᠡ ᠣᠷᠣᠭᠤᠯᠤᠯᠲᠠ᠎ᠶᠢ ᠪᠦᠬᠦ ᠬᠦᠴᠦᠨ᠎ᠢᠶᠡᠷ ᠵᠢᠡᠨ ᠥᠷᠭᠡᠳᠬᠡᠵᠦ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠣᠯᠣᠨ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ᠎ᠶᠢ ᠶᠡᠬᠡ᠎ᠪᠡᠷ ᠠᠳᠬᠤᠵᠤ᠂ ᠲᠦᠷᠦᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠬᠠᠮᠳᠤᠷᠠᠨ ᠬᠢᠨᠠᠵᠤ ᠬᠠᠮᠳᠤᠷᠠᠨ ᠵᠥᠪᠰᠢᠶᠡᠷᠡᠬᠦ ᠲᠣᠭᠲᠠᠴᠠ᠎ᠶᠢ ᠰᠠᠢᠲᠤᠷ ᠬᠡᠷᠡᠭᠯᠡᠵᠦ᠂ 《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ》᠂ 《ᠵᠢᠷᠭᠤᠭᠠᠨ ᠲᠣᠣᠷ》 ᠵᠡᠷᠭᠡ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠦᠢᠯᠡᠳᠬᠦ ᠦᠢᠯᠡᠰ᠎ᠦᠨ ᠪᠡᠯᠡ ᠣᠷᠣᠭᠤᠯᠤᠯᠲᠠ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠭᠡᠷ ᠭᠠᠵᠠᠷ᠎ᠤᠨ ᠬᠥᠷᠥᠩᠭᠡ᠎ᠶᠢᠨ ᠵᠠᠬ᠎ᠠ ᠳᠡᠯᠭᠡᠭᠦᠷ᠎ᠢ ᠴᠢᠷᠮᠠᠢᠨ ᠲᠣᠭᠲᠠᠪᠤᠷᠢᠵᠢᠭᠤᠯᠬᠤ ᠬᠡᠷᠡᠭᠲᠡᠢ᠃ ᠦᠢᠯᠡᠴᠢᠯᠡᠭᠡᠨ᠎ᠦ ᠦᠢᠯᠡᠰ ᠪᠠ ᠬᠡᠷᠡᠭᠯᠡᠭᠡᠨ᠎ᠦ ᠳᠠᠯᠳᠠ ᠬᠦᠴᠦᠨ᠎ᠢ ᠭᠦᠢᠴᠡᠳ ᠠᠭᠤᠳᠠᠯᠵᠤ᠂ ᠵᠢᠵᠢᠭᠯᠡᠨ ᠪᠣᠷᠣᠯᠠᠭᠤᠯᠬᠤ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠡᠬᠢ ᠬᠡᠷᠡᠭᠯᠡᠭᠡ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭᠵᠢᠭᠡᠵᠦ᠂ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠣᠯᠠᠨ ᠶᠠᠩᠵᠤᠵᠢᠬᠰᠠᠨ ᠳᠥᠭᠥᠮ ᠦᠵᠡᠬᠦᠯᠬᠦ ᠲᠡᠢᠰᠢ ᠬᠥᠭᠵᠢᠬᠦ᠎ᠶᠢ ᠠᠬᠢᠭᠤᠯᠵᠤ᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠲᠤᠰᠬᠠᠢᠵᠢᠭᠤᠯᠬᠤ ᠪᠠ ᠥᠷᠲᠡᠭ᠎ᠦᠨ ᠬᠡᠯᠬᠢᠶ᠎ᠡ ᠵᠢ ᠳᠡᠭᠡᠳᠦ ᠲᠠᠰ ᠲᠡᠢᠰᠢ ᠤᠷᠲᠤᠳᠬᠠᠬᠤ᠎ᠶᠢ ᠠᠬᠢᠭᠤᠯᠬᠤ ᠬᠡᠷᠡᠭᠲᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠂ ᠠᠮᠢᠳᠤ ᠪᠣᠳᠠᠰ᠎ᠤᠨ ᠦᠢᠯᠡᠳᠬᠦ ᠦᠢᠯᠡᠰ᠂ ᠤᠢᠷ᠎ᠠ ᠣᠭᠲᠠᠷᠭᠤᠢ᠎ᠶᠢᠨ ᠠᠵᠤ ᠠᠬᠤᠢ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠠᠦ᠋ᠲ᠋ᠣ᠋ ᠵᠢᠯᠤᠭᠣᠳᠬᠤ᠂ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ᠎ᠦᠨ ᠠᠯᠺᠣᠣᠯ ᠵᠡᠷᠭᠡ ᠠᠵᠤ ᠦᠢᠯᠡᠰ᠎ᠢ ᠲᠦᠷᠭᠡᠳᠬᠡᠨ ᠪᠣᠢᠵᠢᠭᠤᠯᠤᠨ ᠪᠤᠵᠠᠭᠠᠢᠷᠠᠭᠤᠯᠵᠤ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠰᠢᠭᠦᠯᠬᠦ᠎ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠰᠠᠢᠲᠤᠷ ᠪᠦᠲᠦᠭᠡᠨ ᠪᠠᠢᠭᠤᠯᠵᠤ᠂ 《 ᠨᠢᠭᠡ ᠪᠦᠰᠡ ᠨᠢᠭᠡ ᠵᠠᠮ 》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠣᠷᠣᠯᠴᠠᠵᠤ᠂ ᠠᠵᠤ ᠠᠬᠤᠢ᠎ᠶᠢᠨ ᠭᠠᠳᠠᠭᠠᠳᠤ ᠠᠷᠠᠯᠵᠢᠶ᠎ᠠ ᠵᠢ ᠲᠦᠰᠢᠯᠴᠡᠬᠦ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ ᠡᠴᠡ᠂ ᠠᠶᠤᠯᠭᠦᠢ ᠦᠢᠯᠡᠳᠪᠦᠷᠢᠯᠡᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠬᠤᠵᠤ᠂ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠵᠠᠰᠠᠭ᠎ᠤᠨ ᠣᠷᠳᠣᠨ᠎ᠤ ᠥᠷᠢ ᠥᠭᠴᠡᠭᠡ᠎ᠶᠢᠨ ᠠᠶᠤᠯ ᠲᠦᠭᠰᠢᠭᠦᠷᠢ᠎ᠶᠢ ᠡᠮᠬᠢ ᠵᠢᠷᠤᠮ᠎ᠲᠠᠢ ᠠᠷᠢᠯᠭᠠᠵᠤ᠂ ᠠᠵᠤ ᠠᠬᠤᠢᠯᠠᠯ ᠳ᠋ᠤ ᠵᠣᠭᠣᠰ ᠥᠷᠢᠲᠦᠵᠦ ᠪᠠᠢᠭ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ᠎ᠤ 《ᠭᠤᠷᠪᠠ᠎ᠶᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠰᠠᠢᠲᠤᠷ ᠬᠡᠷᠡᠭᠵᠢᠭᠦᠯᠵᠦ᠂ ᠡᠪᠦᠯ᠎ᠦᠨ ᠤᠯᠠᠷᠢᠯ᠎ᠤᠨ ᠲᠤᠯᠠᠭᠠᠯᠠᠭ᠎ᠠ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠂ ᠦᠨᠳᠦᠰᠦᠨ ᠵᠦᠢᠯ᠎ᠢ ᠪᠠᠲᠤᠯᠠᠬᠤ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠂ ᠡᠮ ᠡᠮᠨᠡᠯᠬᠡ᠂ ᠰᠤᠷᠭᠠᠨ ᠬᠥᠮᠦᠵᠢᠯ᠂ ᠠᠳᠠᠯ ᠠᠬᠤᠢ ᠵᠢᠨ ᠬᠠᠮᠢᠶᠠᠷᠤᠯᠳᠠ  ᠪᠠ 《ᠥᠲᠡᠭᠦᠰ ᠨᠢᠯᠬᠠᠰ》 ᠵᠡᠷᠭᠡ ᠵᠢᠨ ᠦᠢᠯᠡᠴᠢᠯᠡᠭᠡᠨ᠎ᠦ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠢᠢᠳᠪᠦᠷᠢᠯᠡᠬᠦ ᠠᠵᠢᠯ᠎ᠢ ᠬᠦᠴᠦᠲᠡᠢ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ᠎ᠤ ᠢᠯᠠᠯᠲᠠ᠎ᠶᠢ ᠡᠷᠡᠰ ᠲᠡᠮᠡᠴᠡᠨ ᠣᠯᠬᠤ ᠬᠡᠷᠡᠭᠲᠡᠢ᠃ ᠳᠠᠷᠠᠭ᠎ᠠ ᠵᠢᠯ᠎ᠦᠨ ᠠᠵᠤ ᠠᠬᠤᠢ᠎ᠶᠢᠨ ᠠᠵᠢᠯ᠎ᠢ ᠤᠷᠢᠳᠴᠢᠯᠠᠨ ᠰᠠᠢᠲᠤᠷ ᠲᠥᠯᠥᠪᠵᠢᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠢᠯᠠᠯᠳᠠ᠎ᠲᠠᠢ ᠬᠤᠷᠠᠯᠳᠤᠬᠤ᠎ᠶᠢ ᠤᠭᠲᠤᠬᠤ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠸᠠᠩ ᠪᠸᠨ ᠴᠢᠶᠠᠩ ᠪᠥᠬᠥ ᠣᠷᠣᠨ᠎ᠤ ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠢ᠎ᠶᠢᠨ ᠡᠷᠭᠢᠯᠳᠡ ᠵᠢᠨ ᠪᠠᠢᠳᠠᠯ ᠪᠣᠯᠣᠨ ᠲᠠᠷᠠᠭᠠᠴᠢ᠎ᠶᠢᠨ ᠠᠯᠬᠤᠮ᠎ᠤᠨ ᠠᠵᠢᠯ᠎ᠤᠨ ᠰᠠᠨᠠᠭᠤᠯᠭ᠎ᠠ᠎ᠪᠠᠨ ᠬᠠᠷᠢᠭᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠬᠥᠬᠡᠬᠣᠲᠠ᠂ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠤᠯᠠᠭᠠᠨᠬᠠᠳᠠ ᠬᠣᠲᠠ᠂ ᠣᠷᠳᠣᠰ ᠬᠣᠲᠠ᠂ ᠦᠬᠠᠢ ᠬᠣᠲᠠ᠎ᠶᠢᠨ ᠭᠣᠣᠯ ᠬᠠᠷᠢᠭᠤᠴᠠᠯᠭᠠᠲᠠᠨ ᠨᠥᠬᠥᠳ ᠬᠠᠷᠢᠭᠤ ᠮᠡᠳᠡᠭᠦᠯᠦᠯᠲᠡ ᠬᠢᠪᠡ᠃

ᠬᠤᠷᠠᠯ᠎ᠢ ᠸᠢᠳᠢᠤ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面