ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-01 13:03:51

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠬᠤᠷᠠᠯ᠎ᠢ ᠡᠷᠬᠢᠯᠡᠵᠡᠢ


10 ᠰᠠᠷ᠎ᠠ᠎ᠶᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ  ᠨᠠᠮ᠎ᠤᠨ ᠤᠳᠤᠷᠢᠳᠬᠤ ᠳᠤᠭᠤᠢᠯᠠᠩ᠎ᠤᠨ 166 ᠳ᠋ᠤᠭᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

ᠬᠤᠷᠠᠯ ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠢᠯᠠᠩᠭᠤᠶ᠎ᠠ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠤᠶᠠᠯᠳᠤᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠡᠷᠳᠡᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ ᠬᠡᠷᠡᠭᠲᠡᠢ᠃ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠤᠯᠤᠰ ᠲᠥᠷᠥ᠎ᠶᠢᠨ ᠵᠥᠪᠯᠡᠯᠭᠡᠨ᠎ᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠪᠠ ᠪᠠᠲᠤᠯᠠᠵᠤ᠂ ᠥᠪᠥᠷ ᠮᠣᠩᠭᠣᠯ᠎ᠤᠨ ᠥᠭᠡᠷᠡᠴᠢᠯᠡᠯᠲᠡ ᠬᠥᠭᠵᠢᠯᠲᠡ᠎ᠶᠢᠨ ᠶᠡᠬᠡ ᠲᠠᠯ᠎ᠠ᠎ᠳᠤ ᠨᠠᠩ ᠰᠠᠢᠲᠤᠷ ᠦᠢᠯᠡᠴᠢᠯᠡᠬᠦ ᠬᠡᠷᠡᠭᠲᠡᠢ ᠭᠡᠵᠤ ᠳᠤᠷᠠᠳᠴᠠᠢ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠲᠡᠷᠢᠭᠦᠯᠡᠭᠴᠢᠳ᠎ᠦᠨ ᠬᠤᠷᠠᠯ᠎ᠤᠨ ᠪᠦᠷᠢᠯᠳᠦᠭᠦᠨ ᠬᠤᠷᠠᠯ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面