ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-03 10:42:29

ᠵᠣᠬᠢᠶᠠᠭ᠍ᠴᠢ᠄ ​ ᠰᠦᠩ ᠱᠤᠸᠠᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠂ ᠵᠠᠰᠠᠭ᠎ᠤᠨ ᠣᠷᠳᠣᠨ᠎ᠤ ᠰᠢᠰᠲᠧᠮ ᠤ᠋ᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠪᠣᠯ ᠮᠠᠨ᠎ᠤ ᠤᠯᠤᠰ᠎ᠤᠨ ᠬᠥᠭᠵᠢᠯᠲᠡ᠎ᠶᠢᠨ ᠴᠢᠬᠤᠯᠠ ᠵᠠᠩᠭᠢᠯᠠᠭ᠎ᠠ ᠵᠢᠨ ᠴᠡᠭ ᠲᠤ᠌ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷ᠎ᠡ ᠬᠢᠭᠰᠡᠨ ᠠᠵᠢᠯ᠎ᠤᠨ ᠢᠯᠡᠳᠬᠡᠯ ᠪᠣᠯᠣᠨ ᠴᠢᠬᠤᠯᠠ ᠶᠠᠷᠢᠶ᠎ᠠ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠡᠴᠡ ᠨᠠᠭᠠᠰᠢᠬᠢ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠣᠯᠣᠭᠰᠠᠨ ᠰᠢᠨ᠎ᠡ ᠠᠮᠵᠢᠯᠲᠠ ᠪᠦᠲᠦᠮᠵᠢ᠎ᠶᠢ ᠪᠥᠬᠥ ᠲᠠᠯ᠎ᠠ᠎ᠪᠠᠷ ᠳ᠋ᠦᠩᠨᠡᠵᠦ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠡᠯ᠎ᠡ ᠲᠠᠯ᠎ᠠ᠎ᠶᠢᠨ ᠠᠵᠢᠯ᠎ᠢ ᠰᠠᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠦᠬᠦᠳᠡ ᠬᠤᠷᠠᠯ ᠡᠴᠡ ᠬᠢᠨᠠᠨ ᠵᠥᠪᠯᠡᠵᠦ ᠪᠠᠲᠤᠯᠠᠭᠰᠠᠨ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠂ ᠰᠢᠨ᠎ᠡ ᠠᠶᠠᠨ᠎ᠳᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ᠎ᠳᠤ ᠲᠤᠢᠯ᠎ᠤᠨ ᠴᠢᠬᠤᠯᠠ ᠦᠢᠯᠡᠳᠦᠯ ᠦᠵᠡᠭᠦᠯᠬᠦ ᠨᠢ ᠯᠠᠪᠲᠠᠢ ᠶᠤᠮ᠃ ᠵᠠᠰᠠᠭ᠎ᠤᠨ ᠣᠷᠳᠣᠨ᠎ᠤ ᠰᠢᠰᠲᠧᠮ᠎ᠦᠨ ᠬᠢᠨ ᠤᠬᠠᠮᠰᠠᠷ ᠡᠴᠡ᠎ᠪᠠᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠡᠷᠡ ᠶᠣᠰᠣᠭᠠᠷ ᠨᠢ ᠰᠠᠢᠲᠤᠷ ᠠᠳᠬᠤᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠯᠠᠭᠠᠬᠤ᠂ ᠦᠷ᠎ᠠ ᠪᠦᠲᠦᠮᠵᠢ ᠭᠠᠷᠭᠠᠬᠤ ᠳᠡᠭᠡᠷ᠎ᠠ ᠬᠦᠴᠦ ᠤᠷᠤᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃       

ᠬᠤᠷᠠᠯ ᠡᠴᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠎ᠶᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠪᠦᠬᠦ ᠶᠠᠪᠤᠴᠠ᠎ᠳᠤ ᠲᠤᠭᠤᠰᠢᠯᠠᠭᠤᠯᠵᠤ᠂ ᠤᠬᠠᠮᠰᠠᠷ ᠡᠴᠡ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠳᠣᠣᠷ᠎ᠠ ᠠᠵᠢᠯ᠎ᠢᠶᠠᠨ ᠥᠷᠨᠢᠭᠦᠯᠵᠦ᠂ ᠠᠷᠠᠳᠴᠢᠯᠠᠯ ᠲᠥᠪᠯᠡᠷᠡᠯ᠎ᠦᠨ ᠶᠣᠰᠣ᠌ ᠪᠣᠯᠣᠨ ᠤᠳᠤᠷᠢᠳᠬᠤ ᠪᠠᠭ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢ ᠳ᠋ᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ ᠪᠣᠯᠣᠨ 《ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠶ᠋ᠢ ᠴᠢᠩᠭ᠎ᠠ ᠪᠣᠳᠠᠳᠠᠢᠵᠢᠭᠤᠯᠵᠤ᠂ ᠠᠷᠢᠭᠤᠨ ᠴᠢᠬᠡᠴᠢ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢ ᠭᠦᠨᠵᠡᠭᠡᠢᠷᠡᠬᠦᠯᠦᠨ ᠠᠬᠢᠭᠤᠯᠵᠤ᠂ ᠡᠨᠧᠷᠭᠢ᠎ᠶᠢᠨ ᠡᠬᠢ ᠪᠠᠶᠠᠯᠢᠭ᠋᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠲᠦᠷᠦᠯ ᠵᠦᠢᠯ᠎ᠢ ᠬᠢᠨᠠᠨ ᠵᠥᠪᠰᠢᠶᠡᠷᠡᠬᠦ᠂ ᠪᠡᠯᠡ ᠮᠥᠩᠭᠥ ᠵᠢ ᠬᠤᠪᠢᠶᠠᠷᠢᠯᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠣᠯᠣᠨ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠩᠬᠠᠷᠴᠤ᠂ ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠰᠠᠢᠲᠤᠷ ᠠᠳᠬᠤᠵᠤ᠂ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ ᠪᠣᠯᠣᠨ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠢᠩᠭ᠎ᠠ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠬᠤ ᠬᠡᠷᠡᠭᠳᠠᠢ᠃ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭᠰᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠵᠢᠴᠢ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠡᠭᠦᠷᠭᠡ ᠬᠠᠷᠢᠭᠤᠴᠠᠯᠭ᠎ᠠ ᠵᠢ ᠪᠠᠳᠤ ᠡᠵᠡᠮᠳᠡᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠠᠵᠤ ᠠᠬᠤᠢ᠎ᠶᠢᠨ ᠡᠷᠭᠢᠯᠳᠡ᠂ ᠠᠵᠤ ᠦᠢᠯᠡᠰ᠎ᠦᠨ ᠬᠥᠭᠵᠢᠯᠲᠡ᠂ ᠠᠮᠢ ᠠᠬᠤᠢ᠎ᠶᠢᠨ ᠬᠠᠮᠠᠭᠠᠯᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠨᠡᠢᠭᠡᠮ᠎ᠦᠨ ᠵᠠᠰᠠᠯᠲᠠ᠂ ᠠᠶᠤᠯᠭᠦᠢ ᠦᠢᠯᠡᠳᠪᠦᠷᠢᠯᠡᠯ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠵᠤ ᠭᠠᠮᠰᠢᠭ᠋ ᠡᠴᠡ ᠠᠪᠤᠷᠠᠬᠤ᠂ ᠢᠳᠡᠭᠡᠨ ᠪᠠ ᠡᠮ᠎ᠦᠨ ᠵᠦᠢᠯᠡᠰ᠎ᠦᠨ ᠠᠮᠤᠷ ᠲᠦᠪᠰᠢᠨ ᠪᠤᠯᠤᠨ ᠨᠡᠢᠭᠡᠮ᠎ᠦᠨ ᠲᠣᠭᠲᠠᠭᠤᠨ ᠵᠡᠷᠭᠡ ᠠᠵᠢᠯ ᠢ᠋ ᠯᠠᠪᠳᠠᠭᠤᠨ ᠪᠠᠳᠤᠳᠠᠢ ᠰᠠᠢᠳᠤᠷ ᠬᠢᠵᠤ᠂ ᠪᠦᠬᠦ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠬᠦᠴᠦᠯᠡᠨ ᠪᠡᠶᠡᠯᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃

ᠬᠤᠷᠠᠯ ᠡᠴᠡ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠦᠨ ᠬᠠᠮᠢᠶᠠᠷᠤᠯᠲᠠ᠎ᠶᠢ ᠵᠢᠷᠤᠮᠵᠢᠭᠤᠯᠬᠤ ᠲᠤᠬᠠᠢ ᠲᠣᠭᠲᠠᠭᠠᠯ᠎ᠤᠳ》 ᠢ᠋ ᠬᠢᠨᠠᠨ ᠵᠥᠪᠯᠡᠵᠦ ᠪᠠᠲᠤᠯᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ᠎ᠶᠢᠨ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠳᠦᠷᠢᠮ (ᠲᠥᠰᠥᠯ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠬᠤ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ᠎ᠶᠢᠨ ᠠᠮᠢᠳᠤᠷᠠᠯ᠎ᠤᠨ ᠬᠣᠭ ᠨᠣᠪᠰᠢ᠎ᠶᠢᠨ ᠬᠠᠮᠢᠶᠠᠷᠤᠯᠲᠠ᠎ᠶᠢᠨ ᠳᠦᠷᠢᠮ〉 ᠢ᠋ ᠬᠦᠴᠦᠨ ᠦᠭᠡᠢ ᠪᠣᠯᠭᠠᠬᠤ᠎ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ (ᠲᠥᠰᠥᠯ)》 ᠪᠣᠯᠣᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠬᠦ ᠲᠤᠬᠠᠢ ᠶᠢᠰᠦᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢ ᠰᠤᠳᠤᠯᠪᠠ᠃

ᠬᠤᠷᠠᠯ ᠡᠴᠡ ᠪᠠᠰᠠ ᠪᠤᠰᠤᠳ ᠵᠦᠢᠯ᠎ᠢ ᠰᠤᠳᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面