2026-11-04 11:10:31
ᠰᠦᠶ ᠴᠢᠩ ᠶᠠᠷᠢᠶ᠎ᠠ ᠲᠠᠯᠪᠢᠵᠤ ᠠᠨ ᠷᠦᠨ ᠱᠧᠩ ᠪᠠᠶ᠋ᠢᠳᠠᠯ᠎ᠢ ᠲᠠᠨᠢᠯᠴᠠᠭᠤᠯᠪᠠ
11 ᠰᠠᠷ᠎ᠠ᠎ᠶᠢᠨ 3 ᠤ᠋ ᠡᠳᠦᠷ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ᠎ᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠰᠦᠶ ᠴᠢᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠲᠡᠷᠢᠭᠦᠯᠡᠭᠴᠢ ᠠᠨ ᠷᠦᠨ ᠱᠧᠩ ᠬᠠᠮᠢᠶ᠎ᠠ ᠪᠥᠬᠥᠶ ᠠᠵᠢᠯ᠎ᠤᠨ ᠪᠠᠶ᠋ᠢᠳᠠᠯ᠎ᠢ ᠲᠠᠨᠢᠯᠴᠠᠭᠤᠯᠪᠠ᠃ ᠬᠤᠷᠠᠯ᠎ᠡᠴᠡ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯᠳᠠᠨ ᠤ᠋ ᠲᠥᠯᠥᠭᠡᠯᠡᠭᠴᠢᠳ᠎ᠦᠨ ᠰᠠᠨᠠᠯ ᠰᠠᠨᠠᠭᠤᠯᠭ᠎ᠠ᠎ᠶᠢ ᠨᠢᠭᠤᠷᠳᠠᠨ ᠰᠣᠨᠣᠰᠪᠠ᠃
ᠰᠦᠶ ᠴᠢᠩ᠂ ᠥᠷᠭᠡᠨ ᠣᠯᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠲᠥᠯᠥᠭᠡᠯᠡᠭᠴᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠨᠠᠷᠢᠨ ᠣᠶ᠋ᠢᠯᠠᠭᠠᠵᠤ᠂ ᠬᠠᠮᠲᠤ᠎ᠶᠢᠨ ᠲᠠᠨᠢᠯᠲᠠ᠎ᠪᠠᠨ ᠲᠠᠰᠤᠷᠠᠯᠲᠠ ᠥᠬᠡᠶ ᠨᠡᠮᠡᠭᠳᠡᠭᠦᠯᠵᠦ᠂ ᠢᠲᠡᠭᠡᠯ ᠵᠣᠷᠢᠭ᠎ᠢᠶᠠᠨ ᠨᠡᠮᠡᠭᠳᠡᠭᠦᠯᠵᠦ᠍᠂ ᠠᠵᠢᠯᠯᠠᠬᠤ ᠡᠷᠴᠢ ᠵᠣᠷᠢᠭ᠎ᠢᠶᠠᠨ ᠨᠡᠮᠡᠭᠳᠡᠭᠦᠯᠵᠦ᠂ ᠠᠵᠤ ᠠᠬᠤᠶ᠋ᠢᠯᠠᠯ᠎ᠤᠨ ᠰᠢᠨ᠎ᠡ᠎ᠶᠢ ᠡᠭᠦᠳᠬᠦ᠌ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠦᠷᠭᠦᠯᠵᠢᠯᠡᠨ ᠴᠢᠩᠭᠠᠳᠬᠠᠵᠤ᠂ ᠣᠲᠣ ᠦᠶ᠎ᠡ᠎ᠶᠢᠨ ᠠᠵᠤ ᠠᠬᠤᠶ᠋ᠢᠯᠠᠯ᠎ᠤᠨ ᠲᠦᠷᠢᠮ᠎ᠢ ᠲᠡᠭᠦᠯᠳᠡᠷᠵᠢᠭᠦᠯᠦᠨ᠂ ᠵᠠᠰᠠᠭ᠎ᠤᠨ ᠣᠷᠳᠣᠨ ᠪᠠ ᠬᠤᠳᠠᠯᠳᠤᠭᠠᠨ᠎ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ᠎ᠶᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠶ᠃ ᠡᠯ᠎ᠡ ᠱᠠᠲᠤᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠵᠣᠬᠢᠶᠠᠨ ᠪᠠᠶ᠋ᠢᠭᠤᠯᠤᠯᠲᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠰᠠᠶ᠋ᠢᠲᠤᠷ ᠪᠠᠳᠠᠷᠠᠭᠤᠯᠵᠤ᠂ 《ᠨᠡᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠡᠷᠡᠭᠦᠯ ᠵᠢᠡᠷ ᠬᠦᠭᠵᠢᠬᠦ ᠪᠠ ᠨᠡᠢᠲᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠬᠦᠮᠦᠰ᠎ᠤᠨ ᠡᠷᠡᠭᠦᠯ ᠵᠢᠡᠷ ᠦᠰᠦᠨ ᠪᠤᠢᠵᠢᠬᠤ》 ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ ᠭᠡᠵᠦ᠍ ᠵᠢᠭᠠᠵᠤ ᠭᠠᠷᠭᠠᠪᠠ᠃
ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯᠲᠠᠨ᠎ᠤ 8 ᠲᠥᠯᠥᠭᠡᠯᠡᠭᠴᠢ ᠰᠠᠨᠠᠯ᠎ᠢᠶᠠᠨ ᠰᠣᠯᠢᠯᠴᠠᠬᠤ ᠦᠭᠡ ᠬᠡᠯᠡᠵᠠᠢ᠃
ᠬᠤᠷᠠᠯ᠎ᠡᠴᠡ ᠡᠮᠦᠨ᠎ᠡ᠂ ᠰᠦᠢ ᠴᠢᠩ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠪᠠᠶ᠋ᠢᠭᠤᠯᠭ᠎ᠠ᠎ᠳᠤ ᠬᠦᠷᠴᠦ᠍ ᠲᠤᠭᠤᠷᠢᠨ ᠦᠵᠡᠵᠤ ᠪᠠᠶ᠋ᠢᠴᠠᠭᠠᠨ ᠰᠤᠳᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃